ᠶᠦᠨ ᠬᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/6
     3 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠦᠴᠤᠸᠠᠨ ᠰᠢᠶᠠᠨ ᠤ ᠲᠠᠷᠢᠶᠠᠯᠠᠩ ᠤᠨ ᠪᠠᠩᠬᠢ ᠪᠣᠯᠤᠨ ᠦᠴᠤᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃  ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠫᠧᠩ ᠱᠣᠣ ᠴᠥᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦᠶ ᡁᠢ ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠬᠠᠶ ᠲᠤᠤ ᠪᠣᠯᠤᠨ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠰᠢᠶᠠᠨ ᠤ ᠰᠢᠭᠦᠬᠦ ᠬᠤᠷᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ      ᠬᠤᠷᠠᠯ ᠠᠴᠠ ᠦᠴᠤᠸᠠᠨ ᠰᠢᠶᠠᠨ ᠤ ᠲᠠᠷᠢᠶᠠᠯᠠᠩ ᠤᠨ ᠪᠠᠩᠬᠢ ᠪᠣᠯᠤᠨ ᠦᠴᠤᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠠᠮᠲᠤᠷᠠᠯᠴᠠᠭᠠᠨ ᠤ ᠬᠤᠯᠪᠣᠭᠠᠲᠤ ᠬᠤᠷᠰᠢᠶ᠎ᠠ ᠶᠢᠨ ᠠᠵᠢᠯᠯᠠᠭᠠᠨ ᠤ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠪᠠ᠃ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠳᠤ ᠪᠠᠶᠢᠭᠰᠠᠨ ᠬᠤᠷᠠᠯ ᠳᠤ ᠣᠷᠣᠯᠴᠠᠭᠰᠠᠳ ᠤᠷᠢᠳ ᠬᠤᠵᠢᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠲᠤᠬᠠᠢ ᠵᠢᠯᠤᠭᠤᠳᠤᠯᠭ᠎ᠠ ᠶᠢᠨ ᠴᠢᠨᠠᠷᠲᠠᠢ ᠰᠠᠨᠠᠯ ᠳᠤᠷᠠᠳᠴᠠᠢ᠃      ᠶᠦᠨ ᠬᠠᠶ ᠵᠢᠭᠠᠵᠤ ᠭᠠᠷᠭᠠᠭᠰᠠᠨ ᠨᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠨᠢ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠵᠤ᠂ ᠲᠦᠭ ᠲᠦᠮᠡᠨ ᠠᠶᠢᠯ ᠡᠷᠤᠭᠡ ᠳᠤ ᠬᠤᠯᠪᠣᠭᠳᠠᠬᠤ ᠪᠣᠯᠬᠤᠷ ᠤᠯᠠᠨ ᠢᠶᠠᠷ ᠢᠶᠠᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠨ ᠰᠠᠶᠢᠵᠢᠷᠠᠭᠤᠯᠵᠤ᠂ ᠬᠠᠳᠠᠭᠠᠯᠠᠮᠵᠢ ᠵᠢᠭᠡᠯᠡᠯᠭᠡ ᠶᠢᠨ ᠲᠤᠭ᠎ᠠ ᠪᠠᠷᠢᠮᠲᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠠᠯᠪᠠᠨ ᠭᠡᠷ ᠠᠴᠠ ᠰᠠᠷ᠎ᠠ ᠪᠦᠷᠢ ᠶᠢᠨ ᠬᠠᠳᠠᠭᠠᠯᠠᠮᠵᠢ ᠵᠢᠭᠡᠯᠡᠯᠭᠡ ᠶᠢᠨ ᠲᠤᠭ᠎ᠠ ᠪᠠᠷᠢᠮᠲᠠ᠂ ᠡᠷᠡᠭᠦᠯ ᠪᠤᠰᠤ ᠲᠤᠭ᠎ᠠ ᠪᠠᠷᠢᠮᠲᠠ ᠶᠢ ᠵᠠᠰᠠᠭ ᠤᠨ ᠣᠷᠳᠣᠨ ᠳᠤ ᠬᠠᠷᠢᠭᠤ ᠮᠡᠳᠡᠭᠦᠯᠵᠦ᠂ ᠵᠠᠰᠠᠭ ᠤᠨ ᠣᠷᠳᠣᠨ ᠤ ᠢᠯᠡ ᠭᠠᠷ ᠢᠶᠠᠷ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠪᠠ ᠮᠥᠩᠭᠦᠨ ᠭᠦᠢᠯᠭᠡᠭᠡᠨ ᠤ ᠠᠯᠪᠠᠨ ᠭᠡᠷ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠬᠠᠮᠵᠢᠨ ᠢᠯᠭᠠᠷᠠᠭᠤᠯᠤᠨ ᠬᠤᠷᠢᠶᠠᠬᠤ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠣᠲᠣᠭᠠᠳᠤ ᠶᠢᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠡᠯᠡᠯᠭᠡ ᠬᠢᠨᠠᠬᠤ ᠭᠤᠭᠴᠤᠭ᠎ᠠ ᠵᠢᠴᠢ ᠵᠢᠭᠡᠯᠡᠯᠭᠡ ᠠᠪᠬᠤ ᠡᠲᠡᠭᠡᠳ ᠢ ᠬᠢᠨᠠᠨ ᠬᠠᠷᠭᠤᠭᠤᠯᠬᠤ ᠠᠵᠢᠯ ᠢ ᠴᠢᠩᠭ᠎ᠠ ᠰᠠᠶᠢᠲᠤᠷ ᠬᠢᠵᠦ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠬᠦᠷᠢᠶᠡᠨ ᠳᠤ ᠡᠶ᠎ᠡ ᠵᠣᠬᠢᠴᠠᠩᠭᠤᠢ ᠡᠮᠬᠢ ᠳᠢᠭᠯᠢᠮ ᠲᠠᠢ ᠰᠠᠶᠢᠨ ᠰᠠᠶᠢᠬᠠᠨ ᠢᠲᠡᠭᠡᠮᠵᠢ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠬᠥᠭᠵᠢᠯᠲᠡ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号