ᠦᠴᠤᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠢᠨ‌‍ᠲ᠋ᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/22
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠪᠦᠬᠦ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠪᠣᠯᠤᠨ ᠰᠤᠷᠭᠠᠭᠤᠯᠢ ᠡᠷᠬᠢᠯᠡᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 14 ᠤ ᠡᠳᠦᠷ ᠦᠴᠤᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠶᠢᠨ ᠬᠤᠷᠠᠯ︾ ᠢ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠫᠧᠩ ᠱᠣᠤ ᠴᠥᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠤᠤ ᠽᠢ ᠯᠢ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠯᠢ ᠶᠢᠩ ᠲᠤᠬᠠᠶ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ᠃      ᠲᠤᠬᠠᠶ ᠶᠢᠨ ᠲᠠᠯᠠᠪᠠᠢ ᠶᠢᠨ ᠬᠤᠷᠠᠯ ᠨᠢ ᠲᠤᠬᠠᠶ ᠶᠢᠨ ᠲᠠᠯᠠᠪᠠᠢ ᠳᠤ ᠲᠣᠭᠤᠷᠢᠨ ᠦᠵᠡᠬᠦ ᠪᠠ ᠰᠣᠯᠢᠯᠴᠠᠨ ᠬᠠᠷᠢᠭᠤ ᠮᠡᠳᠡᠭᠦᠯᠬᠦ ᠬᠡᠯᠪᠡᠷᠢ ᠶᠢ ᠠᠪᠴᠠᠢ᠃ ᠬᠤᠷᠠᠯ ᠳᠤ ᠣᠷᠣᠯᠴᠠᠭᠰᠠᠳ ᠤᠷᠢᠳ ᠬᠤᠵᠢᠳ ᠦᠴᠤᠸᠠᠨ ᠰᠢᠶᠠᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ᠂ ᠦᠴᠤᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠤᠨ ᠦᠴᠤᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠲᠣᠭᠤᠷᠢᠨ ᠦᠵᠡᠪᠡ᠃ ᠡᠯ᠎ᠡ ᠰᠤᠷᠭᠠᠭᠤᠯᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠬᠠᠷᠠᠭᠠᠨ ᠰᠡᠷᠡᠯ ᠤᠨ ᠪᠠᠶᠢᠭᠤᠯᠤᠯᠲᠠ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠵᠢᠯᠯᠠᠭ᠎ᠠ ᠵᠡᠷᠭᠡ ᠲᠠᠯ᠎ᠠ ᠪᠠᠷ ᠳᠡᠯᠭᠡᠨ ᠦᠵᠡᠭᠦᠯᠵᠦ ᠰᠣᠯᠢᠯᠴᠠᠪᠠ᠃ ᠦᠵᠡᠭᠦᠯᠦᠯᠭᠡ ᠶᠢᠨ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠬᠠᠷᠢᠭᠤ ᠮᠡᠳᠡᠭᠦᠯᠦᠯᠲᠡ ᠶᠢᠨ ᠳ᠋ᠦᠩᠨᠡᠯᠲᠡ ᠶᠢᠨ ᠬᠤᠷᠠᠯ ᠬᠢᠵᠦ᠂ ᠬᠤᠷᠠᠯ ᠳᠡᠭᠡᠷ᠎ᠡ᠂ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠳᠠᠯ ᠤᠨ ᠭᠤᠣᠯ ᠰᠡᠳᠦᠪᠲᠦ ᠬᠠᠷᠢᠭᠤ ᠮᠡᠳᠡᠭᠦᠯᠦᠯᠲᠡ ᠬᠢᠵᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号