ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ | ᠲᠠᠷᠢᠶᠠᠴᠢᠳ ᠤᠨ ᠴᠢᠨᠠᠷ ᠰᠠᠶᠢᠳᠠᠢ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬᠤ ᠶᠢ ᠦᠨᠡᠨ ᠬᠦ ᠪᠠᠲᠤᠯᠠᠵᠤ᠂ | ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠴᠡᠭᠴᠡᠯᠡᠨ | ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ᠮᠠᠨ ᠤ ᠬᠤᠲᠠ ᠬᠠᠪᠤᠷ ᠤᠨ ᠤᠯᠠᠷᠢᠯ ᠤᠨ ᠬᠠᠭᠤᠷᠮᠠᠭ ᠮᠠᠭᠤ | ᠲᠠᠷᠢᠶᠠᠯᠠᠩ ᠤᠨ ᠬᠡᠷᠡᠭᠰᠡᠯ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠦᠷᠨᠢᠭᠦᠯᠵᠦ᠂ ᠲᠠᠷᠢᠶᠠᠨ | ᠦᠷ᠎ᠡ᠂ ᠲᠠᠷᠢᠶᠠᠨ ᠡᠮ᠂ ᠪᠣᠷᠲᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ᠂ ᠲᠠᠷᠢᠶᠠᠯᠠᠩ ᠤᠨ ᠮᠠᠰᠢᠨ ᠵᠡᠷᠭᠡ | ᠲᠠᠯ᠎ᠠ ᠪᠠᠷ ᠲᠤᠰᠬᠠᠢ ᠵᠦᠢᠯ ᠤᠨ ᠪᠠᠶᠢᠴᠠᠭᠠᠯᠳᠠ ᠦᠷᠨᠢᠭᠦᠯᠪᠠ᠃ | 4 ᠰᠠᠷ᠎ᠠ ᠶᠢᠨ 12 ᠤᠨ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠪᠡᠯᠡᠳᠬᠡᠯ ᠶᠡᠭᠡ ᠠᠩᠭᠢ ᠠᠴᠠ ᠲᠦᠮᠡᠳ ᠵᠡᠭᠦᠨ | ᠬᠤᠰᠢᠭᠤᠨ ᠤ ᠰᠠᠭᠠᠯᠢᠴᠢᠨ ᠪᠠᠯᠭᠠᠰᠤ ᠪᠠ ᠴᠠᠭᠠᠨ ᠰᠦᠮ᠎ᠡ ᠪᠠᠯᠭᠠᠰᠤᠨ ᠤ ᠲᠠᠷᠢᠶᠠᠯᠠᠩ ᠤᠨ ᠬᠡᠷᠡᠭᠰᠡᠯ ᠪᠣᠷᠣᠯᠠᠭᠤᠯᠬᠤ | ᠬᠤᠳᠠᠯᠳᠤᠭ᠎ᠠ ᠳᠡᠯᠭᠡᠭᠦᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠪᠠ᠃ ᠪᠠᠶᠢᠴᠠᠭᠠᠯᠲᠠ ᠶᠢᠨ ᠳᠤᠮᠳᠠ᠂ ᠬᠠᠤᠯᠢ | ᠬᠡᠷᠡᠭᠵᠢᠭᠦᠯᠬᠦ ᠠᠵᠢᠯᠲᠠᠨ ᠲᠠᠷᠢᠶᠠᠯᠠᠩ ᠤᠨ ᠬᠡᠷᠡᠭᠰᠡᠯ ᠤᠨ ᠡᠵᠡᠩᠨᠡᠯᠲᠡ ᠶᠢᠨ ᠡᠭᠦᠳᠡᠨ ᠳᠡᠯᠭᠡᠭᠦᠷ ᠤᠨ ᠡᠵᠡᠩᠨᠡᠯᠲᠡ ᠶᠢᠨ | ᠬᠢᠷᠢ ᠬᠡᠮ᠂ ᠣᠷᠣᠭᠤᠯᠵᠤ ᠪᠣᠷᠣᠯᠠᠭᠤᠯᠬᠤ ᠪᠠᠷᠠᠭᠠᠨ ᠤ ᠡᠬᠡ ᠲᠠᠩᠰᠠ᠂ ᠲᠠᠷᠢᠶᠠᠯᠠᠩ ᠤᠨ ᠬᠡᠷᠡᠭᠰᠡᠯ ᠢ ᠬᠢᠨᠠᠨ | ᠲᠣᠭᠲᠠᠭᠠᠬᠤ᠂ ᠳᠡᠩᠰᠡᠯᠡᠨ ᠲᠡᠮᠳᠡᠭᠯᠡᠬᠦ᠂ ᠪᠦᠷᠢᠳᠬᠡᠨ ᠳᠠᠩᠰᠠᠯᠠᠭᠰᠠᠨ ᠪᠠᠶᠢᠳᠠᠯ᠂ ᠦᠢᠯᠡᠳᠬᠦᠨ ᠤ ᠱᠣᠰᠢᠭ᠎ᠠ | ᠲᠡᠮᠳᠡᠭ ᠤᠨ ᠵᠢᠷᠤᠮᠵᠢᠭᠰᠠᠨ ᠪᠠᠶᠢᠳᠠᠯ ᠤᠨ ᠲᠤᠬᠠᠶ ᠪᠠᠶᠢᠴᠠᠭᠠᠯᠲᠠ ᠬᠢᠵᠦ᠂ ᠵᠢᠷᠭᠢᠶ᠎ᠡ ᠶᠢᠨ ᠬᠤᠶᠠᠷ ᠭᠡᠮᠵᠢᠯᠳᠤ ᠺᠣᠳ᠋ | ᠵᠡᠷᠭᠡ ᠪᠠᠷ ᠳᠠᠮᠵᠢᠭᠤᠯᠤᠨ ᠪᠣᠭᠤᠳᠠᠯ ᠤᠨ ᠱᠣᠰᠢᠭ᠎ᠠ ᠳᠡᠭᠡᠷᠡᠬᠢ ᠦᠢᠯᠡᠳᠬᠦᠨ ᠤ ᠨᠡᠷᠡᠶᠢᠳᠦᠯ᠂ ᠳᠠᠷᠢᠬᠤ ᠣᠷᠣᠨ | ᠪᠦᠰᠡ᠂ ᠬᠢᠨᠠᠨ ᠲᠣᠭᠲᠠᠭᠠᠭᠰᠠᠨ ᠳ᠋ᠤᠭᠠᠷ᠂ ᠡᠭᠦᠯᠳᠡᠷ ᠤᠨ ᠰᠢᠨᠵᠢ ᠪᠠᠶᠢᠳᠠᠯ ᠢ ᠪᠠᠶᠢᠴᠠᠭᠠᠨ ᠬᠡᠮᠵᠢᠭᠰᠡᠨ ᠡᠳᠦᠷ | ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠲᠠᠢ ᠬᠠᠷᠭᠤᠭᠤᠯᠵᠤ᠂ ᠦᠷ᠎ᠡ ᠶᠢᠨ ᠱᠠᠭᠠᠷᠳᠠᠯᠭ᠎ᠠ ᠳᠤ | ᠨᠡᠶᠢᠴᠡᠬᠦ ᠡᠰᠡᠬᠦ ᠶᠢ ᠪᠠᠶᠢᠴᠠᠭᠠᠨ ᠦᠵᠡᠪᠡ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠳᠠᠨ ᠪᠠᠰᠠ | ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠬᠠᠤᠯᠢ ᠶᠤᠰᠤᠨ ᠤ ᠡᠭᠦᠷᠭᠡ ᠪᠠᠨ ᠭᠦᠢᠴᠡᠳᠬᠡᠵᠦ᠂ ᠦᠨᠡᠨᠴᠢ | ᠢᠲᠡᠭᠡᠮᠵᠢᠲᠡᠶ ᠡᠵᠡᠩᠨᠡᠵᠦ᠂ ᠲᠠᠷᠢᠶᠠᠯᠠᠩ ᠤᠨ ᠬᠡᠷᠡᠭᠰᠡᠯ ᠤᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠰᠠᠨᠠᠭᠤᠯᠪᠠ᠃ | 4 ᠰᠠᠷ᠎ᠠ ᠶᠢᠨ 14 ᠤ ᠡᠳᠦᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠢᠦ᠋ᠢᠴᠢᠤᠸᠠᠨ | ᠲᠣᠭᠤᠷᠢᠭ ᠤᠨ 209 ᠤᠯᠤᠰ ᠤᠨ ᠵᠠᠮ ᠤᠨ ᠬᠤᠶᠠᠷ ᠬᠠᠪᠢ ᠶᠢᠨ ᠪᠣᠱᠤᠭ᠎ᠠ᠂ ᠺᠧᠤ ᠵᠢᠶᠠ ᠶᠢᠩ᠂ ᠰᠢᠨ ᠱᠧᠩ | ᠲᠣᠰᠬᠤᠨ ᠤ ᠲᠠᠷᠢᠶᠠᠯᠠᠩ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ ᠲᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠬᠢᠪᠠ᠃ ᠶᠢᠨ ᠴᠢᠦ ᠱᠢ ᠲᠠᠷᠢᠶᠠᠯᠠᠩ ᠤᠨ ᠬᠡᠷᠡᠭᠰᠡᠯ ᠤᠨ ᠡᠵᠡᠩᠨᠡᠨ ᠪᠣᠷᠣᠯᠠᠭᠤᠯᠬᠤ ᠭᠠᠵᠠᠷ ᠤᠨ | ᠪᠠᠶᠢᠴᠠᠭᠠᠯᠲᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠴᠢᠳ ᠲᠤ ᠬᠠᠭᠤᠷᠮᠠᠭ ᠮᠠᠭᠤ ᠲᠠᠷᠢᠶᠠᠯᠠᠩ ᠤᠨ | ᠬᠡᠷᠡᠭᠰᠡᠯ ᠢ ᠢᠯᠭᠠᠨ ᠲᠠᠨᠢᠬᠤ᠂ ᠬᠠᠤᠯᠢ ᠪᠠᠷ ᠡᠷᠬᠡ ᠠᠰᠢᠭ ᠢᠶᠠᠨ ᠬᠠᠮᠠᠭᠠᠯᠠᠬᠤ ᠶᠡᠷᠦ ᠶᠢᠨ ᠮᠡᠳᠡᠯᠭᠡ ᠶᠢ ᠤᠬᠠᠭᠤᠯᠤᠨ | ᠲᠠᠶᠢᠯᠪᠤᠷᠢᠯᠠᠪᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠨᠢᠭᠡ ᠪᠦᠯᠦᠭ ᠳᠡᠯᠭᠡᠭᠦᠷ ᠤᠨ ᠲᠠᠩᠰᠠ | ᠡᠪᠬᠡᠮᠡᠯ ᠨᠢ ᠪᠦᠷᠢᠨ ᠭᠦᠢᠴᠡᠳ ᠪᠢᠰᠢ᠂ ᠦᠢᠯᠡᠳᠬᠦᠨ ᠨᠢ ᠡᠮᠬᠢ ᠵᠠᠮᠪᠠᠷᠠᠭ᠎ᠠ ᠦᠭᠡᠢ ᠣᠪᠣᠭᠠᠯᠠᠭᠠᠰᠤᠳᠠᠢ ᠵᠡᠷᠭᠡ | ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠠᠶ ᠳᠤ ᠴᠡᠭᠴᠡᠯᠡᠨ | ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ | ᠲᠠᠷᠠᠭᠠᠴᠢ ᠪᠠᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠠᠰᠠᠭᠤᠳᠠᠯ ᠣᠷᠣᠰᠢᠵᠤ ᠪᠠᠶᠢᠭ᠎ᠠ ᠡᠵᠡᠩᠨᠡᠯᠲᠡ ᠶᠢᠨ ᠳᠡᠯᠭᠡᠭᠦᠷ ᠤᠳ ᠢ | ᠦᠷᠭᠦᠯᠵᠢᠯᠡᠨ ᠪᠠᠶᠢᠴᠠᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠂ ᠢᠯᠡᠷᠡᠭᠦᠯᠦᠭᠰᠡᠨ | ᠠᠰᠠᠭᠤᠳᠠᠯ ᠤᠨ ᠦᠨᠳᠦᠰᠦ ᠰᠤᠷᠪᠤᠯᠵᠢ ᠶᠢ ᠨᠢ ᠡᠷᠢᠵᠦ᠂ ᠲᠦᠢᠯᠪᠤᠷᠢᠲᠠᠢ ᠪᠠᠶᠢᠴᠠᠭᠠᠨ ᠰᠢᠢᠳᠪᠦᠷᠢᠯᠡᠨ᠎ᠡ᠃ |