ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ | ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ | ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ | ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ 21 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠳ᠋ ᠤᠨ ᠵᠠᠰᠠᠭ ᠤᠨ ᠪᠠᠯᠠ | ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ | ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠨᠠᠩ | ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ | ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ | ᠪᠠᠲᠤᠯᠠᠵᠠᠢ᠃ | ᠬᠤᠷᠠᠯ ᠠᠴᠠ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ | ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ ᠠᠷᠭ᠎ᠠ | ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ | ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ ᠲᠥᠭᠦᠷᠢᠭ | ᠪᠠᠭᠤᠯᠭᠠᠵᠤ᠂ ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠳᠤ ︽ | ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠦᠢᠯᠡᠳᠦᠯ ᠪᠠᠳᠠᠷᠠᠭᠤᠯᠵᠤ᠂ ᠠᠵᠤ ᠠᠬᠤᠶ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠶᠢ ᠪᠠᠶᠢᠩᠭᠤᠵᠢᠭᠤᠯᠬᠤ ᠨᠢ | ᠨᠢᠳᠤᠨᠤᠨ ᠤ ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ ᠪᠡᠯᠡ ᠮᠥᠩᠭᠦ ᠪᠣᠯᠭᠠᠭᠰᠠᠨ ᠲᠠᠢ ᠠᠳᠠᠯᠢ ᠦᠭᠡᠢ᠂ | ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠠᠰᠢᠭ | ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ ᠳᠠᠮᠵᠢᠭᠤᠯᠤᠨ᠂ ᠲᠥᠪ ᠤᠨ ᠡᠳ᠋ ᠤᠨ ᠵᠠᠰᠠᠭ ᠤᠨ ᠠᠷᠠᠳ ᠤᠨ | ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ ᠮᠥᠩᠭᠦ ᠶᠢ ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ | ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ | ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠰᠢᠭᠤᠳ ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ | ᠲᠥᠭᠦᠷᠢᠭ ᠪᠠᠶᠢᠵᠤ᠂ ᠡᠭᠦᠨ ᠳᠤ 2.2 ᠲᠦᠮᠡᠨ ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ | ᠨᠢᠭᠡᠴᠢ ᠳᠤ ᠪᠠᠭᠤᠯᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ | ᠬᠡᠷᠡᠭᠯᠡᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ | ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ | ᠴᠢᠨᠠᠷᠲᠠᠶ ᠲᠥᠷᠥ ᠶᠢᠨ ᠪᠣᠳᠣᠯᠭ᠎ᠠ ᠶᠢᠨ ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ | ᠨᠢᠭᠡ ᠨᠢ ᠪᠣᠯᠭᠠᠵᠤ᠂ ᠲᠠᠭᠦᠨ ᠢ ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠶᠢ | ᠣᠯᠠᠨ ᠲᠦᠮᠡᠨ ᠤ ᠬᠦᠰᠡᠯ ᠡᠷᠡᠮᠡᠯᠵᠡᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ | ᠱᠠᠲᠤᠨ ᠤ ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ ᠣᠯᠠᠨ ᠡᠳ᠋ ᠤᠨ ᠬᠦᠴᠦᠨ ᠢ | ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ | ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠬᠤᠶᠠᠷ ᠲᠤ᠂ ᠣᠷᠣᠨ ᠨᠤᠲᠤᠭ ᠢ ᠰᠢᠪᠠᠳᠠᠵᠤ ᠪᠠᠶᠢᠭᠠᠳ | ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ ᠬᠡᠷᠡᠭᠯᠡᠬᠦ ᠠᠵᠢᠯ ᠢ ᠰᠠᠶᠢᠲᠤᠷ ᠬᠢᠯᠭᠡᠵᠦ᠂ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠪᠠᠲᠤᠯᠠᠨ᠎ᠠ᠃ | ᠣᠷᠣᠨ ᠨᠤᠲᠤᠭ ᠢ ᠵᠢᠯᠣᠭᠤᠳᠴᠤ ᠪᠠᠶᠢᠭᠠᠳ ᠲᠥᠪ ᠤᠨ ᠰᠢᠭᠤᠳ ᠬᠦᠷᠭᠡᠬᠦ ᠪᠡᠯᠡ ᠮᠥᠩᠭᠦ ᠶᠢᠨ ᠰᠠᠭᠤᠷᠢᠨ ᠳᠡᠭᠡᠷ᠎ᠡ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ | ᠮᠥᠩᠭᠦ ᠶᠢᠨ ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ | ︽ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ | ᠨᠠᠩ ᠣᠯᠠᠨ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ ᠬᠦᠷᠭᠡᠬᠦ | ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠴᠥᠮ ᠬᠢᠨᠠᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠪᠠᠯᠠ ᠮᠥᠩᠭᠦ | ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ ᠬᠡᠷᠡᠭᠯᠡᠭᠰᠡᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠵᠢᠴᠢ | ᠬᠠᠷᠢᠭᠤᠴᠠᠯᠭᠠᠲᠠᠳ ᠲᠠᠢ ᠪᠠᠶᠢᠳᠠᠯ ᠢ ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠢᠶᠠᠷ ᠮᠡᠳᠡᠭᠦᠯᠵᠦ | ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ ᠲᠦᠢᠯᠪᠤᠷᠢᠲᠠᠶ ᠪᠠᠶᠢᠴᠠᠭᠠᠵᠤ᠂ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ | ᠦᠨᠡᠨ ᠬᠦ ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ ᠰᠠᠶᠢᠨ | ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ ᠲᠥᠰᠦᠯ ᠳᠤ ᠲᠠᠷᠢᠶᠠᠨ | ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ | ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ | ᠬᠢᠵᠠᠭᠠᠷᠯᠠᠬᠤ ᠶᠢᠨ ᠬᠠᠮᠲᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ ᠳᠤ | ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ ᠨᠢᠭᠡ ᠠᠯᠬᠤᠮ ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ | ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ | ᠰᠢᠷᠣᠶ ᠲᠠᠲᠠᠪᠤᠷᠢᠯᠠᠬᠤ ᠳᠡᠰ ᠳᠠᠷᠠᠭᠠᠯᠠᠯ ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ | ᠳᠦᠷᠢᠮ ᠢ ᠲᠣᠭᠲᠠᠭᠠᠵᠤ᠂ ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ | ᠭᠦᠢᠴᠡᠳ ᠲᠤᠭ᠎ᠠ ᠪᠠᠷ ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ | ᠦᠭᠡᠶ ᠭᠡᠵᠦ ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ | ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ | ᠣᠷᠣᠨ ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠠᠰᠢᠭ ᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ ᠪᠠᠶᠢᠴᠠᠭᠠᠬᠤ ᠲᠦᠷᠢᠮ ᠢ | ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠬᠥᠳᠡᠯᠦᠩᠭᠦᠶ ᠲᠣᠭᠤᠷᠢᠨ | ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ ᠡᠪᠳᠡᠬᠦ᠂ ᠭᠠᠵᠠᠷ ᠰᠢᠷᠣᠶ ᠶᠢ ᠬᠠᠤᠯᠢ | ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ ᠬᠦᠢᠴᠡᠳᠬᠡᠬᠦ ᠶᠢ ᠲᠡᠪᠴᠢᠬᠦ ᠵᠡᠷᠭᠡ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠰᠢᠢᠳᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ ᠲᠣᠭᠲᠠᠭᠠᠯ ᠨᠡᠮᠡᠭᠰᠡᠨ ᠪᠠᠶᠢᠨ᠎ᠠ᠃ | |