ᠮᠠᠨ ᠤ ᠬᠤᠲᠠ ᠨᠡᠶᠢᠳᠡ ᠶᠢᠨ  ᠬᠤᠷᠠᠮᠳᠤᠭᠤᠯᠭ᠎ᠠ ᠶᠢᠨ ᠮᠦᠩᠬᠦᠨ ᠤ ᠰᠦᠯᠵᠢᠶᠡᠨ ᠲᠡᠬᠡᠷᠡᠬᠢ ᠲᠤᠬᠠᠢᠢᠯᠠᠬᠰᠠᠨ ᠠᠵᠢᠯ ᠤᠨ ᠪᠦᠬᠦ ᠶᠠᠪᠤᠴᠠ ᠶᠢ ᠡᠯᠧᠺᠲᠷᠣᠨᠴᠢᠯᠠᠪᠠ
ᠨᠡᠶᠢᠲᠡᠯᠡᠭᠰᠡᠨ ᠴᠠᠭ᠄
2021/5/17
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠬᠦᠬᠡᠬᠤᠳᠠ ᠶᠢᠨ ᠲᠠᠯᠪᠢᠬᠤ ᠬᠠᠮᠢᠶᠠᠷᠬᠤ ᠦᠢᠯᠡᠴᠢᠯᠡᠬᠦ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠦᠷᠬᠦᠯᠵᠢᠯᠡᠨ ᠰᠢᠯᠢᠳᠡᠭᠵᠢᠬᠦᠯᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠦᠪ ᠰᠦᠯᠵᠢᠶᠡᠨ ᠲᠡᠬᠡᠷᠡᠬᠢ ᠲᠤᠬᠠᠢᠢᠯᠠᠬᠰᠠᠨ ᠠᠵᠢᠯ ᠤᠨ ᠪᠦᠬᠦ ᠶᠠᠪᠤᠴᠠ ᠪᠠᠨ ᠡᠯᠧᠺᠲᠷᠤᠨᠴᠢᠯᠡᠭᠰᠡᠨ ᠪᠠᠶᠢᠨ᠎ᠠ᠃      ᠮᠠᠨ ᠤ ᠬᠤᠲᠠ ᠶᠢᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠦᠪ ᠲᠦᠷᠦᠬᠦᠬᠡᠨ ᠰᠦᠯᠵᠢᠶᠡᠨ ᠲᠡᠬᠡᠷᠡᠬᠢ ᠲᠤᠬᠠᠢᠢᠯᠠᠬᠰᠠᠨ ᠠᠵᠢᠯ ᠢᠶᠠᠨ ᠪᠦᠬᠦᠨ ᠢ ︽ᠬᠦᠬᠡᠬᠤᠳᠠ ᠪᠠᠨ ᠬᠠᠶᠢᠷᠠᠯᠠᠨ᠎ᠠ︾ App ᠲᠠᠢ ᠨᠡᠪᠲᠡᠷᠡᠭᠦᠯᠵᠦ ᠵᠤᠯᠭᠠᠭᠤᠯᠪᠠ᠃ ᠤᠳᠤᠬᠠᠨ ᠳᠤ᠂ ᠤᠷᠤᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠦᠩᠬᠦᠨ ᠤ ᠬᠡᠰᠡᠭ ᠲᠤ ᠨᠡᠶᠢᠳᠡ 21 ᠪᠤᠯᠤᠩ ᠲᠤᠬᠢᠷᠠᠭᠤᠯᠵᠦ᠂ ᠰᠦᠯᠵᠢᠶᠡᠨ ᠲᠡᠭᠡᠷᠡᠬᠢ ᠲᠤᠬᠠᠢᠢᠯᠠᠬᠰᠠᠨ ᠠᠵᠢᠯ ᠤᠨ ᠪᠦᠬᠦ ᠶᠠᠪᠤᠴᠠ ᠶᠢ ᠡᠯᠧᠺᠲᠷᠤᠨᠴᠢᠯᠡᠵᠦ᠂ ᠮᠠᠲ᠋ᠧᠷᠢᠶᠠᠯ ᠬᠡᠷᠡᠭᠰᠡᠬᠦ ᠦᠬᠡᠢ᠂ ᠪᠡᠶ᠎ᠡ ᠪᠠᠷ ᠢᠶᠠᠨ ᠬᠦᠷᠬᠦ ᠴᠢᠬᠤᠯᠠ ᠦᠬᠡᠢ ᠪᠤᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ ᠠᠪᠬᠤ ᠳᠤ ᠮᠦᠩᠬᠦ ᠶᠢ ᠲᠡᠷᠡ ᠲᠠᠷᠤᠢ ᠳᠤᠨᠢ ᠪᠠᠩᠬᠢ ᠶᠢᠨ ᠺᠠᠷᠲ ᠲᠤᠨᠢ ᠤᠷᠤᠭᠤᠯᠵᠦ ᠳᠡᠶᠢᠯᠬᠦ ᠪᠤᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠵᠦ ᠪᠠᠶᠢᠭ᠎ᠠ ᠠᠵᠢᠯᠳᠠᠳ ᠬᠠᠮᠢᠭ᠎ᠠ ᠬᠡᠵᠢᠶ᠎ᠡ ᠴᠤ ᠬᠡᠳ ᠭᠠᠷ ᠤᠳᠠᠰᠤᠨ ᠤ ᠰᠦᠯᠵᠢᠶᠡᠨ ᠳᠡᠭᠡᠷ᠎ᠡ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦᠨ ᠤ ᠲᠤᠬᠠᠢᠢᠯᠠᠬᠰᠠᠨ ᠠᠵᠢᠯ ᠢ ᠬᠦᠢᠴᠡᠳᠬᠡᠬᠦ ᠪᠠ ᠲᠦᠬᠦᠮ ᠲᠦᠳᠡ ᠲᠦᠷᠬᠡᠨ ᠢᠶᠠᠷ ᠯᠠᠪᠯᠠᠵᠦ ᠲᠡᠶᠢᠯᠬᠦ ᠪᠤᠯᠵᠦ᠂ ᠲᠤᠬᠠᠢᠢᠯᠠᠬᠰᠠᠨ ᠠᠵᠢᠯ ᠢ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢᠨ ᠤᠯᠠᠮ ᠢᠶᠠᠷ ᠠᠵᠢᠯ ᠤᠨ ᠦᠷ᠎ᠡ ᠪᠦᠲᠦᠮᠵᠢ ᠶᠢ ᠴᠢᠨᠠᠬᠰᠢᠳᠠ ᠲᠡᠭᠡᠭᠰᠢᠯᠡᠬᠦᠯᠵᠦ᠂ ᠦᠢᠯᠡᠴᠢᠯᠡᠬᠡᠨ ᠤ ᠲᠦᠪᠰᠢᠨ ᠢᠶᠠᠨ ᠦᠷᠬᠦᠯᠵᠢᠯᠡᠨ ᠲᠡᠭᠡᠭᠰᠢᠯᠡᠬᠦᠯᠦᠭᠰᠡᠨ ᠪᠠᠶᠢᠨ᠎ᠠ᠃ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ ᠲᠤᠰᠢᠶᠠᠵᠦ ᠪᠠᠶᠢᠭ᠎ᠠ ᠠᠵᠢᠯᠳᠠᠳ ︽ᠬᠦᠬᠡᠬᠤᠳᠠ ᠪᠠᠨ ᠬᠠᠶᠢᠷᠠᠯᠠᠨ᠎ᠠ︾ App ᠳᠤ ᠲᠠᠩᠰᠠᠯᠠᠭᠤᠯᠤᠨ ᠨᠡᠪᠲᠡᠷᠡᠵᠦ ᠦᠨᠡᠨ ᠨᠡᠷ᠎ᠡ ᠪᠠᠷ ᠢᠶᠠᠨ ᠬᠡᠷᠡᠴᠢᠯᠡᠬᠦᠯᠦᠭᠰᠡᠨ ᠤ ᠳᠠᠷᠠᠭ᠎ᠠ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠬᠡᠰᠡᠭ ᠲᠤ ᠤᠷᠤᠵᠦ᠂ ᠬᠤᠪᠢ ᠬᠦᠮᠦᠨ ᠤ ᠬᠠᠮᠢᠶ᠎ᠠ ᠪᠦᠬᠦᠢ ᠮᠡᠳᠡᠭᠡ ᠵᠠᠩᠬᠢ ᠪᠠᠨ ᠯᠠᠪᠯᠠᠬᠤ ᠪᠤᠶᠤ ᠬᠠᠮᠢᠶ᠎ᠠ ᠪᠦᠬᠦᠢ ᠲᠤᠬᠠᠢᠢᠯᠠᠬᠰᠠᠨ ᠠᠵᠢᠯ ᠢ ᠬᠦᠢᠴᠡᠳᠬᠡᠵᠦ ᠲᠡᠶᠢᠯᠬᠦ ᠪᠤᠯᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号