ᠦᠴᠤᠸᠠᠨ ᠰᠢᠶᠠᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2021/4/28
     4 ᠰᠠᠷ᠎ᠠ ᠶᠢᠨ 23 ᠤ ᠡᠳᠦᠷ᠂ ᠦᠴᠤᠸᠠᠨ ᠰᠢᠶᠠᠨ ᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠯᠪᠣᠭ᠎ᠠ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠡᠷᠭᠢᠯᠡᠪᠡ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠶᠢᠩ ᠴᠦᠨ ᠬᠤᠷᠠᠯ ᠢ ᠡᠷᠬᠢᠯᠡᠵᠦ᠂ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ‍ᠤᠨ‌ᠬᠤᠯᠪᠤᠭ᠎ᠠ ᠶᠢᠨ ᠪᠤᠰᠤᠳ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2019 ᠣᠨ ᠤ 9 ᠰᠠᠷ᠎ᠠ ᠶᠢᠨ 27 ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽ᠬᠥᠬᠡᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠵᠢᠴᠢ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠯᠢ ᠶᠢᠩ ᠴᠦᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠳᠤᠷᠠᠳᠤᠭᠰᠠᠨ ᠶᠠᠪᠤᠴᠠ᠂ ᠭᠤᠣᠯ ᠠᠭᠤᠯᠭ᠎ᠠ ᠶᠢᠨ ᠲᠣᠭᠤᠷᠢᠨ ᠳᠤ ᠨᠠᠮ ᠤᠨ ᠭᠠᠳᠠᠨᠠᠬᠢ ᠰᠡᠬᠡᠭᠡᠲᠡᠳ ᠤᠨ ᠨᠥᠬᠦᠷᠯᠡᠯ ᠤᠨ ᠬᠤᠷᠠᠯ ᠤᠨ ᠪᠦᠷᠢᠯᠳᠦᠬᠦᠨ ᠳᠤ ᠭᠦᠨᠵᠡᠭᠡᠢ ᠲᠠᠶᠢᠯᠤᠮᠵᠢ ᠬᠢᠵᠡᠢ᠃      ᠯᠢ ᠶᠢᠩ ᠴᠦᠨ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ᠂ ︽ᠬᠤᠶᠠᠷ ᠢ ᠤᠶᠠᠯᠳᠤᠭᠤᠯᠬᠤ︾ ᠦᠨᠳᠦᠰᠦᠨ ᠵᠢᠷᠤᠮᠯᠠᠯ ᠢ ᠢᠮᠠᠭᠲᠠ ᠪᠠᠷᠢᠮᠲᠠᠯᠠᠵᠤ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠪᠠᠷᠢᠮᠲᠠᠯᠠᠨ ᠲᠡᠭᠦᠯᠳᠡᠷᠵᠢᠭᠦᠯᠬᠦ ᠬᠡᠷᠡᠭᠲᠡᠢ︔ ᠲᠠᠪᠤ ᠶᠢ ᠮᠡᠳᠡᠷᠡᠨ ᠵᠥᠪᠰᠢᠶᠡᠷᠡᠬᠦ ᠶᠢ ᠢᠮᠠᠭᠲᠠ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ︔ ᠭᠤᠷᠪᠠᠨ ᠤᠬᠠᠮᠰᠠᠷ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠢᠮᠠᠭᠲᠠ ᠪᠠᠲᠤ ᠪᠤᠢ ᠪᠣᠯᠭᠠᠬᠤ ᠬᠡᠷᠡᠭᠲᠡᠢ︔ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠬᠤ ᠨᠢ ᠨᠠᠮ ᠤᠨ ᠲᠥᠪ ᠬᠤᠷᠢᠶᠠᠨ ᠤ ᠠᠵᠢᠯ ᠤᠨ ᠴᠢᠬᠤᠯᠠ ᠠᠬᠢᠴᠠ ᠪᠣᠯᠪᠠ︔ ᠪᠣᠳᠠᠰ ᠤᠨ ᠬᠦᠴᠦᠨ ᠪᠠ ᠤᠶᠤᠨ ᠤ ᠬᠦᠴᠦᠨ ᠤ ᠬᠤᠶᠠᠷ ᠲᠦᠯᠬᠢᠭᠦᠷ ᠢ ᠰᠠᠶᠢᠲᠤᠷ ᠠᠰᠢᠭᠯᠠᠵᠤ᠂ ᠨᠡᠶᠢᠭᠡᠮ ᠤᠨ ᠭᠤᠣᠯ ᠤᠷᠤᠰᠬᠠᠯ ᠤᠨ ᠰᠣᠶᠣᠯ ᠪᠠ ᠨᠡᠶᠢᠭᠡᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠬᠥᠭᠵᠢᠭᠦᠯᠬᠦ ᠪᠣᠯ ᠠᠷᠠᠳ ᠲᠦᠮᠡᠨ ᠤ ᠲᠥᠯᠥᠭᠡ ᠭᠡᠳᠡᠭ ᠢ ᠢᠮᠠᠭᠲᠠ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠢᠲᠡᠭᠡᠯ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号