ᠶᠦᠨ ᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 206 ᠳ᠋ᠤᠭᠠᠷ ᠬᠤᠷᠠᠯᠳᠤᠭᠠᠨ ᠵᠢᠴᠢ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ 6 ᠳ᠋ᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/27
     4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 206 ᠳ᠋ᠤᠭᠠᠷ ᠬᠤᠷᠠᠯᠳᠤᠭᠠᠨ ᠵᠢᠴᠢ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ 6 ᠳ᠋ᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ 4 ᠰᠠᠷ᠎ᠠ ᠶᠢᠨ 16 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ᠂ 4 ᠰᠠᠷ᠎ᠠ ᠶᠢᠨ17 ᠤ ᠡᠳᠦᠷ ᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠤᠨ ᠬᠠᠮᠢᠶ᠎ᠠ ᠪᠥᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠤᠷᠤᠯᠴᠠᠪᠠ᠂ ᠰᠢ ᠶᠢᠨ ᠫᠢᠩ ᠶᠡᠷᠦᠩᠬᠡᠶ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢᠨ ᠲᠣᠬᠢᠷᠠᠭᠤᠯᠤᠯᠲᠠ ᠶᠢ ᠰᠣᠨᠣᠰᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠤᠯᠠᠮᠵᠢᠯᠠᠨ ︽ᠰᠢᠨ᠎ᠡ ᠴᠠᠭ ᠦᠶ᠎ᠡ ᠶᠢᠨ ᠨᠠᠮ ᠤᠨ ᠭᠠᠳᠠᠨᠠᠬᠢ ᠰᠡᠬᠡᠭᠡᠲᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠣᠯᠤᠨ ᠨᠠᠮ ᠪᠦᠯᠦᠭ ᠤᠨ ᠪᠤᠰᠤ ᠬᠥᠮᠦᠰ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ ︾ ᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠦᠨ ᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 206 ᠳ᠋ᠤᠭᠠᠷ ᠬᠤᠷᠠᠯᠳᠤᠭᠠᠨ ᠵᠢᠴᠢ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ 6 ᠳ᠋ᠤᠭᠠᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ      ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ ᠵᠢᠴᠢ ᠠᠵᠢᠯ ᠤᠨ ᠬᠤᠪᠢᠶᠠᠷᠢᠯᠠᠯ ᠤᠨ ᠲᠥᠰᠦᠯ︾ ᠢ ᠬᠢᠨᠠᠨ ᠵᠥᠪᠯᠡᠪᠡ᠃      ᠶᠦᠨ ᠬᠠᠶ ᠴᠢᠬᠤᠯᠠᠴᠢᠯᠠᠭᠰᠠᠨ ᠨᠢ᠂ ᠪᠥᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠸᠠᠩ ᠶᠠᠩ ᠨᠥᠬᠦᠷ ᠤᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠪᠠᠷᠢᠮᠵᠢᠶ᠎ᠠ ᠲᠠᠢ ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ᠂ ᠠᠯᠳᠠᠭ᠎ᠠ ᠪᠤᠷᠤᠭᠤ ᠪᠠᠨ ᠵᠠᠯᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠶᠢ ᠲᠠᠶᠢᠯᠪᠤᠷᠢᠯᠠᠵᠤ᠂ ᠬᠤᠶᠠᠷ ᠢ ᠬᠠᠮᠠᠭᠠᠯᠠᠬᠤ ᠶᠢ ᠦᠢᠯᠡᠳᠦᠯᠭᠡᠵᠢᠭᠦᠯᠬᠦ ᠬᠡᠷᠡᠭᠲᠡᠶ᠃ ᠨᠢᠭᠡ ᠳᠤ᠂ ᠰᠤᠷᠤᠯᠴᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠭᠡᠨ ᠳᠡᠯᠭᠡᠷ ᠭᠦᠨ ᠭᠦᠨᠵᠡᠭᠡᠢ ᠨᠠᠷᠢᠨ ᠨᠢᠮᠪᠠᠢ ᠥᠷᠨᠢᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠬᠥᠮᠦᠰ ᠤᠨ ᠰᠡᠳᠬᠢᠯ ᠳᠤ ᠨᠡᠩ ᠭᠦᠨ ᠰᠠᠭᠤᠭᠳᠠᠭᠤᠯᠬᠤ ᠬᠡᠷᠡᠭᠲᠡᠢ᠃ ᠬᠤᠶᠠᠷ ᠲᠤ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠸᠠᠩ ᠶᠠᠩ ᠨᠥᠬᠦᠷ ᠤᠨ ᠵᠢᠭᠠᠪᠤᠷᠢ ᠶᠢᠨ ᠱᠠᠭᠠᠷᠳᠠᠯᠭ᠎ᠠ ᠲᠠᠢ ᠵᠤᠷᠪᠤᠰ ᠳᠠᠷᠠᠭᠠᠯᠠᠨ ᠬᠠᠷᠢᠴᠠᠭᠤᠯᠵᠤ᠂ ᠮᠠᠨ ᠤ ᠰᠢᠶᠠᠨ ᠤ ᠦᠨᠳᠦᠰᠦᠲᠡᠨ ᠤ ᠠᠵᠢᠯ ᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠨᠠᠷᠢᠨ ᠬᠢᠨᠠᠮᠠᠭᠠᠶ ᠵᠠᠳᠠᠯᠤᠨ ᠰᠤᠳᠤᠯᠵᠤ ᠮᠠᠭᠠᠳᠯᠠᠨ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠢᠶᠠᠨ ᠤ ᠱᠠᠲᠤᠨ ᠤ ᠤᠳᠤᠷᠢᠳᠤᠯᠭ᠎ᠠ ᠪᠠ ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ ᠳᠡᠯᠭᠡᠷᠡᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠨᠢᠭᠡᠴᠢ ᠪᠠ ᠭᠠᠵᠠᠷ ᠣᠷᠣᠨ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号