ᠦᠴᠤᠸᠠᠨ ᠰᠢᠶᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/16
     ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 13 ᠤ ᠡᠳᠦᠷ᠂ ᠦᠴᠤᠸᠠᠨ ᠰᠢᠶᠠᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠢᠯᠡᠰ ᠤᠨ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠬᠢᠪᠠ᠃ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠶᠢᠩ ᠴᠦᠨ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠬᠠᠶ ᠲᠤᠤ ᠬᠤᠷᠠᠯ ᠢ ᠡᠷᠭᠢᠯᠡᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠵᠠᠩ ᠬᠠᠢ ᠲᠤᠤ ᠡᠩ ᠲᠡᠷᠢᠭᠦᠨ ᠳᠤ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠪᠡᠶᠡᠯᠡᠭᠦᠯᠦᠭᠰᠡᠨ ᠦᠭᠡᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠬᠢᠭᠰᠡᠨ ᠪᠥᠭᠡᠳ ᠭᠡᠷ᠎ᠡ ᠪᠠᠨ ᠭᠦᠢᠴᠡᠳᠬᠡᠭᠰᠡᠨ ᠦᠭᠡᠢ ᠤᠴᠢᠷ ᠶᠠᠪᠤᠳᠠᠯ ᠳᠤ ᠴᠢᠩ ᠦᠨᠡᠨᠴᠢ ᠪᠠᠷ ᠪᠤᠷᠤᠭᠤ ᠬᠦᠯᠢᠶᠡᠪᠡ᠃ ᠡᠭᠦᠨ ᠤ ᠬᠠᠮᠲᠤ᠂ ᠮᠠᠨ ᠤ ᠰᠢᠶᠠᠨ ᠤ ᠳᠠᠷᠠᠭᠠᠴᠢ ᠶᠢᠨ ᠠᠯᠬᠤᠮ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠰᠠᠭ ᠤᠨ ᠣᠷᠳᠣᠨ ᠤ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠶᠢ ᠠᠬᠢᠭᠤᠯᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠂ ᠬᠦᠴᠢᠷᠳᠡᠯ ᠬᠡᠳᠦᠢ ᠪᠠᠶᠢᠭᠰᠠᠨ ᠴᠤ᠂ ᠤᠴᠢᠷ ᠰᠢᠯᠲᠠᠭᠠᠨ ᠤᠯᠠᠨ ᠪᠠᠶᠢᠭᠰᠠᠨ ᠴᠤ᠂ ᠵᠠᠰᠠᠭ ᠤᠨ ᠣᠷᠳᠣᠨ ᠡᠷᠬᠡᠪᠰᠢ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ ᠬᠡᠷᠡᠭᠲᠡᠢ︔ ᠵᠠᠰᠠᠭ ᠤᠨ ᠣᠷᠳᠣᠨ ᠤ ᠠᠵᠢᠯ ᠢ ᠳᠥᠯᠭᠢᠨ ᠠᠬᠢᠭᠤᠯᠬᠤ ᠳᠤ ᠰᠢᠨ᠎ᠡ ᠨᠣᠶᠠᠨ ᠡᠷᠬᠡᠪᠰᠢ ᠬᠠᠭᠤᠴᠢᠨ ᠳᠠᠩᠰᠠ ᠶᠢ ᠰᠢᠢᠳᠪᠦᠷᠢᠯᠡᠬᠦ ᠬᠡᠷᠡᠭᠲᠡᠶ︔ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ᠂ ᠵᠠᠰᠠᠭ ᠠᠵᠤ ᠠᠬᠤᠶᠢᠯᠠᠯ ᠡᠷᠬᠡᠪᠰᠢ ︽ᠨᠢᠭᠡ ᠳᠠᠭᠤᠤ ᠶᠢ ᠬᠠᠮᠲᠤ ᠪᠠᠷ ᠳᠠᠭᠤᠯᠠᠬᠤ︾ ᠬᠡᠷᠡᠭᠲᠡᠶ ᠭᠡᠪᠡ᠃      ᠵᠠᠩ ᠬᠠᠶ ᠲᠤᠤ ᠢᠯᠡᠷᠬᠡᠶᠢᠯᠡᠬᠦ ᠳᠡᠭᠡᠨ᠂ ᠮᠠᠨ ᠤ ᠰᠢᠶᠠᠨ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ︽ᠠᠮᠠᠯᠠᠭᠰᠠᠨ ᠢᠶᠠᠨ ᠵᠠᠪᠠᠯ ᠪᠡᠶᠡᠯᠡᠭᠦᠯᠵᠦ᠂ ᠠᠮᠠᠯᠠᠭᠰᠠᠨ ᠢᠶᠠᠨ ᠵᠠᠪᠠᠯ ᠪᠡᠶᠡᠯᠡᠭᠦᠯᠬᠦ︾ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠬᠢᠨᠠᠮᠠᠭᠠᠶ  ᠭᠦᠢᠴᠡᠳᠬᠡᠨ᠂ ᠵᠠᠰᠠᠭ ᠤᠨ ᠣᠷᠳᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤᠮᠳᠠᠬᠢ ᠥᠯᠢᠭᠡᠷ ᠳᠠᠭᠤᠷᠢᠶᠠᠯ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠪᠠᠯᠠ ᠣᠷᠣᠭᠤᠯᠤᠯᠲᠠ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠨ᠎ᠠ᠃ ᠥᠷᠭᠡᠨ ᠤᠯᠠᠨ ᠠᠵᠤ ᠠᠬᠤᠶᠢᠯᠠᠯᠲᠠᠨ ᠢ ᠦᠴᠤᠸᠠᠨ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠬᠥᠭᠵᠢᠯᠲᠡ ᠶᠢ ᠰᠢᠯᠤᠭᠤᠳᠬᠠᠵᠤ᠂ ᠦᠵᠡᠰᠬᠦᠯᠡᠩᠲᠦ ᠰᠠᠶᠢᠬᠠᠨ ᠦᠴᠤᠸᠠᠨ ᠢ ᠪᠡᠶᠡᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠵᠠᠩ ᠬᠠᠢ ᠲᠤᠤ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠥᠪᠥᠷ ᠮᠣᠩᠭᠤᠯ ᠤᠨ ᠡᠦ ᠰᠢᠩ ᠱᠦᠢᠨᠢ ᠶᠢᠨ ᠬᠢᠵᠠᠭᠠᠷᠲᠤ ᠺᠣᠮᠫᠠᠨᠢ ᠳᠤ 778754 ᠲᠥᠭᠦᠷᠢᠭ ᠤᠨ ᠪᠡᠯᠡ ᠮᠥᠩᠭᠦ ᠪᠤᠲᠠᠲᠠᠶᠢᠵᠢᠭᠤᠯᠵᠤ ᠥᠭᠴᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号