ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ ᠦᠵᠡᠯ ᠰᠠᠨᠠᠭ᠎ᠠ ᠪᠠᠨ ᠴᠢᠯᠥᠭᠡᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ ᠭᠤᠸᠠᠩᠰᠢ ᠶᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2021/4/30
4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 27 ᠤ ᠦᠳᠡ ᠶᠢᠨ ᠡᠮᠦᠨ᠎ᠠ᠂ ᠰᠢ ᠶᠢᠨ ᠫᠢᠩ ᠨᠠᠨᠨᠢᠩ ᠬᠤᠲᠠ ᠶᠢᠨ ᠭᠤᠸᠠᠩᠰᠢ ᠶᠢᠨ ᠦᠨᠳᠦᠰᠦᠲᠡᠨ ᠤ ᠮᠦᠽᠧᠢ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ ᠤᠨ ᠦᠨᠳᠦᠰᠦᠳᠡᠨ ᠤ ᠰᠤᠶᠤᠯ ᠤᠨ ᠠᠵᠢᠯᠯᠠᠭ᠎ᠠ ᠳᠤ ᠤᠷᠤᠯᠴᠠᠵᠤ ᠪᠠᠶᠢᠭ᠎ᠠ ᠡᠯ᠎ᠠ ᠦᠨᠳᠦᠰᠦᠳᠡᠨ ᠤ ᠤᠯᠠᠨ ᠲᠦᠮᠡᠨ ᠲᠠᠢ ᠲᠤᠳᠤᠨᠤ ᠪᠠᠷ ᠶᠠᠷᠢᠯᠴᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ
4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 26 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠸᠠᠩᠰᠢ ᠶᠢᠨ ᠯᠢᠦ ᠭᠦᠩ ᠪᠦᠯᠦᠭᠯᠡᠯ ᠺᠣᠮᠫᠠᠨᠢ ᠳᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠥ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠥ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠬᠦᠯᠵᠥ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ ᠭᠤᠸᠠᠩᠰᠢ ᠶᠢ ᠪᠦᠲᠦᠭᠡᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      4 ᠰᠠᠷ᠎ᠠ ᠶᠢᠨ 25 ᠠᠴᠠ 27 ᠤ ᠡᠳᠦᠷ ᠪᠣᠯᠲᠠᠯ᠎ᠠ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠭᠦᠢᠯᠢᠨ᠂ ᠯᠢᠦᠵᠧᠦ᠂ ᠨᠠᠨᠨᠢᠩ ᠵᠡᠷᠭᠡ ᠭᠠᠵᠠᠷ ᠲᠤ ᠬᠦᠷᠴᠦ᠂ ᠬᠤᠪᠢᠰᠬᠠᠯ ᠤᠨ ᠳᠤᠷᠠᠰᠬᠠᠯ ᠤᠨ ᠣᠷᠳᠣᠨ᠂ ᠬᠥᠳᠡᠭᠡ  ᠲᠣᠰᠬᠤᠨ᠂ ᠠᠵᠤ ᠠᠬᠤᠶᠢᠯᠠᠯ᠂ ᠦᠨᠳᠦᠰᠦᠲᠡᠨ ᠤ ᠮᠦᠽᠧᠢ ᠵᠡᠷᠬᠡ ᠳᠤ ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠳᠡ ᠲᠠᠢ ᠪᠠᠶᠢᠬᠤ ᠶᠢ ᠠᠬᠢᠭᠤᠯᠬᠤ ᠵᠡᠷᠭᠡ ᠶᠢᠨ ᠲᠤᠬᠠᠢ ᠪᠠᠶᠢᠴᠠᠭᠠᠨ ᠰᠤᠳᠤᠯᠪᠠ᠃      25 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠯᠢᠨ ᠬᠤᠳᠠ ᠶᠢᠨ ᠴᠢᠤᠸᠠᠨᠵᠧᠦ ᠰᠢᠶᠠᠨ ᠤ ᠼᠠᠢ ᠸᠠᠨ ᠪᠠᠯᠭᠠᠰᠤᠨ ᠳᠤ ᠪᠠᠶᠢᠷᠢᠯᠠᠭ᠎ᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠰᠢᠶᠠᠩᠵᠢᠶᠠᠩ ᠤᠨ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠳᠤ ᠬᠦᠷᠴᠦ᠂ ᠰᠢᠶᠠᠩᠵᠢᠶᠠᠩ ᠤᠨ ᠳᠠᠶᠢᠯᠠᠯᠳᠤᠭᠠᠨ ᠳᠤ ᠦᠷᠡᠭᠳᠡᠭᠰᠡᠨ ᠤᠯᠠᠭᠠᠨ ᠴᠡᠷᠢᠭ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠭᠤᠷᠪᠠᠨᠲᠠ ᠮᠡᠬᠦ᠋ᠢᠨ ᠶᠣᠰᠣᠯᠠᠵᠤ᠂ ︽ᠤᠯᠠᠭᠠᠨ ᠴᠡᠷᠢᠭ ᠤᠨ ᠰᠦᠭ ᠰᠦᠨᠡᠰᠦ︾ ᠱᠤᠭᠤᠮᠠᠯ ᠳᠤ ᠪᠠᠷᠠᠳᠠᠵᠤ᠂ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠃ 1934 ᠣᠨ ᠤ ᠵᠢᠯ ᠤᠨ ᠰᠡᠭᠦᠯᠴᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ ᠲᠥᠪ ᠤᠨ ᠤᠯᠠᠭᠠᠨ ᠴᠡᠷᠢᠭ ᠤᠨ ᠭᠤᠣᠯ ᠬᠦᠴᠦᠨ ᠤ ᠰᠢᠶᠠᠩᠵᠢᠶᠠᠩ ᠮᠥᠷᠡᠨ ᠢ ᠭᠡᠲᠦᠯᠬᠦ ᠶᠢ ᠪᠠᠲᠤᠯᠠᠵᠤ᠂ ᠤᠯᠠᠭᠠᠨ ᠴᠡᠷᠢᠭ ᠢ ᠰᠢᠶᠠᠩᠵᠢᠶᠠᠩ ᠮᠥᠷᠡᠨ ᠠᠴᠠ ᠵᠡᠭᠦᠨᠳᠠᠢ ᠪᠦᠰᠡᠯᠡᠨ ᠤᠰᠠᠳᠬᠠᠬᠤ ᠭᠡᠰᠡᠨ ᠳᠠᠶᠢᠰᠤᠨ ᠤ ᠭᠤᠷᠢᠳᠠᠯᠭ᠎ᠠ ᠶᠢ ᠪᠤᠳᠠ ᠨᠢᠷᠭᠡᠬᠦ ᠶᠢᠨ ᠲᠥᠯᠥᠭᠡ᠂ ᠬᠡᠳᠦᠨ ᠲᠦᠮᠡᠨ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢ ᠰᠢᠶᠠᠩᠵᠢᠶᠠᠩ ᠮᠥᠷᠡᠨ ᠤ ᠬᠤᠶᠠᠷ ᠬᠦᠪᠡᠭᠡ ᠪᠠᠷ ᠴᠢᠰᠤᠳᠤ ᠪᠠᠶᠢᠯᠳᠤᠭᠠᠨ ᠬᠢᠪᠡ᠂ ᠡᠨᠡ ᠬᠦ ᠪᠠᠶᠢᠯᠳᠤᠭᠠᠨ ᠨᠢ ᠳᠤᠮᠳᠠᠳᠤ ᠤᠯᠤᠰ ᠤᠨ ᠬᠤᠪᠢᠰᠬᠠᠯ ᠤᠨ ᠮᠠᠨᠳᠤᠵᠤ ᠮᠥᠬᠦᠬᠦ ᠲᠠᠢ ᠬᠤᠯᠪᠣᠭᠳᠠᠬᠰᠠᠨ ᠴᠢᠬᠤᠯᠠ ᠲᠡᠦᠬᠡᠨ ᠶᠠᠪᠤᠳᠠᠯ ᠪᠣᠯᠵᠠᠢ᠃ ᠰᠢ ᠶᠢᠨ ᠫᠢᠩ᠂ ᠭᠤᠸᠠᠩᠰᠢ ᠳᠤ ᠰᠢᠨᠵᠢᠯᠡᠨ ᠪᠠᠶᠢᠴᠠᠭᠠᠬᠤ ᠠᠩᠬᠠᠨ ᠤ ᠦᠷᠳᠡᠭᠡ ᠪᠠᠨ ᠠᠳᠡ ᠲᠠᠯᠪᠢᠭᠰᠠᠨ ᠨᠢ ᠪᠦᠬᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠰᠢᠷᠠᠮ ᠢᠶᠠᠷ᠂ ᠬᠤᠪᠢᠰᠬᠠᠯ ᠤᠨ ᠤᠷᠢᠳᠤᠰ ᠢᠶᠠᠨ ᠳᠤᠷᠠᠰᠤᠨ ᠰᠠᠨᠠᠭᠠᠯᠵᠠᠵᠤ᠂ ᠡᠪ ᠬᠠᠮᠲᠤᠴᠤᠳ ᠤᠨ ᠵᠣᠷᠢᠭ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠤᠪᠢᠰᠬᠠᠯ ᠤᠨ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ ᠶᠤᠮ᠃ ᠬᠤᠪᠢᠰᠬᠠᠯ ᠤᠨ ᠬᠦᠰᠡᠯᠡᠩ ᠶᠠᠭᠤᠨ ᠠᠴᠠ ᠴᠤ ᠡᠷᠬᠢᠮ ᠶᠤᠮ᠂ ᠬᠦᠰᠡᠯᠡᠩ ᠢᠲᠡᠭᠡᠯ ᠪᠢᠰᠢᠷᠡᠯ ᠤᠨ ᠭᠠᠯ ᠳᠦᠷᠡᠯᠵᠡᠪᠡᠯ ᠯᠤᠲᠤ ᠶᠡᠭᠡ ᠤᠶᠤᠨ ᠰᠠᠨᠠᠭᠠᠨ ᠤ ᠬᠦᠴᠦᠨ ᠢ ᠪᠤᠢ ᠪᠤᠯᠭᠠᠵᠤ ᠴᠢᠳᠠᠨ᠎ᠠ᠃ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢᠳ ᠦᠬᠦᠬᠦ ᠠᠴᠠ ᠦᠯᠦ ᠡᠮᠢᠶᠡᠨ᠂ ᠠᠮᠢ ᠪᠠᠨ ᠴᠦᠯᠡᠨ ᠴᠤᠴᠠᠯᠲᠠ ᠦᠭᠡᠢ ᠤᠷᠤᠭᠰᠢᠯᠠᠵᠤ᠂ ᠠᠯᠢᠪᠠ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠶᠠᠮᠠᠷᠪᠠ ᠬᠦᠴᠢᠷ ᠪᠡᠷᠬᠡᠰᠢᠶᠡᠯ ᠳᠤ ᠨᠤᠭᠤᠷᠠᠰᠢ ᠦᠭᠡᠢ ᠪᠠᠶᠢᠳᠠᠭ ᠡᠷᠬᠢᠮ ᠳᠡᠭᠡᠳᠦ ᠵᠣᠷᠢᠭ ᠰᠠᠨᠠᠭ᠎ᠠ ᠶᠢ ᠪᠢᠳᠡ ᠡᠭᠦᠷᠢᠳᠡ ᠪᠠᠲᠤ ᠴᠡᠭᠡᠵᠢᠯᠡᠵᠦ ᠪᠠᠳᠠᠷᠠᠭᠤᠯᠤᠭᠤᠰᠢᠲᠠᠢ ᠶᠤᠮ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠤᠷᠳᠤ ᠵᠠᠮ ᠤᠨ ᠠᠶᠠᠨ ᠲᠠᠶᠢᠨ ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ ᠢ ᠡᠪᠦᠷᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ᠬᠡᠵᠥ ᠢᠯᠡᠳᠬᠡᠪᠡ᠃      ᠲᠠᠷᠠᠭ᠎ᠠ ᠨᠢ᠂ ᠰᠢ ᠶᠢᠨ ᠫᠢᠩ ᠼᠠᠢ ᠸᠠᠨ ᠪᠠᠯᠭᠠᠰᠤᠨ ᠤ ᠮᠤᠤ ᠵᠦ ᠱᠠᠨ ᠲᠣᠰᠬᠤᠨ ᠳᠤ ᠬᠦᠷᠪᠡ᠃ ᠲᠤᠰ ᠲᠣᠰᠬᠤᠨ ᠤᠢᠢᠷ᠎ᠠ ᠶᠢᠨ ᠵᠢᠯ ᠠᠴᠠ ᠦᠵᠦᠮ ᠲᠠᠷᠢᠬᠤ ᠦᠢᠯᠡᠰ ᠢ ᠢᠳᠡᠪᠬᠢᠲᠡᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠲᠡᠢ ᠠᠬᠢᠭᠤᠯᠵᠠᠢ᠃ ᠰᠢ ᠶᠢᠨ ᠫᠢᠩ ᠦᠵᠦᠮ ᠤᠨ ᠲᠠᠷᠢᠮᠠᠯ ᠤᠨ ᠬᠦᠷᠢᠶᠡᠯᠡᠩ ᠳᠤ ᠣᠷᠣᠵᠤ᠂ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠠᠷᠢᠶᠠᠯᠠᠩ ᠤᠨ ᠮᠡᠷᠭᠡᠵᠢᠯᠲᠡᠨ ᠶᠠᠭ ᠲᠣᠰᠬᠤᠨ ᠤ ᠠᠷᠠᠳ ᠢ ᠵᠢᠯᠣᠭᠤᠳᠤᠨ ᠦᠵᠦᠮ ᠤᠨ ᠵᠡᠯ᠎ᠡ ᠤᠶᠠᠬᠤ᠂ ᠵᠡᠯ᠎ᠡ ᠲᠣᠭᠲᠠᠭᠠᠬᠤ ᠠᠵᠢᠯ ᠢ ᠵᠢᠯᠣᠭᠤᠳᠴᠤ ᠪᠠᠶᠢᠪᠠ᠂ ᠶᠡᠷᠦᠩᠬᠡᠶ ᠱᠦᠵᠢ ᠶᠢᠨ ᠢᠷᠡᠭᠰᠡᠨ ᠢ ᠦᠵᠡᠭᠡᠳ ᠨᠤᠲᠤᠭ ᠤᠨ ᠠᠬ᠎ᠠ ᠳᠡᠭᠦᠦ ᠨᠡᠷ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠡᠬᠡᠪᠡ᠃ ᠰᠢ ᠶᠢᠨ ᠫᠢᠩ ᠦᠵᠦᠮ ᠤᠨ ᠭᠠᠷᠤᠯᠳᠠ᠂ ᠶᠠᠰᠤ ᠴᠢᠨᠠᠷ᠂ ᠪᠣᠷᠣᠯᠠᠭᠤᠯᠭ᠎ᠠ ᠶᠢᠨ ᠵᠠᠮ᠂ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ ᠵᠡᠷᠭᠡ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠤᠨ᠂ ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠭ᠎ᠠ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠠᠬᠢᠭᠤᠯᠵᠤ᠂ ᠲᠠᠷᠢᠶᠠᠴᠢᠳ ᠲᠤ ᠠᠵᠤ ᠦᠢᠯᠡᠰ ᠤᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠨᠡᠩ ᠤᠯᠠᠨ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠠᠷᠠᠳ ᠸᠠᠩ ᠳ᠋ᠧ ᠯᠢ ᠶᠢᠨ ᠬᠡᠷ ᠲᠤ ᠬᠦᠷᠴᠦ ᠡᠷᠬᠢᠨ ᠦᠵᠡᠵᠦ᠂ ᠬᠡᠷ ᠤᠨ ᠬᠥᠮᠦᠰ ᠲᠠᠢ ᠨᠢ ᠬᠦᠷᠢᠶᠡᠯᠡᠨ ᠰᠠᠭᠤᠵᠤ ᠵᠣᠭᠤᠭᠳᠠᠪᠠ᠃ ᠸᠠᠩ ᠳ᠋ᠧ ᠯᠢ ᠶᠡᠷᠦᠩᠬᠡᠢ ᠱᠦᠵᠢ ᠳᠤ᠂ ᠲᠡᠳᠡᠨ ᠤ ᠬᠢᠨ 12 ᠮᠦ ᠦᠵᠦᠮ ᠲᠠᠷᠢᠵᠥ᠂ ᠲᠠᠷᠢᠶᠠᠯᠠᠩ ᠤᠨ ᠰᠡᠯᠡᠭᠦᠦ ᠴᠠᠭ ᠲᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠳᠤᠨᠤᠨ ᠭᠡᠷ ᠪᠦᠯᠢ ᠶᠢᠨ ᠣᠷᠣᠯᠭ᠎ᠠ ᠨᠢ 14 ᠲᠦᠮᠡᠨ ᠲᠥᠭᠦᠷᠢᠭ ᠢ ᠳᠠᠪᠠᠵᠠᠢ ᠭᠡᠵᠦ ᠬᠡᠯᠡᠪᠡ᠃ ᠰᠢ ᠶᠢᠨ ᠫᠢᠩ ᠰᠣᠨᠣᠰᠤᠭᠠᠳ ᠮᠠᠰᠢ ᠪᠠᠶᠠᠷᠯᠠᠪᠠ᠃ ᠲᠡᠷᠡ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠬᠳᠤᠬᠤ ᠴᠢᠬᠤᠯᠠ ‍ᠠᠭ ᠮᠥᠴᠡ ᠳᠤ᠂ ᠮᠠᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠰᠠᠶᠢᠨ ‍ᠠᠶᠢᠬᠠᠨ ᠠᠮᠢᠳᠤᠷᠠᠯ ᠢ ᠪᠦᠷ ᠲᠡᠮᠡᠴᠡᠵᠦ ᠪᠠᠶᠢᠭᠠᠳ ᠣᠯᠳᠠᠭ ᠶᠤᠮ᠃ ᠲᠠ ᠨᠠᠷ ᠠᠵᠢᠯᠴᠢ ᠬᠥᠳᠡᠯᠮᠦᠷᠢᠴᠢ ᠤᠶᠤᠨ ᠤᠬᠠᠭᠠᠨ ᠳᠠᠭᠠᠨ ᠲᠦᠰᠢᠭᠯᠡᠨ ᠠᠮᠢᠳᠤᠷᠠᠯ ᠢᠶᠠᠨ ᠨᠡᠩ ᠵᠣᠯ ᠵᠢᠷᠭᠠᠯᠲᠠᠢ᠂ ᠨᠡᠩ ᠡᠷᠡᠮᠡᠯᠵᠡᠯ ᠲᠠᠢ ᠪᠣᠯᠭᠠᠬᠤ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠷᠤᠯᠴᠠᠬᠤ ᠶᠢ ᠴᠢᠬᠤᠯᠠᠴᠢᠯᠠᠵᠤ᠂ ᠮᠡᠳᠡᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ ᠲᠣᠰᠬᠤᠨ ᠠᠴᠠ ᠰᠠᠯᠬᠤ ᠦᠶ᠎ᠡ ᠳᠤ᠂ ᠨᠤᠲᠤᠭ ᠤᠨ ᠠᠬ᠎ᠠ ᠳᠡᠭᠦᠦ ᠨᠡᠷ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠲᠡᠷᠡ᠂ ᠠᠷᠠᠳ ᠳᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠪᠣᠯ ︽ᠤᠯᠤᠰ ᠤᠨ ᠶᠡᠭᠡ ᠶᠠᠪᠤᠳᠠᠯ︾ ᠮᠦᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠳᠣᠣᠷ᠎ᠠ ᠦᠭᠡᠢ ᠶᠤᠮ᠂ ᠶᠠᠭᠠᠬᠢᠭᠰᠠᠨ ᠴᠤ ᠠᠮᠤᠰᠬᠢᠬᠦ ᠪᠤᠳᠤᠯ ᠤᠷᠤᠵᠤ ᠪᠣᠯᠬᠤ ᠦᠭᠡᠢ᠂ ᠰᠢᠨ᠎ᠡ ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠭᠦᠨ ᠰᠡᠳᠬᠢᠯᠭᠡ ᠲᠠᠢ ᠬᠡᠯᠡᠪᠡ᠃          ᠤᠢᠢᠷ᠎ᠠ ᠶᠢᠨ ᠵᠢᠯ ᠳᠤ᠂ ᠭᠦᠢᠯᠢᠨ ᠬᠤᠳᠠ ᠯᠢᠵᠢᠶᠠᠩ ᠮᠦᠷᠡᠨ ᠤ ︽ᠡᠪᠳᠡᠭᠳᠡᠯ ᠢ ᠵᠠᠰᠠᠬᠤ᠂ ᠤᠰᠤ ᠶᠢ ᠵᠠᠰᠠᠬᠤ᠂ ᠠᠭᠤᠯᠠ ᠶᠢ ᠵᠠᠰᠠᠬᠤ᠂ ᠦᠨᠳᠦᠰᠦ ᠶᠢ ᠵᠠᠰᠠᠬᠤ︾ ᠶᠢ ᠶᠡᠭᠡ ᠪᠠᠷ ᠠᠬᠢᠭᠤᠯᠵᠤ᠂ ᠯᠢᠵᠢᠶᠠᠩ ᠮᠦᠷᠡᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠪᠠ᠃ 25 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠯᠢᠨ ᠬᠤᠳᠠ ᠶᠢᠨ ᠶᠠᠩ ᠱᠦᠸᠧ ᠰᠢᠶᠠᠨ ᠤ ᠯᠢᠵᠢᠶᠠᠩ ᠮᠦᠷᠡᠨ ᠤ ᠶᠠᠩ ᠳ᠋ᠢ ᠭᠠᠷᠠᠮ ᠳᠤ ᠬᠦᠷᠴᠦ᠂ ᠯᠢᠵᠢᠶᠠᠩ ᠮᠦᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠩᠭᠤᠴᠠᠨ ᠳᠤ ᠰᠠᠭᠤᠵᠤ ᠯᠢᠵᠢᠶᠠᠩ ᠮᠦᠷᠡᠨ ᠤ ᠶᠠᠩ ᠱᠦᠸᠧ ᠶᠢᠨ ᠬᠡᠰᠡᠭ ᠲᠤ ᠰᠢᠨᠵᠢᠯᠡᠨ ᠪᠠᠶᠢᠴᠠᠭᠠᠪᠠ᠃ ᠲᠡᠷᠡ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠵᠥᠪ ᠠᠮᠢ ᠠᠬᠤᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠪᠠᠶᠢᠭᠠᠯᠢ ᠶᠢ ᠳᠡᠭᠡᠳᠦᠯᠡᠵᠦ᠂ ᠪᠠᠶᠢᠭᠠᠯᠢ ᠲᠠᠢ ᠵᠣᠬᠢᠴᠠᠨ᠂ ᠪᠠᠶᠢᠭᠠᠯᠢ ᠶᠢ ᠬᠠᠮᠠᠭᠠᠯᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠤᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠭᠤᠯᠠ ᠤᠰᠤᠨ ᠤ ᠠᠮᠢ ᠠᠬᠤᠢ ᠶᠢᠨ ᠤᠤᠭᠠᠯ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ᠂ ᠠᠮᠢ ᠠᠬᠤᠢ ᠶᠢ ᠰᠡᠷᠭᠦᠭᠡᠬᠦ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠶᠢ ᠭᠦᠨᠵᠡᠭᠡᠢ ᠠᠬᠢᠭᠤᠯᠵᠤ ᠂ ᠳᠤᠷ᠎ᠠ ᠪᠠᠷ ᠢᠶᠠᠨ ᠲᠡᠭᠦᠵᠦ ᠮᠠᠯᠲᠠᠬᠤ ᠶᠢ ᠵᠤᠭᠰᠤᠭᠠᠨ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ᠂ ᠠᠮᠢ ᠠᠬᠤᠢ ᠶᠢᠨ ᠰᠢᠰᠲ᠋ᠧᠮ ᠦᠷᠭᠦᠯᠵᠢᠯᠡᠨ ᠰᠢᠯᠢᠳᠡᠭᠵᠢᠭᠦ᠂ ᠪᠦᠬᠦᠯᠢ ᠴᠣᠭᠴᠠ ᠶᠢᠨ ᠴᠢᠳᠠᠮᠵᠢ ᠦᠷᠭᠦᠯᠵᠢᠯᠡᠨ ᠳᠡᠭᠡᠭᠰᠢᠯᠡᠭᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃      26 ᠤ ᠡᠳᠦᠷ᠂ ᠰᠢ ᠶᠢᠨ ᠫᠢᠩ ᠭᠦᠢᠯᠢᠨ ᠬᠤᠳᠠ ᠶᠢᠨ ᠰᠢᠶᠠᠩ ᠪᠢ ᠱᠠᠨ ᠴᠡᠴᠡᠷᠯᠢᠭ ᠲᠤ ᠬᠦᠷᠴᠦ᠂ ᠠᠭᠤᠯᠠ ᠤᠰᠤᠨ ᠤ ᠦᠩᠭᠡ ᠦᠵᠡᠮᠵᠢ ᠶᠢ ᠪᠠᠷᠠᠯᠠᠵᠤ᠂ ᠶᠠᠪᠠᠭᠠᠨ ᠬᠦᠮᠦᠨ ᠤ ᠵᠠᠮ ᠢᠶᠠᠷ ᠬᠤᠳᠠᠯᠳᠤᠭ᠎ᠠ᠂ ᠰᠢᠦᠳᠠᠨ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠵᠢᠭᠤᠯᠴᠢᠯᠠᠭᠰᠠᠳ᠄ ︽ᠶᠡᠷᠦᠩᠬᠡᠢ ᠱᠦᠵᠢ ᠰᠠᠶᠢᠨ ᠦᠦ︕︾ ᠭᠡᠵᠦ ᠦᠨᠲᠦᠷ ᠲᠠᠭᠤᠨ ᠢᠶᠠᠷ ᠪᠠᠶᠠᠷᠯᠠᠨ ᠬᠠᠰᠬᠢᠷᠪᠠ᠃ ᠰᠢ ᠶᠢᠨ ᠫᠢᠩ ᠤᠯᠠᠨ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠭᠦᠢᠯᠢᠨ ᠪᠣᠯ ᠠᠭᠤᠯᠠ ᠤᠰᠤ ᠪᠠᠷ ᠢᠶᠠᠨ ᠳᠡᠯᠡᠬᠡᠶ ᠳᠤ ᠠᠯᠲᠠᠷᠰᠢᠭᠰᠠᠠ ᠵᠢᠭᠤᠯᠴᠢᠯᠠᠯ ᠤᠨ ᠨᠠᠷᠠᠲᠤ ᠬᠤᠲᠠ ᠮᠥᠨ᠃ ᠡᠨᠡ ᠪᠣᠯ ᠡᠬᠡ ᠪᠠᠶᠢᠭᠠᠯᠢ ᠠᠴᠠ ᠳᠤᠮᠳᠠᠳᠤ ᠶᠢᠨ ᠦᠨᠳᠦᠰᠦᠲᠡᠨ ᠳᠤ ᠰᠣᠶᠣᠷᠬᠠᠭᠰᠠᠨ ᠡᠷᠳᠡᠨᠢᠲᠦ ᠭᠠᠵᠠᠷ ᠮᠦᠨ᠂ ᠡᠷᠬᠡᠪᠰᠢ ᠰᠠᠶᠢᠲᠤᠷ ᠬᠠᠮᠠᠭᠠᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠬᠡᠪ ᠠᠶᠠᠰ ᠴᠢᠨᠠᠷ ᠲᠡᠰ ᠢᠶᠠᠨ ᠳᠡᠭᠡᠭᠰᠢᠯᠡᠭᠦᠯᠤᠨ ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ᠂ ᠨᠠᠷᠬᠢᠨ ᠵᠢᠭᠤᠯᠴᠢᠯᠠᠬᠤ ᠳᠤ ᠲᠣᠬᠢᠯᠢᠭ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠬᠤᠲᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠲᠤᠰ ᠡᠳᠦᠷ ᠤᠨ ᠦᠳᠡ ᠶᠢᠨ ᠬᠤᠶᠢᠨ᠎ᠠ᠂ ᠰᠢ ᠶᠢᠨ ᠫᠢᠩ ᠯᠢᠤᠵᠸᠤ ᠬᠤᠳᠠ ᠳᠤ ᠬᠦᠷᠴᠤ ᠰᠢᠨᠵᠢᠯᠡᠨ ᠪᠠᠶᠢᠴᠠᠭᠠᠪᠠ ᠃ ᠭᠤᠸᠠᠩᠰᠢ ᠶᠢᠨ ᠯᠢᠦ ᠭᠦᠩ ᠪᠦᠯᠦᠭᠯᠡᠯ ᠺᠣᠮᠫᠠᠨᠢ ᠳᠤ᠂ ᠰᠢ ᠶᠢᠨ ᠫᠢᠩ ᠤᠷᠢᠳ ᠬᠤᠵᠢᠳ ᠺᠣᠮᠫᠠᠨᠢ ᠶᠢᠨ ᠦᠵᠡᠭᠦᠯᠭᠡ ᠶᠢᠨ ᠲᠢᠩᠬᠢᠮ᠂ ᠰᠤᠳᠤᠯᠤᠨ ᠨᠡᠭᠡᠭᠡᠬᠦ ᠲᠤᠷᠰᠢᠯᠲᠠ ᠶᠢᠨ ᠲᠥᠪ᠂ ᠤᠳᠬᠤᠭᠤᠷ ᠮᠠᠰᠢᠨ ᠤᠭᠰᠠᠷᠠᠨ ᠲᠣᠨᠣᠭᠯᠠᠬᠤ ᠦᠢᠯᠡᠳᠪᠦᠷᠢ ᠵᠡᠷᠭᠡ ᠪᠠᠷ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠤᠣᠯ ᠪᠤᠯᠬᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠪᠣᠯᠤᠨ ᠮᠡᠷᠭᠡᠵᠢᠯ ᠰᠤᠳᠤᠯᠤᠨ ᠨᠡᠭᠡᠭᠡᠬᠦ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠣᠯ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠶᠢᠨ ᠭᠤᠣᠯᠳᠠᠯᠭ᠎ᠠ ᠪᠣᠯᠤᠨ᠎ᠠ᠂ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠦᠢᠯᠡᠳᠬᠦ ᠦᠢᠯᠡᠰ ᠠᠴᠠ ᠰᠠᠯᠵᠤ ᠴᠢᠳᠠᠬᠤ ᠦᠭᠡᠢ ᠶᠤᠮ᠂ ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠬᠤ ᠬᠡᠷᠡᠭᠲᠡᠢ᠃ ᠭᠠᠭᠴᠠ ᠬᠦ ᠰᠢᠨ᠎ᠡ ᠶᠢ ᠡᠭᠦᠳᠪᠡᠯ ᠰᠠᠶ᠋ᠢ ᠥᠪᠡᠷ ᠢ ᠪᠠᠨ ᠬᠦᠴᠦᠷᠬᠡᠭᠵᠢᠭᠦᠯᠵᠦ᠂ ᠲᠡᠷᠢᠭᠦᠨ ᠤ ᠬᠢ ᠪᠤᠯᠬᠤ ᠪᠠᠷ ᠬᠦᠴᠦᠯᠡᠨ ᠴᠢᠷᠮᠠᠶᠢᠵᠤ ᠴᠢᠳᠠᠨ᠎ᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤᠮᠳᠠ ᠨᠠᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠠᠷᠠᠭ᠎ᠠ ᠨᠢ᠂ ᠰᠢ ᠶᠢᠨ ᠫᠢᠩ ᠯᠢᠦᠵᠸᠦ ᠶᠢᠨ ᠭᠤᠤᠯ ᠤᠨ ᠲᠤᠩ ᠤᠨ ᠰᠤᠷ ᠪᠤᠳᠠᠭᠠᠨ ᠤ ᠦᠢᠯᠡᠳᠪᠦᠷᠢᠯᠡᠯ ᠲᠥᠪᠯᠡᠷᠡᠭᠰᠡᠨ ᠣᠷᠣᠨ ᠳᠤ ᠬᠦᠷᠴᠦ᠂ ᠭᠤᠤᠯ ᠤᠨ ᠲᠤᠩ ᠤᠨ ᠰᠤᠷ ᠪᠤᠳᠠᠭᠠᠨ ᠤ ᠤᠨᠴᠠᠯᠢᠬᠳᠤ ᠠᠵᠤ ᠦᠢᠯᠡᠰ ᠤᠨ ᠠᠵᠢᠯ ᠣᠯᠭᠤᠯᠲᠠ ᠶᠢ ᠠᠬᠢᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠨᠴᠠᠯᠢᠬᠳᠤ ᠠᠵᠤ ᠦᠢᠯᠡᠰ ᠢ ᠬᠥᠭᠵᠢᠭᠦᠯᠬᠦ ᠪᠣᠯ ᠣᠷᠣᠨ ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢᠨ ᠨᠢᠭᠡᠨ ᠪᠣᠳᠠᠲᠤ ᠠᠷᠭ᠎ᠠ ᠬᠡᠮᠵᠢᠶ᠎ᠠ ᠮᠥᠨ᠂ ᠲᠤᠰ ᠪᠡᠶ᠎ᠡ ᠶᠢᠨ ᠨᠥᠬᠦᠴᠡᠯ ᠪᠣᠯᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠪᠠᠳᠤ ᠰᠠᠬᠢᠵᠤ᠂ ᠪᠠᠷᠢᠮᠵᠢᠶᠠᠵᠢᠭᠤᠯᠤᠯᠲᠠ᠂ ᠲᠦᠷᠦᠯ ᠲᠡᠮᠳᠡᠭᠴᠢᠯᠡᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ ᠳᠡᠮᠵᠢᠵᠦ᠂ ᠬᠥᠲᠥᠯᠥᠨ ᠵᠢᠯᠣᠭᠤᠳᠬᠤ ᠬᠡᠷᠡᠭᠲᠡᠶ ᠭᠡᠵᠦ ᠵᠢᠭᠠᠵᠦ ᠭᠠᠷᠭᠠᠪᠠ᠃      ᠭᠤᠸᠠᠩᠰᠢ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠬᠠᠮᠤᠭ ᠤᠨ ᠣᠯᠠᠨ ᠪᠠᠶᠢᠳᠠᠭ ᠥᠪᠡᠷᠲᠡᠭᠡᠨ ᠵᠠᠰᠠᠬᠤ ᠣᠷᠣᠨ ᠪᠣᠯᠤᠨ᠎ᠠ᠃ 27 ᠤ ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ ᠬᠤᠲᠠ ᠶᠢᠨ ᠶᠦᠩᠵᠢᠶᠠᠩ ᠮᠦ᠋ᠷᠠᠠ ᠤ ᠬᠥᠪᠡᠭᠡᠨ ᠳᠤ ᠪᠠᠶᠢᠭ᠎ᠠ ᠭᠤᠸᠠᠩᠰᠢ ᠶᠢᠨ ᠦᠨᠳᠦᠰᠦᠲᠡᠨ ᠤ ᠮᠦᠽᠧᠢ ᠳᠤ ᠬᠦᠷᠴᠦ᠂ ᠵᠤᠸᠠᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢ ᠲᠣᠭᠤᠷᠢᠨ ᠦᠵᠡᠪᠡ᠃ ᠮᠦᠽᠧᠶ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ ᠤᠨ ᠵᠤᠸᠠᠩ ᠦᠨᠳᠦᠰᠦᠲᠡᠨ ᠤ ᠡᠯᠭᠦᠭᠡ ᠳᠠᠭᠤᠤ ᠵᠡᠷᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠲᠥᠪᠯᠡᠷᠡᠭᠦᠯᠦᠨ ᠬᠠᠷᠠᠭᠤᠯᠵᠤ ᠪᠠᠶᠢᠪᠠ᠃ ᠰᠢ ᠶᠢᠨ ᠫᠢᠩ᠂ ᠭᠤᠸᠠᠩᠰᠢ ᠪᠣᠯ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠪᠣᠯᠤᠨ᠎ᠠ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ᠃ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠤᠨ ᠡᠬᠢ ᠰᠤᠷᠪᠤᠯᠵᠢ ᠮᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ ᠰᠢᠨ᠎ᠡ ᠠᠶᠠᠨ ᠵᠠᠮ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠩᠭᠡ ᠭᠡᠷᠡᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠭᠤᠸᠠᠩᠰᠢ ᠶᠢᠨ ᠡᠯ᠎ᠡ ᠲᠠᠯ᠎ᠠ ᠶᠢᠨ ᠠᠵᠢᠯ ᠤᠨ ᠤᠯᠤᠭᠰᠠᠨ ᠠᠮᠵᠢᠯᠲᠠ ᠶᠢ ᠨᠤᠲᠠᠯᠠᠵᠤ᠂ ᠭᠤᠸᠠᠩᠰᠢ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠤᠸᠠᠩᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠢ ᠬᠦᠰᠡᠪᠡ᠃      ᠰᠢ ᠶᠢᠨ ᠫᠢᠩ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠠᠬᠢ ᠵᠠᠷᠴᠢᠮ ᠱᠠᠭᠠᠷᠳᠠᠯᠭ᠎ᠠ ᠶᠢ ᠭᠦᠨᠵᠡᠭᠡᠢ ᠲᠠᠨᠢᠬᠤ ᠬᠡᠷᠡᠭᠲᠡᠢ ᠪᠥᠭᠡᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠠᠪᠤᠴᠠ ᠳᠠᠬᠢ ᠲᠤᠰ ᠭᠠᠵᠠᠷ ᠣᠷᠣᠨ ᠤ ᠪᠠᠨ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠢ ᠡᠵᠡᠮᠳᠡᠵᠦ᠂ ᠭᠠᠵᠠᠷ ᠤᠷᠤᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠶᠢ ᠠᠬᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ᠂ ᠲᠤᠭ᠎ᠠ ᠪᠠᠷᠢᠮᠳᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠡᠷᠡᠰ ᠭᠤᠶᠢᠪᠢᠰᠢ ᠦᠭᠡᠢ︾ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠤᠷᠴᠢᠨ ᠨᠦᠬᠦᠴᠡᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠠᠭᠤᠰᠤᠯᠴᠠᠵᠤ᠂ ᠪᠠᠷᠠᠭᠤᠨ ᠬᠡᠰᠡᠭ ᠤᠨ ᠡᠬᠡ ᠬᠠᠭᠤᠷᠠᠶ ᠪᠠ ᠲᠡᠯᠡᠶ ᠶᠢᠨ ᠰᠢᠨ᠎ᠡ ᠵᠠᠮ ᠢ ᠥᠨᠳᠥᠷ ᠲᠦᠪᠰᠢᠨ ᠢᠶᠠᠷ ᠬᠠᠮᠲᠤ ᠪᠠᠷ ᠪᠥᠲᠥᠭᠡᠨ ᠪᠠᠶᠢᠭᠤᠯᠵᠤ᠂ ᠲᠡᠯᠡᠶ ᠳᠤ ᠬᠠᠨᠳᠤᠭᠰᠠᠨ ᠠᠵᠤ ᠠᠬᠤᠶ ᠶᠢ ᠶᠡᠭᠡ ᠪᠠᠷ ᠬᠥᠭᠵᠢᠭᠦᠯᠤᠨ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠭᠡᠭᠡᠯᠳᠡᠳᠤ ᠬᠠᠮᠲᠤᠷᠠᠯᠴᠠᠭ᠎ᠠ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ ᠡᠷᠭᠢᠯᠡᠵᠦ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠬᠢᠵᠦ ᠬᠥᠭᠵᠢᠭᠦᠯᠬᠦ ᠳᠠᠪᠠᠭᠤᠯᠢᠭ ᠪᠤᠯᠭᠠᠨ ᠨᠡᠩ ᠰᠠᠶᠢᠳᠦᠷ ᠬᠤᠪᠢᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃     ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠨ ᠠᠮᠠ ᠶᠢ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠡᠮᠵᠢᠵᠤ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠭᠤᠸᠠᠩᠰᠢ ᠶᠢᠨ ᠤᠢ ᠰᠢᠭᠤᠢ ᠵᠢᠮᠢᠰ ᠢᠳᠡᠰᠢᠨ ᠨᠣᠭᠤᠭ᠎ᠠ ᠰᠢᠬᠢᠷ ᠵᠡᠷᠭᠡ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠨᠢᠭᠡ ᠪᠦᠯᠦᠭ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠡᠷᠬᠢᠯᠳᠡᠳᠤ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃     ᠰᠢ ᠶᠢᠨ ᠫᠢᠩ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠲᠠᠷᠢᠶᠠᠴᠢᠨ ᠪᠣᠯᠤᠨ ᠬᠤᠳᠠ ᠪᠠᠯᠭᠠᠰᠤᠨ ᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠠᠴᠢᠶᠠᠨ ᠤ ᠮᠠᠰᠢᠨ ᠤ ᠵᠢᠯᠣᠭᠤᠴᠢ᠂ ᠲᠦᠷᠭᠡᠨ ᠬᠦᠷᠭᠡᠯᠳᠡ ᠶᠢᠨ ᠰᠢᠤᠳᠠᠨᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠴᠢᠩᠭᠠᠳᠬᠠᠨ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠰᠡᠷᠭᠡᠶᠢᠯᠡᠬᠦ᠂ ᠡᠮᠨᠡᠨ ᠵᠠᠰᠠᠬᠤ᠂ ᠰᠤᠪᠢᠯᠠᠬᠤ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠴᠢᠩᠭ᠎ᠠ ᠰᠡᠷᠭᠡᠶᠢᠯᠡᠵᠦ᠂ ᠤᠨᠴᠠ ᠬᠦᠨᠳᠤ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠶᠢ ᠪᠦᠲᠦᠮᠵᠢᠲᠡᠢ ᠬᠤᠷᠢᠡᠡᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠤᠯᠤᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠭᠤᠸᠠᠩᠰᠢ ᠶᠢᠨ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠡᠳᠡᠭᠡᠷ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠡᠡᠯᠠᠵᠤ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ ᠪᠤᠯ ᠳᠠᠷᠤᠢ ᠢᠲᠡᠭᠡᠯ ᠪᠢᠰᠢᠷᠡᠯ᠂ ᠢᠲᠡᠭᠡᠯ ᠬᠦᠰᠡᠯ᠂ ᠢᠳᠡᠭᠡᠯ ᠵᠤᠷᠢᠭ ᠢᠶᠠᠨ ᠨᠡᠮᠡᠭᠳᠡᠭᠦᠯᠬᠦ ᠶᠠᠪᠤᠳᠠᠯ ᠪᠤᠯᠤᠨ᠎ᠠ᠂ ᠡᠨᠡ ᠪᠣᠯ ᠪᠢᠳᠡᠨ ᠤ ᠠᠯᠢᠪᠠ ᠬᠦᠴᠦᠷᠬᠡᠭ ᠳᠠᠶᠢᠰᠤᠨ ᠢ ᠢᠯᠠᠬᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ ᠠᠯᠢᠪᠠ ᠢᠯᠠᠯᠲᠠ ᠶᠢ ᠲᠡᠮᠡᠴᠡᠨ ᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ ᠮᠠᠷᠺᠰ ᠤᠨ ᠦᠵᠡᠯ᠂ ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠢᠲᠡᠭᠡᠯ ᠪᠢᠰᠢᠷᠡᠯ ᠤᠨ ᠬᠦᠴᠦᠨ ᠢ ᠮᠡᠳᠡᠷᠡᠭᠦᠯᠦᠨ ᠤᠢᠢᠯᠠᠭᠠᠭᠤᠯᠵᠤ᠂ ᠢᠮᠠᠭᠲᠠ ᠡᠷᠡᠰ ᠬᠠᠳᠠᠨ ᠰᠥᠰᠥ ᠵᠣᠷᠢᠭ ᠲᠠᠢ ᠪᠠᠶᠢᠯᠭᠠᠨ᠂ ᠡᠯ᠎ᠡ ᠵᠦᠢᠯ ᠤᠨ ᠬᠦᠨᠳᠦ ᠶᠡᠭᠡ ᠬᠦᠴᠢᠷ ᠪᠡᠷᠬᠡᠰᠢᠶᠡᠯ ᠪᠣᠯᠤᠨ ᠬᠠᠲᠠᠭᠤ ᠴᠢᠩᠭ᠎ᠠ ᠥᠷᠢᠰᠥᠯᠳᠦᠭᠡᠨ ᠢ ᠵᠣᠷᠢᠭᠲᠠᠢ ᠢᠯᠠᠨ ᠳᠠᠪᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠬᠦᠰᠡᠯ ᠢ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠤᠯᠤᠰ ᠢ ᠬᠥᠭᠵᠢᠭᠦᠯᠬᠦ ᠳᠤ ᠵᠠᠶᠢᠯᠠᠰᠢ ᠦᠭᠡᠢ ᠵᠠᠮᠨᠠᠬᠤ ᠵᠠᠮ ᠮᠥᠨ᠂ ᠦᠢᠯᠡᠳᠦᠯᠭᠡ ᠶᠢᠨ ᠰᠢᠯᠭᠠᠯᠳᠠ ᠶᠢ ᠦᠩᠭᠡᠷᠡᠭᠦᠯᠦᠭᠰᠡᠨ ᠰᠢᠨᠵᠢᠯᠡᠬᠦ ᠤᠬᠠᠭᠠᠨᠴᠢ ᠦᠨᠡᠨ ᠶᠣᠰᠣ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ ᠢᠮᠠᠭᠲᠠ ᠪᠠᠲᠤᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠤᠷᠢᠭ ᠢ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠵᠠᠪᠠᠯ ᠢᠯᠠᠬᠤ ᠢᠲᠡᠭᠡᠯ ᠢ ᠨᠢ ᠴᠢᠩᠭᠠᠳᠬᠠᠵᠤ᠂ ᠮᠠᠨ ᠤ ᠨᠠᠮ ᠯᠠᠪᠲᠠᠢ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠮᠠᠨ ᠤ ᠡᠨᠡ ᠦᠶ᠎ᠡ ᠶᠢᠨ ᠬᠥᠮᠦᠰ ᠲᠤ ᠬᠠᠷᠢᠶᠠᠯᠠᠭᠳᠠᠬᠤ᠂ ᠰᠢᠨ᠎ᠡ ᠴᠠᠭ ᠦᠶ᠎ᠡ ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ ᠵᠢᠳᠬᠦᠯ ᠪᠠᠶᠢᠭᠤᠯᠵᠤ ᠳᠡᠶᠢᠯᠬᠦ ᠶᠢ ᠪᠠᠳᠤ ᠢᠳᠡᠭᠡᠭᠦᠯᠬᠦ ᠬᠡᠷᠡᠭᠳᠠᠢ᠃ ᠢᠲᠡᠭᠡᠯ ᠪᠢᠰᠢᠷᠡᠯ᠂ ᠢᠲᠡᠭᠡᠯ ᠬᠦᠰᠡᠯ᠂ ᠢᠲᠡᠭᠡᠯ ᠵᠤᠷᠢᠭ ᠪᠣᠯ ᠢᠯᠵᠠᠷᠠᠯ ᠢ ᠰᠡᠷᠭᠡᠶᠢᠯᠡᠬᠦ ᠬᠠᠮᠤᠭ ᠤᠨ ᠰᠠᠶᠢᠨ ᠡᠮ ᠮᠥᠨ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠨᠡᠩ ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠ ᠶᠢᠨ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号