ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/3/31
     3 ᠰᠠᠷ᠎ᠠ ᠶᠢᠨ 23 ᠤ ᠦᠳᠡ ᠶᠢᠨ ᠡᠮᠦᠨ᠎ᠡ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠴᠤᠸᠠᠨ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠪᠠᠭᠰᠢ ᠵᠧᠩ ᠯᠢ ᠵᠢᠤᠸᠠᠨ ᠢ ᠤᠷᠢᠵᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ   ᠲᠠᠶᠢᠯᠪᠤᠷᠢᠯᠠᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠪᠦᠬᠦ ᠺᠠᠳ᠋ᠷ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠤᠯᠴᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠲᠥᠯᠥᠭᠡᠯᠡᠭᠴᠢ ᠵᠧᠩ ᠯᠢ ᠵᠢᠤᠸᠠᠨ ᠶᠡᠭᠡ ᠬᠤᠷᠠᠯ ᠤᠨ ᠲᠦᠢᠮᠣ ᠪᠠᠶᠢᠳᠠᠯ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠠᠭᠤᠯᠭ᠎ᠠ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠭᠤᠣᠯ ᠠᠭᠤᠯᠭ᠎ᠠ ᠵᠡᠷᠭᠡ ᠲᠠᠯ᠎ᠠ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠲᠤᠰ ᠲᠤᠰ ᠤᠯᠠᠮᠵᠢᠯᠠᠪᠠ᠃ ᠡᠭᠦᠨ ᠤ ᠬᠠᠮᠲᠤ ᠬᠤᠶᠢᠰᠢᠳᠠ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠲᠤᠬᠠᠶ ᠣᠯᠤᠯᠲᠠ ᠲᠥᠷᠥᠭᠳᠡᠯ ᠢᠶᠠᠨ ᠶᠠᠷᠢᠵᠠᠶ᠃      ᠵᠧᠩ ᠯᠢ ᠵᠢᠤᠸᠠᠨ ᠲᠥᠯᠥᠭᠡᠯᠡᠭᠴᠢ ᠶᠢᠨ ᠭᠤᠶᠢᠳᠠ ᠰᠠᠶᠢᠬᠠᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ᠂ ᠬᠤᠷᠠᠯ ᠳᠤ ᠣᠷᠣᠯᠴᠠᠭᠰᠠᠨ ᠤᠳᠤᠷᠢᠳᠬᠤ ᠺᠠᠳ᠋ᠷᠴᠤᠳ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠠᠵᠢᠯ ᠢᠶᠠᠨ ᠪᠣᠯᠭᠠᠵᠤ ᠂ ᠪᠠᠷᠢᠮᠵᠢᠶ᠎ᠠ ᠪᠠᠷ ᠢᠯᠡᠳᠬᠡᠬᠦ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠰᠡᠳᠬᠢᠨ ᠪᠣᠳᠣᠯᠬᠢᠯᠠᠵᠤ᠂ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠵᠤ᠂ ᠪᠣᠳᠠᠲᠠᠢ ᠦᠢᠯᠡᠳᠦᠯᠭᠡ ᠳᠤᠮᠳᠠ ᠪᠠᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠪᠦᠲᠦᠭᠡᠯᠴᠢ ᠪᠠᠷ ᠰᠠᠶᠢᠲᠤᠷ ᠬᠢᠨ᠎ᠠ ᠭᠡᠵᠦ ᠢᠯᠡᠳᠬᠡᠵᠡᠭᠡᠪᠡ᠃  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号