ᠮᠠᠨ ᠤ ᠬᠤᠲᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠬᠤᠲᠠ ᠶᠢᠨ ᠪᠣᠯᠪᠠᠰᠤᠨ ᠴᠤᠩᠬᠤᠪᠴᠢ ᠪᠣᠯᠭᠠᠨ ᠪᠥᠲᠥᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2021/4/14
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠬᠠᠶᠢᠷ᠎ᠠ︶ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠲᠤᠰ ᠲᠣᠪᠴᠢᠶ᠎ᠠ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠬᠤᠲᠠ ᠶᠢᠨ ᠪᠣᠯᠪᠠᠰᠤᠨ ᠴᠤᠩᠬᠤᠪᠴᠢ ᠪᠣᠯᠭᠠᠨ ᠪᠥᠲᠥᠭᠡᠨ ᠪᠠᠶᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠩᠭᠤᠵᠢᠭᠰᠠᠨ ᠬᠠᠮᠢᠶᠠᠷᠤᠯᠲᠠ ᠶᠢ ᠠᠬᠢᠭᠤᠯᠵᠤ ᠪᠠᠶᠢᠨ᠎ᠠ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠳᠥᠷᠪᠡᠨ ᠲᠣᠭᠤᠷᠢᠭ ᠲᠠᠬᠢ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠷᠰᠢᠯᠲᠠ ᠶᠢᠨ ᠴᠡᠭ ᠤᠨ ᠠᠵᠢᠯ ᠳᠤ ᠰᠢᠯᠭᠠᠨ ᠬᠤᠷᠢᠶᠠᠯᠳᠠ ᠬᠢᠵᠤ᠂ ᠳᠥᠷᠪᠡᠨ ᠲᠣᠭᠤᠷᠢᠭ ᠲᠤ ᠲᠣᠰ ᠲᠣᠰ 1 ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠷᠢᠮᠵᠢᠶ᠎ᠠ ᠳᠤ ᠬᠦᠷᠬᠡᠵᠤ᠂ 6 ᠰᠠᠷ᠎ᠠ ᠳᠤ ᠰᠢᠯᠭᠠᠨ ᠬᠤᠷᠢᠶᠠᠬᠤ ᠪᠣᠯᠣᠨ᠎ᠠ᠃ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠵᠤ᠂ ᠵᠢᠷᠤᠮᠵᠢᠭᠤᠯᠤᠨ ᠬᠠᠮᠢᠶᠠᠷᠴᠤ᠂ ᠤᠶᠤᠨᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠭᠰᠡᠨ ᠪᠠ ᠡᠯ᠎ᠡ ᠵᠦᠢᠯ ᠤᠨ ᠬᠡᠮᠵᠢᠶᠡᠵᠢᠭᠦᠯᠦᠭᠰᠡᠨ ᠪᠠᠷᠢᠮᠵᠢᠶ᠎ᠠ ᠶᠢ ᠱᠠᠭᠠᠷᠳᠠᠯᠭ᠎ᠠ ᠳᠤ ᠬᠦᠷᠭᠡᠭᠦ ᠶᠢᠨ ᠬᠠᠮᠲᠤ ᠵᠠᠬ᠎ᠠ ᠳᠡᠯᠭᠡᠭᠦᠷ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠦᠨᠡᠯᠡᠨ ᠵᠢᠱᠢᠵᠦ ᠰᠢᠯᠭᠠᠨ ᠬᠤᠷᠢᠶᠠᠵᠤ᠂ ᠵᠢᠱᠢᠶ᠎ᠡ ᠦᠵᠡᠭᠦᠯᠬᠦ ᠨᠢᠭᠡᠴᠢ ᠶᠢᠨ ᠠᠵᠢᠯ ᠤᠨ ᠡᠭᠦᠷᠭᠡ ᠶᠢ ᠪᠣᠳᠠᠳᠠᠢ ᠳᠤ ᠨᠠᠶᠢᠳᠠᠪᠤᠷᠢᠵᠢᠭᠤᠯᠤᠨ᠂ ᠪᠤᠰᠤᠳ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠡᠬᠢᠯᠡᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠠᠴᠠ ᠰᠠᠶᠢᠨ ᠠᠷᠭ᠎ᠠ ᠪᠠ ᠲᠤᠷᠰᠢᠯᠭ᠎ᠠ ᠶᠢ ᠰᠤᠷᠤᠯᠴᠠᠵᠤ᠂ ᠵᠢᠯ ᠤᠨ ᠡᠴᠦᠰ ᠠᠴᠠ ᠡᠮᠦᠨ᠎ᠡ ᠰᠢᠯᠭᠠᠨ ᠬᠤᠷᠢᠶᠠᠯᠲᠠ ᠶᠢ ᠦᠨᠡᠨ ᠬᠦ ᠪᠠᠲᠤᠯᠠᠨ᠎ᠠ᠃      ᠵᠠᠬ᠎ᠠ ᠳᠡᠯᠭᠡᠭᠦᠷ ᠤᠨ ᠢᠳᠡᠭᠡᠨ ᠤ ᠡᠵᠡᠩᠨᠡᠯᠳᠡ ᠶᠢᠨ ᠡᠮᠬᠢ ᠲᠢᠭᠯᠢᠮ ᠢ ᠵᠢᠷᠤᠮᠵᠢᠭᠤᠯᠵᠤ᠂ ᠵᠠᠬ᠎ᠠ ᠳᠡᠯᠬᠡᠬᠦᠷ ᠲᠤ ᠤᠷᠤᠬᠤ ᠢᠳᠡᠭᠡᠨ ᠤ ᠡᠵᠡᠩᠨᠡᠭᠴᠢ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠡᠵᠡᠩᠨᠡᠭᠴᠢ ᠶᠢ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠢ ᠭᠦᠢᠴᠡᠳᠬᠡᠬᠦ ᠶᠢ ᠱᠠᠯᠠᠪᠳᠠᠭᠤᠯᠤᠨ᠎ᠠ︔ ᠡᠵᠡᠩᠨᠡᠯᠲᠡ ᠶᠢᠨ ᠣᠷᠴᠢᠨ ᠲᠣᠭᠤᠷᠢᠨ ᠪᠠ ᠨᠥᠬᠦᠴᠡᠯ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠢ ᠪᠦᠬᠦ ᠶᠠᠪᠤᠴᠠ ᠳᠤᠨᠢ ᠠᠷᠢᠭᠤᠨ ᠴᠡᠪᠡᠷ ᠪᠠᠶᠢᠯᠭᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠠᠭ ᠢᠮᠠᠭᠲᠠ ᠪᠠᠲᠤᠯᠠᠬᠤ ᠶᠢ ᠱᠠᠭᠠᠷᠳᠠᠨ᠎ᠠ︔ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠬᠰᠠᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠶᠢ ᠪᠠᠲᠤᠯᠠᠨ᠎ᠠ︔ ᠢᠨᠲ᠋ᠧᠷ ᠰᠦᠯᠵᠢᠶᠡᠨ ᠤ ᠮᠡᠷᠭᠡᠵᠢᠯ ᠪᠠ ᠲᠣᠮᠣ ᠳ᠋ᠠᠶᠢᠲ᠋ᠠ ᠶᠢ ᠠᠰᠢᠭᠯᠠᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠣᠶᠤᠨᠴᠢ ᠬᠠᠮᠢᠶᠠᠷᠤᠯᠲᠠ᠂ ᠪᠦᠲᠦᠭᠡᠭᠳᠡᠬᠦᠨ ᠢ ᠮᠥᠷᠳᠡᠵᠦ ᠪᠣᠯᠬᠤ᠂ ᠬᠤᠳᠠᠯᠳᠤᠭᠠᠨ ᠤ ᠡᠷᠦᠬᠡ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠬᠤ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号