ᠦᠴᠤᠸᠠᠨ ᠰᠢᠶᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/10
     4 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ ᠦᠴᠤᠸᠠᠨ ᠰᠢᠶᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠢ ᠠᠬᠢᠭᠤᠯᠬᠤ ᠬᠤᠷᠠᠯ ᠬᠢᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠠᠳᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦᠶ ᡁᠢ ᠭᠠᠩ ᠬᠤᠷᠠᠯ ᠳᠤ ᠣᠷᠣᠯᠴᠠᠵᠤ᠂ ᠰᠢᠶᠠᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠠᠴᠠ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠲᠦᠷᠦᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠨᠠᠮᠳᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠠᠳᠠ ᠴᠢᠬᠤᠯᠠᠴᠢᠯᠠᠭᠰᠠᠨ ᠨᠢ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠭᠤᠭᠴᠤᠭ᠎ᠠ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠣᠪᠣᠷ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠲᠡᠦᠬᠡ ᠶᠢᠨ ᠬᠥᠮᠦᠵᠢᠯ ᠲᠠᠢ ᠤᠶᠠᠯᠳᠤᠭᠤᠯᠤᠨ᠂ ᠤᠯᠤᠰ ᠲᠦᠷᠦ ᠬᠠᠤᠯᠢ ᠴᠠᠭᠠᠵᠠ ᠶᠢᠨ ᠬᠥᠮᠦᠵᠢᠯ ᠴᠡᠭᠴᠡᠯᠡᠯᠲᠡ ᠶᠢ ᠪᠠᠶᠢᠩᠭᠤᠵᠢᠭᠤᠯᠬᠤ ᠶᠠᠪᠤᠳᠠᠯ ᠢ ᠠᠬᠢᠭᠤᠯᠬᠤ ᠬᠡᠷᠡᠭᠲᠡᠶ᠃ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠬᠤᠭᠤᠴᠠᠭᠠᠨ ᠳᠠᠬᠢ ᠡᠯ᠎ᠡ ᠵᠦᠢᠯ ᠤᠨ ᠠᠰᠠᠭᠤᠳᠠᠯ ᠤᠨ ᠰᠦᠪᠡᠭᠴᠢ ᠶᠢ ᠬᠤᠭᠤᠴᠠᠭ᠎ᠠ ᠶᠣᠰᠣᠭᠠᠷ ᠰᠢᠢᠳᠪᠦᠷᠢᠯᠡᠨ ᠳᠠᠭᠤᠰᠬᠠᠵᠤ᠂ ᠠᠷᠠᠳ ᠤᠯᠠᠨ ᠤ ᠣᠶᠢᠯᠠᠭᠠᠵᠤ ᠮᠡᠳᠡᠬᠦ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号