| | | 4 ᠰᠠᠷ᠎ᠠ ᠶᠢᠨ 15 ᠤ ᠤᠷᠤᠢ᠂ ᠦᠴᠤᠸᠠᠨ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠷᠤᠢ ᠶᠢᠨ ᠰᠤᠷᠭᠠᠭᠤᠯᠢ ᠶᠢᠨ ᠨᠣᠮ ᠤᠩᠰᠢᠬᠤ ᠠᠩᠬᠢ ᠶᠢᠨ | ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠤᠤ ᠴᠥᠩ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠨᠢᠭᠡᠳᠦᠭᠡᠷ ᠪᠦᠯᠦᠭ᠄ ᠳᠤᠮᠳᠠᠳᠤ ᠤᠯᠤᠰ ᠤᠨ ᠡᠪ | ᠬᠠᠮᠲᠤ ᠨᠠᠮ ᠢ ᠡᠭᠦᠰᠭᠡᠨ ᠪᠠᠶᠢᠭᠤᠯᠤᠭᠰᠠᠨ ᠪᠠ ᠶᠡᠭᠡ ᠬᠤᠪᠢᠰᠬᠠᠯ ᠳᠤ ᠣᠷᠣᠯᠴᠠᠭᠰᠠᠨ ᠬᠦᠴᠦᠲᠦ ᠤᠷᠤᠰᠬᠠᠯ ᠤᠨ 1 | — 6 ᠬᠡᠰᠡᠭ ᠢ ᠳᠠᠭᠠᠭᠤᠯᠤᠨ ᠰᠤᠷᠤᠯᠴᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠬᠠᠳᠠ᠂ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢᠦ | ᠳ᠋ᠦᠩ ᠱᠧᠩ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠬᠤᠶᠠᠳᠤᠭᠠᠷ ᠪᠦᠯᠦᠭ᠄ | ᠭᠠᠵᠠᠷ ᠰᠢᠷᠣᠶ ᠶᠢᠨ ᠬᠤᠪᠢᠰᠬᠠᠯ ᠤᠨ ᠰᠢᠭᠤᠷᠭ᠎ᠠ ᠶᠢ ᠳᠡᠭᠳᠡᠭᠡᠭᠰᠡᠨ 1 — 6 ᠬᠡᠰᠡᠭ ᠢ ᠳᠠᠭᠠᠭᠤᠯᠤᠨ | ᠰᠤᠷᠤᠯᠴᠠᠭᠰᠠᠨ ᠪᠠᠶᠢᠨ᠎ᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠶᠧ ᠴᠢᠦᠢ ᠫᠢᠩ | ᠪᠦᠬᠦ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠲᠣᠰ ᠤᠳᠠᠭᠠᠨ ᠤ ᠨᠣᠮ ᠤᠩᠰᠢᠬᠤ ᠠᠩᠭᠢ ᠶᠢᠨ ᠰᠤᠷᠤᠯᠴᠠᠯᠭ᠎ᠠ ᠶᠢᠨ ᠬᠤᠷᠠᠯ ᠨᠢ ᠭᠠᠵᠠᠷ ᠤᠨ ᠲᠠᠰ ᠤᠨ | ᠤᠳᠤᠷᠢᠳᠬᠤ ᠺᠠᠳ᠋ᠷᠴᠤᠳ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠶᠠᠨ ᠤ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ | ᠺᠠᠳ᠋ᠷᠴᠤᠳ ᠢ ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠢ ᠳᠠᠶᠢᠴᠢᠯᠠᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠳᠤ ᠣᠷᠣᠯᠴᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠤᠮᠳᠠ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠳᠥᠯᠭᠢᠨ ᠠᠬᠢᠭᠤᠯᠬᠤ ᠶᠢᠨ ᠲᠥᠯᠥᠭᠡ ᠶᠤᠮ᠃ ᠤᠳᠤᠷᠢᠳᠬᠤ ᠺᠠᠳ᠋ᠷᠴᠤᠳ ᠢ ᠨᠠᠮ ᠤᠨ | ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠠᠶ ᠠᠵᠢᠯ ᠬᠢᠬᠦ᠂ ᠰᠢᠨ᠎ᠡ ᠪᠠᠶᠢᠳᠠᠯ ᠢ ᠪᠤᠢ | ᠪᠣᠯᠭᠠᠬᠤ ᠶᠠᠪᠤᠳᠠᠯ ᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠪᠡ᠃ | |