3 ᠳ᠋ᠤᠭᠠᠷ ᠰᠠᠷ᠎ᠠ ᠶᠢᠨ 16 ᠤ ᠡᠳᠦᠷ᠂ ᠭᠤᠷᠪᠠᠨ ᠡᠳᠦᠷ ᠤᠨ ᠬᠤᠭᠤᠴᠠᠭ᠎ᠠ ᠲᠠᠢ 2021 ᠣᠨ ᠤ 28 | ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ | ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠪᠡ᠃ ᠲᠤᠰ ᠤᠳᠠᠭᠠᠨ ᠤ | ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ ᠲᠠᠷᠢᠶᠠᠯᠠᠩ ᠤᠨ ᠬᠡᠷᠡᠭᠰᠡᠯ᠂ ᠤᠰᠤ ᠠᠷᠪᠢᠯᠠᠬᠤ | ᠤᠰᠤᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠴᠢᠬᠢ ᠮᠣᠳᠣ ᠴᠡᠴᠡᠭ ᠬᠤᠸᠠᠷ᠂ ᠲᠠᠷᠢᠶᠠᠯᠠᠩ ᠣᠢ | ᠰᠢᠭᠤᠢ ᠶᠢᠨ ᠪᠦᠲᠦᠭᠡᠭᠳᠡᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠵᠢᠷᠭᠤᠭᠠᠨ ᠶᠡᠭᠡ ᠦᠵᠡᠭᠦᠯᠭᠡ ᠶᠢᠨ | ᠲᠣᠭᠤᠷᠢᠭ ᠲᠣᠬᠢᠷᠠᠭᠤᠯᠵᠤ᠂ ᠪᠦᠲᠦᠭᠡᠭᠳᠡᠬᠦᠨ ᠨᠢ ᠲᠠᠷᠢᠶᠠᠯᠠᠩ ᠮᠠᠯ ᠠᠵᠤ ᠠᠬᠤᠢ ᠶᠢᠨ ᠲᠠᠷᠢᠵᠤ ᠲᠡᠵᠢᠭᠡᠬᠦ | ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠬᠤᠯᠪᠣᠭᠳᠠᠵᠠᠢ᠃ ᠢᠯᠠᠩᠭᠤᠶ᠎ᠠ ᠣᠯᠠᠨ ᠣᠯᠠᠨ ᠳᠡᠭᠡᠳᠦ ᠰᠢᠨ᠎ᠡ | ᠮᠡᠷᠭᠡᠵᠢᠯ ᠪᠠ ᠲᠤᠰᠬᠠᠶ ᠠᠰᠢᠭ ᠤᠨ ᠮᠡᠷᠭᠡᠵᠢᠯ ᠬᠥᠮᠥᠰ ᠤᠨ ᠠᠩᠬᠠᠷᠤᠯ ᠢ ᠶᠡᠬᠡᠳᠡ ᠲᠠᠲᠠᠵᠤ᠂ ᠡᠯᠡᠰᠦᠨ ᠳᠡᠭᠡᠷ᠎ᠡ | ᠤᠰᠤ ᠬᠡᠷᠡᠭᠯᠡᠬᠦ ᠦᠭᠡᠢ ᠪᠠᠷ ᠲᠠᠷᠢᠬᠤ ᠮᠡᠷᠭᠡᠵᠢᠯ᠂ ᠣᠯᠠᠨ ᠬᠡᠷᠡᠭᠴᠡᠭᠡᠲᠦ ᠠᠮᠢ ᠠᠬᠤᠢ ᠶᠢᠨ ᠪᠣᠷᠳᠣᠭᠤᠷ᠂ ᠥᠨᠳᠥᠷ | ᠤᠨᠠᠯᠲᠠ ᠲᠠᠢ ᠡᠷᠳᠡᠨᠢ ᠰᠢᠰᠢ ᠶᠢᠨ ᠦᠷ᠎ᠡ᠂ ᠰᠢᠷᠤᠢ ᠬᠡᠷᠡᠭᠯᠡᠬᠦ ᠦᠭᠡᠢ ᠪᠠᠷ ᠪᠤᠶᠢᠵᠢᠭᠤᠯᠬᠤ᠂ ᠲᠠᠷᠢᠶᠠᠯᠠᠭ᠎ᠠ ᠳᠤ | ᠬᠡᠷᠡᠭᠯᠡᠬᠦ ᠵᠢᠯᠣᠭᠤᠴᠢ ᠦᠭᠡᠢ ᠨᠢᠰᠬᠡᠯ ᠵᠡᠷᠭᠡ ᠳᠡᠭᠡᠳᠦ ᠰᠢᠨᠵᠢᠯᠡᠬᠦ ᠮᠡᠷᠭᠡᠵᠢᠯ ᠤᠨ ᠪᠦᠲᠦᠭᠡᠭᠳᠡᠬᠦᠨ ᠦᠵᠡᠰᠬᠦᠯᠡᠩ ᠤᠨ | ᠴᠤᠭᠯᠠᠭᠠᠨ ᠳᠡᠭᠡᠷ᠎ᠡ ᠬᠥᠮᠥᠰ ᠤᠨ ᠠᠩᠬᠠᠷᠤᠯ ᠢ ᠶᠡᠬᠡᠳᠡ ᠲᠠᠲᠠᠵᠠᠢ᠃ ᠰᠤᠷᠪᠤᠯᠵᠢᠯᠠᠭᠴᠢ ᠮᠢᠶᠥᠥ ᠴᠢᠩ | ᠰᠡᠭᠦᠳᠡᠷᠯᠡᠪᠡ | |