| | | 4 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ | ᠬᠤᠷᠢᠶᠠᠨ ᠤ 206 ᠳ᠋ᠤᠭᠠᠷ ᠬᠤᠷᠠᠯᠳᠤᠭᠠᠨ ᠵᠢᠴᠢ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ 6 ᠳ᠋ᠤᠭᠠᠷ ᠬᠤᠷᠠᠯᠳᠤᠭᠠᠨ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ | ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠤ ᠰᠢᠮᠳᠠᠭᠤᠯᠤᠨ | ᠵᠢᠯᠣᠭᠤᠳᠬᠤ ᠳᠤᠭᠤᠶᠢᠯᠠᠩ ᠤᠨ ᠬᠥᠬᠡᠬᠤᠲᠠ ᠳᠤ ᠪᠠᠭᠤᠵᠤ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠬᠤ | ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠵᠤ᠂ ᠲᠥᠪ ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠰᠢᠮᠳᠠᠭᠤᠯᠤᠨ ᠵᠢᠯᠣᠭᠤᠳᠴᠤ ᠬᠠᠷᠢᠭᠤ ᠲᠤᠰᠬᠠᠬᠤ ᠰᠠᠨᠠᠯ ᠵᠢᠴᠢ 4 ᠰᠠᠷ᠎ᠠ ᠶᠢᠨ 17 ᠤ | ᠡᠳᠦᠷ ᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠤ᠂ ᠳᠠᠷᠠᠭᠠᠴᠢ ᠶᠢᠨ ᠱᠠᠲᠤᠨ ᠤ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ | ᠤᠯᠤᠰ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ︔ ᠲᠥᠪ ᠤᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽︿ᠪᠢ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ︾ ᠢ ᠤᠯᠠᠮᠵᠢᠯᠠᠨ ᠰᠤᠷᠤᠯᠴᠠᠵᠤ | ᠂ ᠤᠢᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ︔ ᠰᠢ ᠶᠢᠨ ᠫᠢᠩ ᠶᠡᠷᠦᠩᠬᠡᠶ ᠱᠦᠵᠢ ᠶᠢᠨ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠤᠬᠠᠶ ᠭᠠᠷᠭᠠᠭᠰᠠᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠥᠬᠦ ᠤᠯᠤᠰ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ | ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ | ᠶᠦᠨ ᠬᠠᠶ ᠵᠢᠭᠠᠵᠤ ᠭᠠᠷᠭᠠᠭᠰᠠᠨ ᠨᠢ᠂ ᠥᠷᠭᠡᠨ ᠣᠯᠠᠨ ᠺᠠᠳ᠋ᠷ ᠴᠠᠭᠳᠠᠭ᠎ᠠ ᠶᠢ ᠬᠥᠮᠦᠵᠢᠭᠦᠯᠦᠨ ᠵᠢᠯᠣᠭᠤᠳᠴᠤ | ᠪᠠᠶᠢᠭᠠᠳ ᠦᠵᠡᠯ ᠰᠠᠨᠠᠭᠠᠨ ᠤ ᠬᠡᠯᠪᠡᠷᠢᠯ ᠢ ᠵᠠᠯᠠᠷᠠᠭᠤᠯᠵᠤ᠂ ᠤᠯᠤᠰ ᠲᠥᠷᠥ ᠶᠢᠨ ᠲᠠᠨᠢᠯᠲᠠ ᠶᠢ ᠨᠢ ᠳᠡᠭᠡᠭᠰᠢᠯᠡᠭᠦᠯᠵᠦ᠂ | ᠦᠵᠡᠯ ᠰᠠᠨᠠᠭ᠎ᠠ ᠶᠢ ᠨᠢ ᠲᠥᠪ ᠬᠤᠷᠢᠶᠠᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠳᠤᠮᠳᠠ ᠦᠨᠡᠨᠬᠦ | ᠨᠢᠭᠡᠳᠬᠡᠵᠦ᠂ ᠴᠡᠭᠴᠡᠯᠡᠨ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠵᠠᠶᠢᠯᠠᠬᠤ ᠦᠭᠡᠶ᠂ | ᠨᠢᠭᠤᠵᠤ ᠳᠠᠯᠳᠠᠯᠠᠬᠤ ᠦᠭᠡᠶ᠂ ᠵᠠᠶᠢᠯᠠᠭᠤᠯᠬᠤ ᠦᠭᠡᠶ᠂ ᠰᠠᠨᠠᠭᠠᠴᠢᠯᠠᠭ᠎ᠠ ᠠᠴᠠ ᠪᠠᠨ ᠲᠠᠨᠢᠵᠤ ᠠᠪᠬᠤ᠂ ᠨᠢᠭᠡ ᠠᠴᠠ | ᠵᠦᠢᠴᠢᠯᠡᠵᠦ ᠨᠦᠬᠦᠭᠡ ᠶᠢ ᠮᠡᠳᠡᠬᠦ ᠪᠣᠯᠭᠠᠬᠤ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ | ᠤᠳᠤᠷᠢᠳᠬᠤ ᠪᠠᠭ ᠤᠨ ᠪᠦᠷᠢᠯᠳᠦᠬᠦᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ | ᠲᠦᠷᠦᠭᠦᠯᠡᠨ ᠰᠠᠶᠢᠲᠤᠷ ᠬᠢᠵᠦ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠦᠬᠦ᠋ᠢᠯᠡ | ᠪᠠᠶᠢᠴᠠᠭᠠᠨ ᠵᠠᠯᠠᠷᠠᠭᠤᠯᠬᠤ ᠶᠠᠪᠤᠴᠠ ᠳᠤ᠂ ᠤᠯᠤᠰ ᠲᠦᠷᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ | ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠡᠮᠬᠢ ᠵᠢᠷᠤᠮ ᠲᠠᠢ ᠬᠦᠴᠦᠲᠡᠢ | ᠠᠬᠢᠭᠤᠯᠵᠤ᠂ ᠬᠥᠮᠦᠵᠢᠯ ᠴᠡᠭᠴᠡᠯᠡᠯᠲᠡ ᠶᠢᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠠᠰᠠᠭᠤᠳᠠᠯ ᠪᠠ ᠬᠠᠷᠠᠯᠲᠠ ᠶᠢᠨ ᠤᠳᠤᠷᠢᠳᠤᠮᠵᠢ ᠶᠢ ᠬᠠᠷᠢᠯᠴᠠᠨ ᠨᠢᠭᠡᠳᠬᠡᠬᠦ᠂ ᠭᠤᠣᠯᠳᠠᠯᠭ᠎ᠠ ᠲᠠᠢ ᠰᠢᠪᠲᠤᠯᠤᠯᠲᠠ | ᠬᠢᠬᠦ ᠪᠠ ᠪᠦᠬᠦᠯᠢ ᠴᠣᠭᠴᠠ ᠪᠠᠷ ᠠᠬᠢᠭᠤᠯᠬᠤ ᠶᠢ ᠬᠠᠷᠢᠯᠴᠠᠨ ᠨᠢᠭᠡᠳᠬᠡᠬᠦ᠂ ᠠᠬᠢᠴᠠ ᠪᠠ ᠶᠠᠰᠤ ᠴᠢᠨᠠᠷ ᠢ ᠬᠠᠷᠢᠯᠴᠠᠨ | ᠨᠢᠭᠡᠳᠬᠡᠬᠦ ᠶᠢ ᠪᠠᠷᠢᠮᠲᠠᠯᠠᠵᠤ᠂ ᠪᠠᠷᠢᠮᠵᠢᠶ᠎ᠠ ᠶᠢ ᠴᠢᠩᠳᠠᠯᠠᠵᠤ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ | ᠭᠤᠭᠴᠤᠭ᠎ᠠ ᠶᠢᠨ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠡᠵᠡᠮᠳᠡᠬᠦ ᠬᠡᠷᠡᠭᠲᠡᠢ᠃ ᠤᠯᠤᠰ ᠲᠦᠷᠦ ᠬᠠᠤᠯᠢ | ᠴᠠᠭᠠᠵᠠ ᠶᠢᠨ ᠡᠯ᠎ᠡ ᠨᠢᠭᠡᠴᠢ ᠶᠢᠨ ᠬᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ᠤᠳᠤᠷᠢᠳᠬᠤ | ᠪᠠᠭ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠬᠡᠯᠲᠡᠰ᠂ | ᠤᠬᠠᠭᠤᠯᠬᠤ ᠬᠡᠯᠲᠡᠰ ᠬᠠᠮᠵᠢᠯᠴᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠴᠢᠩᠭ᠎ᠠ ᠠᠳᠬᠤᠵᠤ ᠪᠣᠳᠠᠲᠠᠢ ᠠᠳᠬᠤᠵᠤ ᠨᠠᠷᠢᠯᠢᠭ | ᠠᠳᠬᠤᠬᠤ ᠬᠡᠷᠡᠭᠲᠡᠢ ᠭᠡᠪᠡ᠃ | ᠶᠦᠨ ᠬᠠᠶ ᠵᠢᠭᠠᠵᠤ ᠭᠠᠷᠭᠠᠭᠰᠠᠨ ᠨᠢ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠳᠤ | ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ᠂ ᠡᠯ᠎ᠡ ᠱᠠᠲᠤ ᠦᠶ᠎ᠡ ᠳᠤ ᠲᠤᠭᠤᠰᠢᠯᠠᠭᠤᠯᠵᠤ᠂ ᠡᠯ᠎ᠡ ᠰᠠᠯᠠᠭ᠎ᠠ | ᠮᠥᠴᠢᠷ ᠡᠯ᠎ᠡ ᠠᠵᠢᠯ ᠲᠦᠷᠦᠯ ᠤᠨ ᠬᠢᠨ ᠴᠥᠮ ᠵᠣᠬᠢᠴᠠᠩᠭᠤᠶ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠂ ᠪᠢᠳᠡ | ᠠᠷᠠᠳ ᠤᠯᠠᠨ ᠤ ᠣᠳᠣᠬᠠᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠰᠢᠶ᠋ᠳᠪᠦᠷᠢᠯᠡᠬᠦ ᠪᠠᠷ ᠬᠠᠷᠠᠯᠲᠠ | ᠪᠣᠯᠭᠠᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠬᠡᠯᠪᠡᠷᠢ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ | ᠪᠤᠢ ᠪᠣᠯᠭᠠᠵᠤ᠂ 12345 ᠵᠠᠭᠠᠯᠳᠤᠯᠭ᠎ᠠ ᠶᠢ ᠬᠦᠯᠢᠶᠡᠨ ᠠᠪᠬᠤ ᠲᠠᠢ ᠤᠶᠠᠯᠳᠤᠭᠤᠯᠤᠨ ᠳᠠᠷᠤᠶ ᠰᠢᠢᠳᠪᠦᠷᠢᠯᠡᠵᠦ᠂ | ︽ᠭᠤᠷᠪᠠ ᠶᠢ ᠠᠰᠠᠭᠤᠬᠤ︾ ᠪᠠ ︽ᠭᠤᠷᠪᠠ ᠶᠢ ᠰᠤᠷᠪᠤᠯᠵᠢᠯᠠᠬᠤ︾ ᠠᠷᠭ᠎ᠠ ᠮᠠᠶ᠋ᠢᠭ ᠢᠶᠠᠷ ᠪᠣᠳᠠᠲᠤ ᠶᠠᠪᠤᠳᠠᠯ ᠢ | ᠪᠦᠲᠦᠭᠡᠵᠦ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠶ ᠭᠡᠪᠡ᠃ | |