ᠶᠦᠨ ᠬᠠᠢ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/14
     5 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠹᠠᠩ ᠲᠢᠶᠠᠨ ᠯᠢ ᠨᠥᠬᠦᠷ︔ ᠬᠤᠲᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠠᠴᠢᠨ᠂ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠺᠠᠳ᠋ᠷ ᠰᠤ᠋ ᠨᠢᠩ ᠨᠥᠬᠦᠷ ᠬᠤᠷᠠᠯ ᠳᠤ ᠢᠷᠡᠵᠦ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠣᠯᠠᠨ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢᠨ ᠲᠣᠭᠤᠷᠢᠨ ᠳᠤ ᠭᠦᠨᠵᠡᠭᠡᠶ ᠰᠤᠷᠤᠯᠴᠠᠯᠭ᠎ᠠ ᠥᠷᠨᠢᠭᠦᠯᠦᠭᠰᠡᠨ ᠪᠥᠭᠡᠳ ᠬᠤᠪᠢ ᠬᠥᠮᠦᠨ ᠤ ᠲᠤᠰᠬᠠᠶ ᠰᠡᠳᠦᠪᠲᠦ ᠰᠤᠷᠤᠯᠴᠠᠯᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠳᠠᠷᠠᠭ᠎ᠠ ᠳᠤᠨᠢ᠂ ᠶᠦᠨ ᠬᠠᠢ ᠤᠯᠠᠨ ᠢ ᠳᠠᠭᠠᠭᠤᠯᠤᠨ ᠥᠩᠭᠡᠷᠡᠭᠰᠡᠨ ᠵᠢᠯ ᠤᠳ ᠤᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃      ᠬᠤᠷᠠᠯ ᠳᠡᠭᠡᠷ᠎ᠡ ᠶᠦᠨ ᠬᠠᠶ ᠵᠢᠭᠠᠵᠤ ᠭᠠᠷᠭᠠᠬᠤ ᠳᠠᠭᠠᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠠᠯᠢ ᠣᠯᠠᠨ ᠴᠢᠬᠤᠯᠠ ᠶᠠᠷᠢᠶ᠎ᠠ ᠶᠢ ᠭᠦᠨᠵᠡᠭᠡᠶ ᠰᠤᠷᠤᠯᠴᠠᠵᠤ᠂ ᠸᠠᠩ ᠶᠠᠩ ᠲᠡᠷᠢᠭᠦᠯᠡᠭᠴᠢ ᠶᠢᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠬᠥᠮᠦᠵᠢᠯ ᠢ ᠪᠦᠬᠦ᠋ᠢᠯᠡ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠲᠠᠨᠢᠯᠲᠠ ᠪᠠᠨ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠲᠠᠢ ᠨᠢᠭᠡᠳᠬᠡᠬᠦ ᠶᠢ ᠤᠯᠠᠮ ᠨᠢᠭᠡ ᠠᠯᠬᠤᠮ ᠬᠥᠲᠦᠯᠦᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠪᠠ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠤᠶ ᠪᠣᠯᠭᠠᠵᠤ᠂ ᠨᠡᠶᠢᠲᠡᠯᠢᠭ ᠴᠢᠨᠠᠷ ᠬᠢᠭᠡᠳ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠢᠶᠠᠷ ᠲᠠᠨᠢᠨ ᠰᠢᠢᠳᠪᠦᠷᠢᠯᠡᠵᠦ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ  ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠬᠦᠷᠢᠶᠡᠨ ᠳᠠᠬᠢ ᠭᠦᠨ ᠲᠠᠰ ᠳᠠᠪᠬᠤᠷᠭ᠎ᠠ ᠶᠢᠨ ᠠᠰᠠᠭᠤᠳᠠᠯ ᠪᠠ ᠠᠷᠠᠳ ᠣᠯᠠᠨ ᠤ ᠪᠠᠴᠢᠮᠳᠠᠵᠤ ᠲᠤᠯᠭᠠᠮᠳᠠᠵᠤ ᠬᠦᠴᠢᠷᠳᠡᠵᠣ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠨᠡᠷ᠎ᠡ ᠲᠥᠷᠥ ᠶᠢ ᠰᠠᠶᠢᠲᠤᠷ ᠬᠠᠶᠢᠷᠠᠯᠠᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠠᠶᠢᠪᠤᠩ ᠪᠠᠶᠢᠬᠤ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号