ᠬᠡᠷ ᠪᠠᠶᠢᠰᠢᠩ ᠤᠨ ᠦᠮᠴᠢᠯᠡᠯ ᠤᠨ ᠡᠷᠬᠡ ᠪᠠ ᠤᠰᠤ ᠴᠠᠬᠢᠯᠭᠠᠨ ᠰᠢᠲᠠᠮᠠᠬᠠᠢ ᠬᠡᠢ ᠶᠢ ᠵᠡᠷᠬᠡ ᠪᠠᠷ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠡᠬᠢᠯᠡᠪᠡ
ᠨᠡᠶᠢᠲᠡᠯᠡᠭᠰᠡᠨ ᠴᠠᠭ᠄
2021/3/3
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠲᠦᠷᠦᠬᠦᠬᠡᠨ ᠬᠥᠬᠡᠬᠤᠲᠠ ᠶᠢᠨ ᠬᠡᠰᠡᠭ ᠦᠯᠦ ᠬᠦᠳᠡᠯᠬᠦ ᠬᠦᠷᠦᠩᠬᠡ  ᠶᠢᠨ ᠲᠠᠩᠰᠠᠯᠠᠯᠳᠠ ᠶᠢᠨ ᠲᠢᠩᠬᠢᠮ ᠳᠤ ᠬᠠᠭᠤᠴᠢᠨ ᠬᠡᠷ ᠪᠠᠶᠢᠰᠢᠩ ᠢ ᠠᠷᠠᠯᠵᠢᠶᠠᠯᠠᠬᠤ ᠳᠤ ᠬᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ ᠴᠠᠬᠢᠯᠭᠠᠨ᠂  ᠰᠢᠲᠠᠮᠠᠬᠠᠢ ᠬᠡᠢ ᠶᠢ ᠵᠡᠷᠬᠡ ᠪᠠᠷ ᠠᠰᠠᠷ ᠪᠠᠶᠢᠰᠢᠩ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠡᠬᠢᠯᠡᠭᠰᠡᠨ ᠪᠠᠶᠢᠨ᠎ᠠ᠃     ᠤᠳᠤᠬᠠᠨ ᠳᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠵᠡᠷᠬᠡ ᠪᠠᠷ ᠭᠡᠷ ᠪᠠᠶᠢᠰᠢᠩ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠲᠡᠶᠢᠯᠬᠦ ᠪᠤᠯᠤᠬᠰᠠᠨ ᠬᠦᠬᠡᠬᠤᠳᠠ ᠶᠢᠨ ᠦᠯᠦ ᠬᠦᠳᠡᠯᠬᠦ ᠬᠦᠷᠦᠩᠬᠡ ᠶᠢᠨ ᠲᠠᠩᠰᠠᠯᠠᠯᠳᠠ ᠶᠢᠨ ᠲᠢᠩᠬᠢᠮ ᠳᠤ᠂ ᠬᠡᠷ ᠪᠠᠶᠢᠰᠢᠩ ᠬᠤᠳᠠᠯᠳᠤᠬᠴᠢ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠨ ᠬᠤᠳᠠᠯᠳᠤᠨ ᠠᠪᠤᠬᠴᠢ ᠳᠤ ᠰᠢᠯᠵᠢᠬᠦᠯᠦᠭᠰᠡᠨ ᠤ ᠳᠠᠷᠠᠭ᠎ᠠ᠂ ᠲᠠᠷᠤᠢ ᠳᠤᠨᠢ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠲᠡᠶᠢᠯᠬᠦ ᠪᠤᠯᠵᠠᠢ᠃ ᠬᠠᠷᠢᠨ ᠦᠩᠬᠡᠷᠡᠭᠰᠡᠨ ᠳᠤ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢ ᠬᠤᠳᠠᠯᠳᠤᠨ ᠠᠪᠤᠬᠴᠢ ᠳᠤ ᠰᠢᠯᠵᠢᠬᠦᠯᠦᠭᠰᠡᠨ ᠤ ᠳᠠᠷᠠᠭ᠎ᠠ᠂ ᠪᠠᠰᠠ ᠵᠠᠪᠠᠯ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠰ ᠲᠤᠰ ᠬᠦᠷᠴᠤ ᠬᠠᠮᠢᠶ᠎ᠠ ᠪᠦᠬᠦᠢ ᠬᠤᠪᠢᠷᠠᠭᠤᠯᠬᠤ ᠭᠠᠷᠳᠠᠮ ᠢ ᠬᠦᠢᠴᠡᠳᠬᠡᠬᠦ ᠴᠢᠬᠤᠯᠠᠲᠠᠢ ᠪᠠᠶᠢᠪᠠ᠃ ︽ᠨᠢᠬᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠬᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠂ ᠤᠯᠠᠨ ᠲᠦᠮᠡᠨ ᠤ ᠶᠠᠪᠤᠳᠠᠯ ᠬᠦᠢᠴᠡᠳᠬᠡᠬᠦ ᠳᠤ ᠨᠡᠩ ᠶᠡᠭᠡ ᠳᠥᠭᠦᠮ ᠦᠵᠡᠭᠦᠯᠬᠦ ᠶᠢᠨ ᠲᠦᠯᠦᠬᠡ᠂ ᠬᠥᠬᠡᠬᠤᠲᠠ ᠡᠯ᠎ᠡ ᠰᠠᠯᠠᠭ᠎ᠠ ᠮᠥᠴᠢᠷ ᠤᠨ ᠡᠬᠢ ᠪᠠᠶᠠᠯᠢᠭ ᠢᠶᠠᠨ ᠨᠡᠶᠢᠳᠬᠡᠵᠦ᠂ ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠢᠩᠬᠢᠮ ᠳᠤ ᠤᠷᠤᠭᠤᠯᠤᠨ ᠠᠪᠴᠢᠷᠠᠵᠦ᠂ ᠤᠯᠠᠨ ᠲᠦᠮᠡᠨ ᠤ ᠬᠠᠭᠤᠴᠢᠨ ᠬᠡᠷ ᠪᠠᠶᠢᠰᠢᠩ ᠠᠷᠠᠯᠵᠢᠶᠠᠯᠠᠬᠤ ᠳᠤ ᠭᠡᠷ ᠪᠠᠶᠢᠰᠢᠩ ᠤᠨ ᠥᠮᠴᠢᠯᠡᠯ ᠤᠨ ᠡᠷᠬᠡ ᠪᠠᠨ ᠬᠤᠳᠠᠯᠳᠤᠨ ᠠᠪᠤᠬᠴᠢ ᠳᠤ ᠰᠢᠯᠵᠢᠬᠦᠯᠬᠦ ᠶᠢᠨ ᠬᠠᠮᠳᠤ ᠳᠤᠨᠢ᠂ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠬᠤᠳᠠᠯᠳᠤᠨ ᠠᠪᠤᠬᠴᠢ ᠳᠤ ᠰᠢᠯᠵᠢᠬᠦᠯᠬᠦ ᠵᠢᠴᠢ ᠰᠦᠢᠳᠬᠡᠯ ᠲᠤᠰᠢᠶᠠᠬᠤ ᠲᠤᠬᠠᠢᠢᠯᠠᠬᠰᠠᠨ ᠠᠵᠢᠯ ᠢ ᠵᠡᠷᠬᠡ ᠪᠠᠷ ᠬᠦᠢᠴᠡᠳᠬᠡᠬᠦ ᠶᠢ ᠪᠡᠶᠡᠯᠡᠬᠦᠯᠦᠭᠰᠡᠨ ᠪᠠᠶᠢᠨ᠎ᠠ᠃     ᠵᠢᠱᠢᠯᠳᠡ ᠪᠠᠷ᠂ 3 ᠰᠠᠷ᠎ᠠ ᠶᠢᠨ ᠰᠡᠬᠦᠯᠴᠢ ᠪᠣᠯᠲᠠᠯ᠎ᠠ᠂ ᠬᠦᠬᠡᠬᠤᠳᠠ ᠶᠢᠨ ᠡᠯ᠎ᠡ ᠦᠯᠦ ᠬᠦᠳᠡᠯᠬᠦ ᠬᠦᠷᠦᠩᠬᠡ ᠶᠢᠨ ᠲᠠᠩᠰᠠᠯᠠᠯᠳᠠ ᠶᠢᠨ ᠲᠢᠩᠬᠢᠮ ᠤᠨ ᠬᠢᠨ ᠭᠡᠷ ᠪᠠᠶᠢᠰᠢᠩ ᠤᠨ ᠥᠮᠴᠢᠯᠡᠯ ᠤᠨ ᠡᠷᠬᠡ ᠪᠠ ᠤᠰᠤ᠂ ᠴᠠᠬᠢᠯᠭᠠᠨ᠂ ᠰᠢᠲᠠᠮᠠᠬᠠᠢ ᠬᠡᠢ ᠶᠢ ᠵᠡᠷᠭᠡ ᠪᠠᠷ ᠬᠤᠳᠠᠯᠳᠤᠨ ᠠᠪᠤᠬᠴᠢ ᠳᠤ ᠰᠢᠯᠵᠢᠬᠦᠯᠬᠦ ᠲᠤᠬᠠᠢᠢᠯᠠᠬᠰᠠᠨ ᠠᠵᠢᠯ ᠢ ᠬᠦᠢᠴᠡᠳᠬᠡᠬᠦ ᠶᠢ ᠪᠡᠶᠡᠯᠡᠬᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号