ᠬᠦᠬᠡᠬᠤᠳᠠ ᠶᠢᠨ ᠲᠣᠰ ᠱᠠᠲᠤᠨ ᠤ ᠡᠳ᠋ ᠤᠨ ᠵᠠᠰᠠᠭ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 13.73 ᠳ᠋ᠦᠩᠰᠢᠭᠤᠷ ᠲᠥᠭᠦᠷᠢᠭ ᠣᠷᠣᠭᠤᠯᠵᠠᠢ
ᠨᠡᠶᠢᠲᠡᠯᠡᠭᠰᠡᠨ ᠴᠠᠭ᠄
2021/4/8
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ ᠣᠶᠢᠷ᠎ᠠ ᠶᠢᠨ 5 ᠵᠢᠯ ᠤᠨ ᠲᠤᠷᠰᠢ᠂ ᠬᠥᠬᠡᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠨᠡᠶᠢᠲᠡ 13.73 ᠳ᠋ᠦᠩᠰᠢᠭᠤᠷ ᠲᠥᠭᠦᠷᠢᠭ ᠤᠷᠤᠭᠤᠯᠬᠤ ᠶᠢᠨ ᠬᠠᠮᠳᠤ ᠳᠡᠭᠡᠳᠦ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 10.6 ᠳ᠋ᠦᠩᠰᠢᠭᠤᠷ ᠲᠥᠭᠦᠷᠢᠭ ᠴᠢᠷᠮᠠᠶᠢᠨ ᠤᠯᠵᠤ ᠂ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠡᠯᠡ ᠮᠥᠩᠭᠦᠨ ᠤ ᠪᠠᠲᠤᠯᠠᠭ᠎ᠠ ᠬᠠᠩᠭᠠᠵᠠᠢ᠃ ᠶᠠᠳᠠᠭᠤ ᠶᠢ ᠲᠡᠤᠨᠭᠦᠭᠦ ᠪᠡᠯᠡ ᠮᠦᠡᠭᠭᠦ ᠶᠢ ᠪᠠᠳᠤᠯᠠᠬᠤ ᠲᠠᠯ᠎ᠠ ᠪᠠᠷ᠂ ᠬᠦᠬᠡᠬᠤᠳᠠ ᠶᠢᠨ ᠬᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠳᠠᠬᠢ ᠲᠦᠷᠢᠮ ᠤᠨ ᠪᠠᠶᠢᠭᠤᠯᠤᠯᠲᠠ ᠶᠢᠨ ᠰᠠᠭᠤᠷᠢᠯᠠᠬᠤ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠲᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠮᠤᠷ ᠲᠦᠪᠰᠢᠨ ᠢ ᠪᠠᠲᠤᠯᠠᠪᠠ︔ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠲᠡᠶᠢᠰᠢ ᠪᠡᠯᠡ ᠮᠥᠩᠭᠦ ᠶᠢ ᠲᠥᠪᠯᠡᠷᠡᠭᠦᠯᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠲᠡᠷᠢᠭᠦᠨ ᠴᠢᠬᠤᠯᠠ ᠪᠠᠲᠤᠯᠠᠭ᠎ᠠ ᠶᠢᠨ ᠲᠥᠷᠥᠯ ᠵᠦᠢᠯ ᠪᠣᠯᠭᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢ ᠦᠨᠡᠨ ᠬᠦ ᠰᠠᠶᠢᠲᠤᠷ ᠵᠠᠷᠤᠴᠠᠭᠤᠯᠵᠤ ᠰᠠᠶᠢᠲᠤᠷ ᠬᠡᠷᠡᠭᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ︔ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠥᠳᠡᠯᠦᠩᠭᠦᠢ ᠬᠢᠨᠠᠨ ᠡᠵᠡᠮᠳᠡᠬᠦ ᠲᠠᠪᠴᠠᠩ ᠢ ᠭᠦᠢᠴᠡᠳ ᠠᠰᠢᠬᠯᠠᠨ ᠪᠠᠯᠠ ᠮᠥᠩᠭᠦ ᠶᠢᠨ ᠵᠣᠭᠰᠣᠩᠭᠢᠷᠠᠭᠰᠠᠨ ᠪᠠᠶᠢᠳᠠᠯ ᠢ ᠴᠠᠭ ᠲᠤᠬᠠᠶ ᠳᠤᠨᠢ ᠰᠡᠷᠡᠮᠵᠢᠯᠡᠭᠦᠯᠬᠦ ᠶᠢ ᠴᠢᠩᠭᠠᠳᠬᠠᠨ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠳᠤᠬᠠᠢ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠮᠡᠳᠡᠭᠦᠯᠦᠨ ᠵᠠᠯᠠᠷᠠᠭᠤᠯᠵᠤ᠂ ᠬᠤᠲᠠ ᠰᠢᠶᠠᠨ ᠰᠢᠶᠠᠩ ᠭᠤᠷᠪᠠᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠦᠨᠳᠦᠰᠦᠨ ᠱᠠᠲᠤᠨ ᠤ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠨᠢᠭᠡᠴᠢ ᠶᠢᠨ ᠵᠠᠷᠯᠠᠨ ᠨᠡᠶᠢᠲᠡᠯᠡᠬᠦ ᠠᠵᠢᠯ ᠥᠷᠨᠢᠭᠦᠯᠬᠦ ᠶᠢ ᠵᠢᠯᠣᠭᠤᠳᠤᠭᠰᠠᠨ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号