ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ᠄ ᠡᠨᠡ ᠵᠢᠯ ᠬᠢᠨᠠᠨ ᠵᠥᠪᠰᠢᠶᠡᠷᠡᠬᠦ ᠠᠰᠢᠭᠯᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/3/3
     ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠸᠠᠩ ᠪᠢᠨ ᠬᠡᠯᠡᠬᠦ ᠳᠡᠭᠡᠨ᠂ ᠡᠨᠡ ᠵᠢᠯ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯ ᠳᠤ ᠬᠠᠨᠳᠤᠭᠤᠯᠤᠨ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠬᠦ ᠠᠰᠢᠭᠯᠠᠮᠵᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠳᠣᠣᠷ᠎ᠠ ᠨᠡᠶᠢᠭᠡᠮ ᠨᠡᠶᠢᠲᠡ ᠳᠤ ᠳᠣᠣᠷᠠᠬᠢ ᠮᠡᠲᠦ ᠠᠮᠠᠯᠠᠶ᠎ᠠ᠄     ᠨᠢᠭᠡᠳᠦᠭᠡᠷ ᠲᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠬᠢᠨᠠᠨ ᠵᠥᠪᠰᠢᠶᠡᠷᠡᠬᠦ ᠬᠤᠭᠤᠴᠠᠭ᠎ᠠ ᠶᠢ 1 ᠠᠵᠢᠯ ᠤᠨ ᠡᠳᠦᠷ ᠪᠣᠯᠲᠠᠯ᠎ᠠ ᠪᠠᠭᠠᠰᠬᠠᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠭᠰᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠨ᠂ ᠲᠥᠷᠥᠯ ᠵᠦᠢᠯ ᠤᠨ ᠨᠢᠭᠡᠴᠡ ᠰᠦᠯᠵᠢᠶᠡᠨ ᠳᠡᠭᠡᠷ᠎ᠡ ᠮᠡᠳᠡᠭᠦᠯᠦᠨ ᠭᠤᠶᠤᠴᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤ ᠪᠠᠷ ᠨᠢᠭᠡᠳᠦᠯᠲᠡᠢ ᠬᠦᠯᠢᠶᠡᠨ ᠠᠪᠴᠤ᠂ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠬᠢᠨᠠᠨ ᠵᠥᠪᠰᠢᠶᠡᠷᠡᠬᠦ ᠶᠢ 1 ᠠᠵᠢᠯ ᠤᠨ ᠡᠳᠦᠷ ᠳᠣᠲᠣᠷ᠎ᠠ ᠭᠦᠢᠴᠡᠳᠬᠡᠨ᠎ᠡ᠃     ᠬᠤᠶᠠᠳᠤᠭᠠᠷ ᠲᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠤᠨ ᠬᠡᠷᠡᠭᠵᠢᠭᠦᠯᠬᠦ ᠪᠣᠯᠬᠤ ᠴᠢᠨᠠᠷ ᠤᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ ᠬᠤᠭᠤᠴᠠᠭ᠎ᠠ ᠶᠢ 3 ᠠᠵᠢᠯ ᠤᠨ ᠡᠳᠦᠷ ᠪᠣᠯᠲᠠᠯ᠎ᠠ ᠪᠠᠭᠠᠰᠬᠠᠨ᠎ᠠ᠃ ᠲᠥᠷᠥᠯ ᠵᠦᠢᠯ ᠤᠨ ᠨᠢᠭᠡᠴᠡ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠤᠨ ᠴᠣᠬᠤᠯᠠᠪᠤᠷᠢ ᠶᠢ ᠣᠯᠣᠭᠰᠠᠨ ᠤ ᠳᠠᠷᠠᠭ᠎ᠠ᠂ ᠤᠷᠢᠳᠴᠢᠯᠠᠨ ᠲᠥᠷᠥᠯ ᠵᠦᠢᠯ ᠤᠨ ᠨᠢᠭᠡᠴᠡ ᠶᠢ ᠵᠢᠯᠣᠭᠤᠳᠤᠨ ᠱᠠᠭᠠᠷᠳᠠᠯᠭ᠎ᠠ ᠶᠢ ᠪᠠᠷᠢᠮᠲᠠᠯᠠᠨ ᠬᠡᠷᠡᠭᠵᠢᠭᠦᠯᠬᠦ ᠪᠣᠯᠬᠤ ᠴᠢᠨᠠᠷ ᠤᠨ ᠰᠤᠳᠤᠯᠤᠯᠲᠠ ᠶᠢᠨ ᠮᠡᠳᠡᠭᠦᠯᠦᠯᠲᠡ ᠢ ᠨᠠᠶᠢᠷᠠᠭᠤᠯᠬᠤ ᠶᠢᠨ ᠬᠠᠮᠲᠤ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠨ ᠬᠢᠨᠠᠵᠤ᠂ ᠲᠥᠷᠥᠯ ᠵᠦᠢᠯ ᠤᠨ ᠬᠡᠷᠡᠭᠵᠢᠭᠦᠯᠬᠦ ᠪᠣᠯᠬᠤ ᠴᠢᠨᠠᠷ ᠤᠨ ᠰᠤᠳᠤᠯᠤᠯᠲᠠ ᠶᠢᠨ ᠮᠡᠳᠡᠭᠦᠯᠦᠯᠲᠡ ᠶᠢ ᠬᠢᠨᠠᠨ ᠵᠥᠪᠰᠢᠶᠡᠷᠡᠬᠦ ᠶᠢ 3 ᠠᠵᠢᠯ ᠤᠨ ᠡᠳᠦᠷ ᠤᠨ ᠳᠣᠲᠣᠷ᠎ᠠ ᠭᠦᠢᠴᠡᠳᠬᠡᠨ᠎ᠡ᠃     ᠭᠤᠷᠪᠠᠳᠤᠭᠠᠷ ᠲᠤ᠂ 4 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠩᠬᠠᠨ ᠤ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠬᠤᠭᠤᠴᠠᠭ᠎ᠠ ᠶᠢ 3 ᠠᠵᠢᠯ ᠤᠨ ᠡᠳᠦᠷ ᠪᠣᠯᠲᠠᠯ᠎ᠠ ᠪᠠᠭᠠᠰᠬᠠᠨ᠎ᠠ᠃ ᠲᠥᠷᠥᠯ ᠵᠦᠢᠯ ᠤᠨ ᠨᠢᠭᠡᠴᠡ ᠬᠡᠷᠡᠭᠵᠢᠭᠦᠯᠬᠦ ᠪᠣᠯᠬᠤ ᠴᠢᠨᠠᠷ ᠤᠨ ᠰᠤᠳᠤᠯᠤᠯᠲᠠ ᠶᠢᠨ ᠮᠡᠳᠡᠭᠦᠯᠦᠯᠲᠡ ᠶᠢᠨ ᠴᠣᠬᠤᠯᠠᠪᠤᠷᠢ ᠶᠢ ᠣᠯᠣᠭᠰᠠᠨ ᠤ ᠳᠠᠷᠠᠭ᠎ᠠ᠂ ᠵᠡᠷᠭᠡᠴᠡᠭᠦᠯᠦᠨ ᠬᠢᠨᠠᠨ ᠵᠥᠪᠰᠢᠶᠡᠷᠡᠬᠦ ᠠᠷᠭ᠎ᠠ ᠪᠠᠷ᠂ ᠠᠩᠬᠠᠨ ᠤ ᠵᠢᠷᠤᠭ ᠲᠥᠯᠥᠪᠯᠡᠭᠡ ᠶᠢ 3 ᠠᠵᠢᠯ ᠤᠨ ᠡᠳᠦᠷ ᠤᠨ ᠳᠣᠲᠣᠷ᠎ᠠ ᠬᠢᠨᠠᠨ ᠵᠥᠪᠰᠢᠶᠡᠷᠡᠵᠦ ᠳᠠᠭᠤᠰᠬᠠᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号