ᠨᠢᠭᠡ᠂ ︽ᠠᠷᠭ᠎ᠠ ᠬᠡᠮᠵᠢᠶ᠎ᠡ ᠨᠦᠭᠦᠳ︾ ᠤᠨ ᠬᠠᠷᠠᠯᠲᠠ᠂ ᠠᠴᠢ ᠬᠤᠯᠪᠣᠭᠳᠠᠯ ᠨᠢ ᠶᠠᠭᠤ ᠪᠤᠢ︖ | ᠬᠠᠷᠢᠭᠤᠯᠲᠠ᠄ ︽ᠠᠷᠭ᠎ᠠ ᠬᠡᠮᠵᠢᠶ᠎ᠡ ᠨᠦᠭᠦᠳ︾ ᠤᠨ ᠬᠠᠷᠠᠯᠲᠠ᠄ ᠡᠷᠦᠬᠡ ᠠᠮᠠ ᠶᠢᠨ ᠳᠠᠩᠰᠠᠨ ᠤ | ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠴᠢᠳᠠᠪᠤᠷᠢᠲᠠᠨ ᠤ | ᠡᠷᠦᠬᠡ ᠠᠮᠠ ᠣᠷᠣᠬᠤ ᠨᠥᠬᠦᠴᠡᠯ ᠢ ᠪᠦᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠬᠥᠳᠡᠯᠮᠦᠷᠢ ᠬᠦᠴᠦᠨ ᠤ ᠡᠬᠢ | ᠪᠠᠶᠠᠯᠢᠭ ᠪᠣᠯᠤᠨ ᠴᠢᠳᠠᠪᠤᠷᠢᠲᠠᠨ ᠤ ᠵᠦᠶ ᠵᠣᠬᠢᠰᠲᠠᠶ ᠪᠥᠭᠡᠳ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠤᠨ᠂ | ᠬᠤᠲᠠ ᠶᠢᠨ ᠬᠥᠮᠦᠨ ᠠᠮᠠ ᠶᠢᠨ ᠬᠡᠪᠴᠢᠶ᠎ᠡ ᠶᠢ ᠪᠤᠵᠠᠭᠠᠶᠢᠷᠠᠭᠤᠯᠵᠤ᠂ ᠨᠡᠩ ᠣᠯᠠᠨ ᠬᠥᠮᠦᠨ ᠠᠮᠠ ᠶᠢ ᠭᠤᠣᠯ | ᠬᠤᠲᠠ ᠶᠢᠨ ᠲᠣᠭᠤᠷᠢᠭ ᠲᠤ ᠡᠷᠦᠬᠡ ᠠᠮᠠ ᠤᠷᠤᠭᠤᠯᠬᠤ ᠪᠠᠷ ᠲᠠᠲᠠᠵᠤ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ | ᠠᠬᠢᠭᠤᠯᠤᠨ᠎ᠠ᠃ | ᠠᠴᠢ ᠬᠤᠯᠪᠣᠭᠳᠠᠯ᠄ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠳᠥᠯᠭᠢᠨ | ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠂ ᠤᠷᠤᠨ ᠤ ᠲᠥᠪ | ᠬᠤᠲᠠ ᠶᠢᠨ ᠭᠤᠤᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ ᠤᠨ ᠲᠥᠪ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠶᠠᠷ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠨ ᠬᠡᠷᠡᠭᠵᠢᠭᠦᠯᠦᠭᠰᠡᠨ ᠲᠦᠷᠦ ᠶᠢᠨ ᠪᠤᠳᠤᠯᠭ᠎ᠠ ᠶᠢᠨ | ᠦᠨᠳᠦᠰᠦᠯᠡᠯ ᠨᠢ ᠶᠠᠭᠤ ᠪᠤᠢ︖ | ᠬᠠᠷᠢᠭᠤᠯᠲᠠ᠄ ︵ᠨᠢᠭᠡ︶ 2020 ᠣᠨ ᠤ 4 ᠰᠠᠷ᠎ᠠ ᠳᠤ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ︽2020 ᠣᠨ ᠤ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠪᠥᠲᠥᠭᠡᠨ ᠪᠠᠶᠢᠭᠤᠯᠤᠯᠲᠠ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠭᠤᠤᠯᠳᠠᠯᠭ᠎ᠠ ᠲᠠᠢ ᠡᠭᠦᠷᠭᠡ︾ | ᠶᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠦᠨ ᠠᠮᠠ 300 | ᠲᠦᠮᠡ ᠠᠴᠠ ᠳᠣᠷᠣᠭᠰᠢᠬᠢ ᠬᠤᠲᠠ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ | ᠪᠣᠯᠭᠠᠬᠤ ᠶᠢ ᠰᠢᠮᠳᠠᠭᠤᠯᠪᠠ᠃ ︵ᠬᠤᠶᠠᠷ︶ 2019 ᠣᠨ ᠤ 2 ᠰᠠᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠬᠤᠲᠠ ᠪᠠᠯᠭᠠᠰᠤᠨ ᠳᠤ ᠡᠷᠦᠬᠡ | ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠶ ᠪᠣᠯᠭᠠᠵᠤ ᠡᠷᠦᠬᠡ ᠠᠮᠠ ᠶᠢᠨ ᠳᠠᠩᠰᠠᠨ ᠤ ᠳᠦᠷᠢᠮ ᠤᠨ | ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠬᠡᠷᠡᠭᠵᠢᠬᠦᠯᠬᠦ ᠰᠠᠨᠠᠯ︾ ᠮᠠᠨ ᠤ ᠣᠷᠣᠨ ᠤ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠤᠰᠠᠳᠠ | ᠂ ᠴᠢᠯᠥᠭᠡᠲᠡᠶ ᠪᠣᠯᠭᠠᠵᠤ ᠪᠣᠯᠬᠤ ᠶᠢ ᠨᠢ ᠴᠢᠯᠥᠭᠡᠲᠡᠶ ᠪᠣᠯᠭᠠᠵᠤ᠂ ᠨᠠᠶᠢᠳᠠᠪᠤᠷᠢᠵᠢᠭᠤᠯᠬᠤ ᠶᠣᠰᠣᠲᠠᠶ ᠶᠢ ᠨᠢ ᠴᠥᠮ | ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠬᠤᠲᠠ ᠪᠠᠯᠭᠠᠰᠤᠨ ᠳᠤ ᠡᠷᠦᠬᠡ ᠠᠮᠠ ᠤᠷᠤᠬᠤ ᠬᠢᠵᠠᠭᠠᠷᠯᠠᠯ ᠢ ᠪᠥᠬᠦ | ᠲᠠᠯ᠎ᠠ ᠪᠠᠷ ᠴᠢᠯᠥᠭᠡᠲᠡᠶ ᠪᠣᠯᠭᠠᠵᠤ᠂ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠪᠣᠯᠤᠨ ᠪᠤᠰᠤᠳ ᠪᠠᠶᠢᠩᠭᠤ | ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠨ ᠳᠤ ᠡᠷᠦᠬᠡ ᠠᠮᠠ ᠤᠷᠤᠬᠤ ᠶᠢ ᠠᠬᠢᠭᠤᠯᠵᠤ᠂ ᠪᠠᠶᠢᠩᠭᠤ | ᠰᠠᠭᠤᠭ᠎ᠠ ᠭᠠᠵᠠᠷ ᠲᠤᠨᠢ ᠡᠷᠦᠬᠡ ᠠᠮᠠ ᠲᠡᠮᠳᠡᠭᠯᠡᠬᠦ ᠪᠠᠷ ᠦᠨᠳᠦᠰᠦᠨ ᠬᠡᠯᠪᠡᠷᠢ ᠪᠣᠯᠭᠠᠭᠰᠠᠨ ᠡᠷᠦᠬᠡ ᠠᠮᠠ ᠲᠡᠮᠳᠡᠭᠯᠡᠬᠦ | ᠲᠦᠷᠢᠮ ᠢ ᠠᠯᠬᠤᠮ ᠠᠯᠬᠤᠮ ᠢᠶᠠᠷ ᠪᠠᠶᠢᠭᠤᠯᠪᠠ᠃ | ᠭᠤᠷᠪᠠ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ | ᠬᠠᠷᠢᠭᠤᠯᠲᠠ᠄ | ︵ᠨᠢᠭᠡ︶ ᠴᠢᠳᠠᠪᠤᠷᠢᠲᠠᠨ ᠤ ᠡᠷᠦᠬᠡ ᠠᠮᠠ ᠣᠷᠣᠬᠤ ᠶᠢ ᠬᠢᠵᠠᠭᠠᠷᠯᠠᠬᠤ ᠨᠥᠬᠦᠴᠡᠯ ᠢ ᠪᠥᠬᠦ ᠲᠠᠯ᠎ᠠ ᠪᠠᠷ | ᠴᠢᠯᠥᠭᠡᠲᠡᠶ ᠪᠣᠯᠭᠠᠨ᠎ᠠ᠃ ᠴᠢᠳᠠᠪᠤᠷᠢᠲᠠᠨ ᠡᠷᠦᠬᠡ ᠠᠮᠠ ᠣᠷᠣᠬᠤ ᠳᠤ ᠣᠷᠣᠰᠢᠨ ᠰᠠᠭᠤᠬᠤ ᠴᠠᠭ ᠤᠨ ᠬᠢᠵᠠᠭᠠᠷ ᠵᠡᠷᠭᠡ | ᠶᠠᠮᠠᠷᠪᠠ ᠨᠥᠬᠦᠴᠡᠯ ᠳᠤ ᠬᠢᠵᠠᠭᠠᠷᠯᠠᠭᠳᠠᠬᠤ ᠥᠬᠡᠶ︔ ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠠᠷᠭ᠎ᠠ ᠵᠠᠮ ᠢ | ᠨᠢ ᠥᠷᠭᠡᠳᠬᠡᠬᠦ ᠶᠢᠨ ᠲᠥᠯᠥᠭᠡ᠂ ᠬᠠᠮᠲᠤ ᠶᠢᠨ ᠡᠷᠦᠬᠡ ᠶᠢᠨ ᠰᠢᠭᠤᠳ ᠴᠢᠰᠤᠨ ᠲᠥᠷᠥᠯ ᠤᠨ ᠬᠠᠮᠢᠶᠠᠲᠠᠨ ᠨᠢ | ᠳᠠᠭᠠᠵᠤ ᠨᠡᠭᠦᠵᠦ ᠪᠣᠯᠬᠤ ᠥᠬᠡᠶ ᠭᠡᠰᠡᠨ ᠲᠣᠭᠲᠠᠭᠠᠯ ᠢ ᠬᠦᠴᠦᠨ ᠥᠬᠡᠶ ᠪᠣᠯᠭᠠᠵᠤ᠂ ᠮᠠᠨ ᠤ ᠬᠤᠲᠠ ᠳᠤ ᠬᠡᠷ | ᠪᠦᠯᠢ ᠶᠢᠨ ᠡᠷᠦᠬᠡ ᠭᠥᠯᠢᠶᠡᠨ ᠠᠪᠬᠤ ᠪᠠᠶᠢᠳᠠᠯ ᠳᠣᠤᠷ᠎ᠠ᠂ ᠴᠢᠳᠠᠪᠤᠷᠢᠲᠠᠨ ᠭᠥᠯᠢᠶᠡᠨ ᠠᠪᠤᠭᠴᠢ ᠶᠢ ᠲᠦᠰᠢᠵᠦ | ᠬᠡᠷ ᠪᠦᠯᠢ ᠶᠢᠨ ᠡᠷᠦᠬᠡ ᠠᠮᠠ ᠣᠷᠣᠬᠤ ᠶᠢ ᠵᠥᠪᠰᠢᠶᠡᠷᠡᠨ᠎ᠡ︔ ᠪᠥᠬᠦ ᠬᠤᠲᠠ ᠶᠢᠨ ᠡᠯ᠎ᠡ ᠡᠷᠦᠬᠡ ᠠᠮᠠ ᠶᠢᠨ | ᠲᠠᠩᠰᠠ ᠶᠢᠨ ᠲᠢᠩᠬᠢᠮ ᠨᠢ ᠴᠢᠳᠠᠪᠤᠷᠢᠲᠠᠨ ᠤ ᠡᠷᠦᠬᠡ ᠠᠮᠠ ᠣᠷᠣᠬᠤ ᠳᠤ ︽ᠰᠠᠭᠠᠳ ᠥᠬᠡᠶ ᠨᠡᠪᠲᠡᠷᠡᠬᠦ ᠵᠠᠮ︾ | ᠭᠠᠷᠭᠠᠵᠤ ᠴᠢᠨᠠᠷ ᠰᠠᠶᠢᠲᠠᠶ ᠳᠥᠭᠦᠮ ᠳᠥᠲᠡ ᠦᠢᠯᠡᠴᠢᠯᠡᠭᠡ ᠬᠠᠩᠭᠠᠵᠤ᠂ ᠴᠢᠳᠠᠪᠤᠷᠢᠲᠠᠨ ᠤ ᠮᠠᠨ ᠤ ᠬᠤᠲᠠ ᠳᠤ | ᠡᠷᠦᠬᠡ ᠠᠮᠠ ᠣᠷᠣᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ | ︵ᠬᠤᠶᠠᠷ︶ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠨᠥᠬᠦᠴᠡᠯ ᠢ ᠠᠭᠤᠵᠢᠭᠤ ᠲᠠᠯᠪᠢᠨ᠎ᠠ᠃ ︽ | ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ | ᠣᠯᠤᠭᠰᠠᠨ ᠪᠤᠶᠤ ᠪᠦᠬᠦᠯᠢ 6 ᠰᠠᠷ᠎ᠠ ᠰᠠᠭᠤᠭᠰᠠᠨ︾ ᠬᠥᠮᠦᠰ ᠬᠤᠲᠠ ᠶᠢᠨ ᠳᠥᠷᠪᠡᠨ ᠲᠣᠭᠤᠷᠢᠭ᠂ ᠨᠡᠭᠡᠭᠡᠯᠲᠡ ᠶᠢᠨ | ᠲᠣᠭᠤᠷᠢᠭ᠂ ᠲᠠᠪᠤᠨ ᠬᠤᠰᠢᠭᠤ ᠰᠢᠶᠠᠨ ᠲᠣᠭᠤᠷᠢᠭ ᠤᠨ ᠪᠠᠶᠢᠭᠤᠯᠤᠯᠳᠤ ᠪᠠᠯᠭᠠᠰᠤᠨ ᠳᠤ ᠡᠷᠦᠬᠡ ᠠᠮᠠ ᠤᠷᠤᠬᠤ ᠪᠠᠷ | ᠭᠤᠶᠤᠴᠢᠯᠠᠵᠤ ᠪᠣᠯᠤᠨ᠎ᠠ᠃ | ︵ᠭᠤᠷᠪᠠ︶ ᠰᠢᠭᠤᠳ ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠳᠠᠨ ᠡᠷᠦᠬᠡ ᠠᠮᠠ ᠣᠷᠣᠵᠤ | ᠤᠷᠤᠰᠢᠨ ᠰᠠᠭᠤᠬᠤ ᠨᠥᠬᠦᠴᠡᠯ ᠢ ᠬᠦᠴᠦᠨ ᠥᠬᠡᠶ ᠪᠣᠯᠭᠠᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠰᠢᠭᠤᠳ | ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠳᠠᠨ ᠲᠦᠷᠦᠯ ᠰᠠᠳᠤᠨ ᠢᠶᠠᠨ ᠲᠦᠰᠢᠵᠦ ᠡᠷᠦᠬᠡ ᠠᠮᠠ ᠣᠷᠣᠬᠤ | ᠲᠥᠷᠥ ᠶᠢᠨ ᠪᠣᠳᠣᠯᠭ᠎ᠠ ᠶᠢ ᠪᠠᠷᠢᠮᠲᠠᠯᠠᠨ᠎ᠠ᠂ ᠭᠡᠪᠡᠴᠦ ᠰᠢᠭᠤᠳ ᠴᠢᠰᠤᠨ ᠲᠥᠷᠥᠯ ᠤᠨ ᠬᠠᠷᠢᠴᠠᠭ᠎ᠠ ᠲᠠᠢ ᠬᠠᠮᠢᠶᠠᠳᠠᠨ | ᠡᠷᠦᠬᠡ ᠠᠮᠠ ᠣᠷᠣᠬᠤ ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠰᠢᠭᠤᠳ ᠴᠢᠰᠤᠨ | ᠲᠥᠷᠥᠯ ᠤᠨ ᠬᠠᠷᠢᠴᠠᠭ᠎ᠠ ᠲᠠᠢ ᠬᠠᠮᠢᠶᠠᠲᠠᠨ ᠲᠦᠷᠦᠯ ᠰᠠᠳᠤᠨ ᠢᠶᠠᠨ ᠲᠦᠰᠢᠵᠦ ᠪᠣᠳᠠᠲᠠᠶ ᠣᠷᠣᠰᠢᠨ ᠰᠠᠭᠤᠬᠤ | ᠴᠢᠬᠤᠯᠠᠲᠠᠶ ᠨᠥᠬᠦᠴᠡᠯ ᠢ ᠬᠦᠴᠦᠨ ᠥᠬᠡᠶ ᠪᠣᠯᠭᠠᠬᠤ ᠪᠠᠷ ᠲᠥᠯᠥᠪᠯᠡᠵᠦ ᠪᠠᠶᠢᠨ᠎ᠠ᠃ | ︵ᠳᠥᠷᠪᠡ︶ ᠨᠢᠭᠡᠴᠡ ᠶᠢᠨ ᠬᠠᠮᠲᠤ ᠶᠢᠨ ᠡᠷᠦᠬᠡ ᠪᠠᠶᠢᠭᠤᠯᠬᠤ ᠨᠥᠬᠦᠴᠡᠯ ᠢ ᠪᠠᠭᠤᠷᠠᠭᠤᠯᠤᠨ᠎ᠠ᠃ ᠣᠲᠣ ᠶᠢᠨ | ᠬᠡᠷᠡᠭᠵᠢᠭᠦᠯᠵᠦ ᠪᠠᠶᠢᠭ᠎ᠠ 15 ᠬᠥᠮᠦᠨ ᠠᠴᠠ ᠳᠡᠭᠡᠭᠰᠢ ᠲᠣᠭᠠᠨ ᠤ ᠬᠠᠮᠲᠤ ᠶᠢᠨ ᠡᠷᠦᠬᠡ ᠪᠠᠶᠢᠭᠤᠯᠵᠤ | ᠪᠠᠶᠢᠭᠰᠠᠨ ᠠᠴᠠ 5 ᠬᠥᠮᠦᠨ ᠠᠴᠠ ᠳᠡᠭᠡᠭᠰᠢ ᠲᠣᠭᠠᠨ ᠤ ᠬᠠᠮᠲᠤ ᠶᠢᠨ ᠡᠷᠦᠬᠡ ᠪᠠᠶᠢᠭᠤᠯᠵᠤ ᠪᠣᠯᠤᠨ᠎ᠠ︔ | ᠥᠩᠭᠡᠷᠡᠭᠰᠡᠨ ᠤ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠤ | ᠬᠠᠮᠲᠤ ᠶᠢᠨ ᠡᠷᠦᠭᠡ ᠭᠠᠷᠭᠠᠵᠤ ᠪᠣᠯᠤᠨ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠵᠡᠷᠭᠡ ᠴᠤ | ᠬᠠᠮᠲᠤ ᠶᠢᠨ ᠡᠷᠦᠭᠡ ᠪᠠᠶᠢᠭᠤᠯᠵᠤ ᠪᠣᠯᠬᠤ ᠪᠣᠯᠳᠠᠯ᠎ᠠ ᠠᠭᠤᠵᠢᠭᠤ ᠲᠠᠯᠪᠢᠨ᠎ᠠ︔ ᠬᠠᠮᠲᠤ ᠶᠢᠨ ᠡᠷᠦᠬᠡ ᠳᠤ ᠡᠷᠦᠬᠡ | ᠬᠤᠪᠢᠶᠠᠬᠤ ᠲᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠶ ᠪᠠᠶᠢᠳᠠᠯ ᠪᠠ ᠬᠡᠷᠡᠭᠴᠡᠭᠡ ᠪᠠᠨ | ᠦᠨᠳᠦᠰᠦᠯᠡᠨ᠂ ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠤᠷᠢᠲᠠᠯ ᠪᠣᠯᠭᠠᠵᠤ | ᠡᠷᠦᠬᠡ ᠠᠮᠠ ᠶᠢᠨ ᠳᠡᠪᠲᠡᠷ ᠢ ᠠᠰ ᠲᠤᠨᠢ ᠳᠠᠷᠤᠮᠠᠯᠯᠠᠨ᠎ᠠ ︵ᠤᠤᠯ ᠤᠨ ᠬᠠᠮᠲᠤ ᠶᠢᠨ ᠡᠷᠦᠬᠡ ᠶᠢᠨ ᠲᠠᠩ | ᠬᠠᠭᠤᠳᠠᠰᠤ ᠶᠢ ᠳᠠᠷᠤᠮᠠᠯᠯᠠᠨ᠎ᠠ᠂ ᠡᠷᠦᠬᠡ ᠠᠮᠠ ᠶᠢᠨ ᠳᠡᠪᠲᠡᠷ ᠢ ᠥᠯᠥ ᠳᠠᠷᠤᠮᠠᠯᠯᠠᠨ᠎ᠠ︶᠃ | ︵ᠲᠠᠪᠤ︶ ᠣᠯᠠᠨ ᠶᠠᠩᠵᠤ ᠶᠢᠨ ᠡᠷᠦᠬᠡ ᠠᠮᠠ ᠣᠷᠣᠬᠤ ᠠᠷᠭ᠎ᠠ ᠮᠠᠶ᠋ᠢᠭ ᠢ ᠬᠠᠩᠭᠠᠨ᠎ᠠ᠃ ᠬᠠᠤᠯᠢ ᠶᠣᠰᠣᠨ ᠤ | ᠲᠣᠭᠲᠠᠪᠤᠷᠢᠲᠠᠶ ᠣᠷᠣᠨ ᠰᠠᠭᠤᠴᠠ ᠲᠠᠢ ᠪᠠᠶᠢᠪᠠᠯ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠳᠤ | ᠡᠷᠦᠬᠡ ᠠᠮᠠ ᠤᠷᠤᠨ᠎ᠠ︔ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠦᠭᠡᠢ᠂ ᠬᠤᠪᠢ ᠶᠢᠨ | ᠥᠮᠴᠢᠯᠡᠯ ᠤᠨ ᠭᠡᠷ ᠪᠠᠶᠢᠰᠢᠩ ᠢ ᠲᠦᠷᠢᠶᠡᠰᠦᠯᠡᠨ ᠰᠠᠭᠤᠵᠤ ᠪᠠᠶᠢᠪᠠᠯ᠂ ᠭᠡᠷ ᠤᠨ ᠡᠵᠡᠨ ᠢᠶᠠᠷ ᠵᠥᠪᠰᠢᠶᠡᠷᠡᠭᠦᠯᠦᠭᠡᠳ | ᠲᠦᠷᠢᠶᠡᠰᠦᠯᠡᠭᠰᠡᠨ ᠭᠡᠷ ᠪᠠᠶᠢᠰᠢᠩ ᠤᠨ ᠬᠠᠶ᠋ᠢᠭ ᠲᠤ ᠡᠷᠦᠭᠡ ᠠᠮᠠ ᠤᠷᠤᠵᠤ ᠪᠣᠯᠤᠨ᠎ᠠ︔ ᠬᠠᠤᠯᠢ ᠶᠣᠰᠣᠨ ᠤ | ᠲᠣᠭᠲᠠᠪᠤᠷᠢᠲᠠᠶ ᠣᠷᠣᠨ ᠰᠠᠭᠤᠴᠠ ᠪᠠᠶᠢᠬᠤ ᠦᠭᠡᠢ᠂ ᠬᠤᠪᠢ ᠶᠢᠨ ᠥᠮᠴᠢᠯᠡᠯ ᠤᠨ ᠭᠡᠷ ᠪᠠᠶᠢᠰᠢᠩ ᠪᠠᠨ ᠢᠶᠠᠨ | ᠲᠦᠷᠢᠶᠡᠰᠦᠯᠡᠭᠦᠯᠵᠦ ᠪᠠᠶᠢᠭ᠎ᠠ ᠭᠡᠷ ᠤᠨ ᠡᠵᠡᠨ ᠨᠢ ᠡᠷᠦᠬᠡ ᠠᠮᠠ ᠣᠷᠣᠬᠤ ᠶᠢ ᠵᠥᠪᠰᠢᠶᠡᠷᠡᠬᠦ ᠦᠭᠡᠢ ᠪᠠᠶᠢᠪᠠᠯ᠂ | ᠨᠢᠭᠡᠴᠡ᠂ ᠴᠢᠳᠠᠪᠤᠷᠢᠲᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ ᠳᠤ ᠣᠷᠣᠵᠤ ᠪᠣᠯᠤᠨ᠎ᠠ᠃ ᠡᠷᠦᠬᠡ ᠠᠮᠠ | ᠣᠷᠣᠬᠤ ᠪᠣᠳᠠᠲᠠᠶ ᠶᠠᠪᠤᠴᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠡᠷᠡᠭᠵᠢᠭᠦᠯᠬᠦ ᠨᠠᠷᠢᠨ ᠲᠦᠷᠢᠮ ᠢ | ᠲᠣᠳᠣᠷᠬᠠᠶ ᠪᠣᠯᠭᠠᠨ᠎ᠠ᠃ | ᠢᠷᠡᠯᠲᠡ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | |