ᠶᠦᠨ ᠬᠠᠢ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/15
     ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠵᠢᠯᠣᠭᠤᠳᠬᠤ ᠰᠠᠨᠠᠯ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠳᠠᠷᠠᠭᠠᠴᠢ ᠶᠢᠨ ᠠᠯᠬᠤᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠬᠠᠢ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃       ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠶ ᠫᠢᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ ᠳ᠋ᠦᠩ ᠱᠧᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠣᠣ ᠴᠥᠩ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠮᠠᠨ ᠤ ᠰᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠢᠭᠤ ᠲᠤᠰᠬᠠᠯ ᠢ ᠵᠢᠯᠣᠭᠤᠳᠬᠤ ᠰᠠᠨᠠᠯ ᠢ ᠮᠡᠳᠡᠭᠳᠡᠪᠡ︔ ᠮᠠᠨ ᠤ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠶᠦᠨ ᠬᠠᠢ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢ ᠰᠤᠷᠤᠯᠴᠠᠬᠤ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ︔ ᠠᠵᠢᠯᠯᠠᠵᠤ ᠰᠤᠷᠤᠯᠴᠠᠬᠤ ᠵᠥᠷᠢᠴᠡᠯ ᠢ ᠰᠠᠶᠢᠵᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠᠬᠢ ᠰᠤᠷᠤᠯᠴᠠᠬᠤ ᠰᠤᠷᠲᠠᠯ ᠪᠠ ᠰᠤᠷᠲᠠᠯ ᠤᠨ ᠠᠰᠠᠭᠤᠳᠠᠯ ᠢ  ᠰᠢᠢᠳᠪᠦᠷᠢᠯᠡᠵᠦ᠂ ᠰᠤᠷᠤᠯᠴᠠᠬᠤ ᠲᠥᠯᠥᠪᠯᠡᠭᠡ ᠶᠢᠨ ᠶᠣᠰᠣᠭᠠᠷ ᠰᠤᠷᠤᠯᠴᠠᠬᠤ ᠠᠭᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ︔ ᠬᠢᠴᠢᠶᠡᠯ ᠨᠥᠬᠦᠵᠦ ᠰᠤᠷᠤᠯᠴᠠᠵᠤ᠂ ᠰᠤᠷᠤᠯᠴᠠᠯᠭ᠎ᠠ ᠶᠢᠨ ᠠᠬᠢᠴᠠ ᠪᠠ ᠰᠤᠷᠤᠯᠴᠠᠯᠭ᠎ᠠ ᠶᠢᠨ ᠴᠠᠭ ᠤᠨ ᠳᠠᠷᠠᠭᠠᠯᠠᠯ ᠤᠨ ᠬᠤᠭᠤᠷᠣᠨᠳᠣᠬᠢ ᠵᠥᠷᠢᠶ᠎ᠡ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠠᠷᠤᠯᠲᠠ ᠶᠢᠨ ᠳᠠᠮᠵᠢᠭᠤᠯᠭ᠎ᠠ ᠭᠦᠢᠴᠡᠳ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ︔ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠪᠣᠯᠤᠨ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠦᠨᠡᠨᠬᠦ ᠤᠶᠠᠯᠳᠤᠭᠤᠯᠬᠤ ᠬᠡᠷᠡᠭᠲᠡᠢ︔ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠲᠦᠷᠦᠭᠦᠯᠡᠨ ᠬᠢᠬᠦ ᠶᠢ ᠪᠠᠷᠢᠮᠲᠠᠯᠠᠵᠤ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ ᠢ ᠰᠢᠢᠳᠪᠦᠷᠢᠯᠡᠵᠦ᠂ ᠨᠢᠭᠡ ᠰᠤᠷᠴᠢᠬᠠᠭᠠᠳ ᠨᠢᠭᠡ ᠮᠡᠳᠡᠭᠦᠯᠦᠭᠡᠳ ᠨᠢᠭᠡ ᠬᠠᠰᠢ ᠶᠠᠰᠢ ᠪᠠᠷ ᠳᠠᠭᠤᠰᠬᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠪᠡ᠃      ᠶᠦᠨ ᠬᠠᠶ ᠵᠢᠭᠠᠵᠤ ᠭᠠᠷᠭᠠᠭᠰᠠᠨ ᠨᠢ᠂ ᠨᠠᠮ ᠤᠨ ᠲᠡᠤᠬᠡ ᠶᠢ ᠰᠤᠷᠤᠯᠴᠠᠬᠤ ᠪᠣᠯ ᠣᠳᠣᠬᠠᠨ ᠤ ᠰᠤᠷᠤᠯᠴᠠᠯᠭ᠎ᠠ ᠬᠥᠮᠦᠵᠢᠯ ᠤᠨ ᠭᠤᠤᠯᠳᠠᠯᠭ᠎ᠠ ᠮᠥᠨ᠂ ᠡᠯ᠎ᠡ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ᠂ ᠬᠠᠵᠠᠭᠤ ᠠᠴᠠ ᠨᠢ ᠬᠠᠷᠠᠭᠰᠠᠨ ᠠᠵᠤ ᠠᠬᠤᠶᠢᠯᠠᠯ ᠪᠠ ᠨᠡᠶᠢᠭᠡᠮ ᠤᠨ ᠬᠠᠮᠲᠤᠯᠢᠭ ᠪᠠᠶᠢᠬᠤ ᠦᠭᠡᠢ᠂ ᠬᠠᠵᠠᠭᠤ ᠠᠴᠠ ᠨᠢ ᠬᠠᠷᠠᠭᠰᠠᠨ ᠨᠠᠮ ᠤᠨ ᠪᠤᠰᠤ ᠵᠣᠬᠢᠶᠠᠨ ᠪᠠᠶᠢᠭᠤᠯᠤᠯᠲᠠ ᠪᠠ ᠨᠠᠮ ᠤᠨ ᠪᠤᠰᠤ ᠬᠤᠪᠢ ᠬᠥᠮᠦᠨ ᠴᠦ ᠪᠠᠶᠢᠬᠤ ᠦᠭᠡᠢ᠂ ᠵᠠᠪᠠᠯ ᠨᠠᠮ ᠤᠨ ᠲᠡᠦᠬᠡ ᠶᠢ ᠲᠤᠭᠤᠷᠠᠳᠠᠯ᠎ᠠ ᠰᠤᠷᠤᠯᠴᠠᠵᠤ᠂ ᠲᠤᠭᠤᠷᠠᠳᠠᠯ᠎ᠠ ᠣᠶᠢᠯᠠᠭᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号