ᠦᠴᠤᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/18
     5 ᠰᠠᠷ᠎ᠠ ᠶᠢᠨ 7 ᠤ ᠡᠳᠦᠷ᠂ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ  ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠢ ᠭᠦᠸᠧ ᠰᠢᠶᠦ᠋ᠩ᠂ ᠭᠤᠤ ᠯᠠᠨ ᠭᠧᠨ᠂ ᠯᠢ ᠯᠦ᠂ ᠶᠠᠨ ᠶᠦᠩ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠬᠠᠶ ᠲᠤᠤ ᠬᠤᠷᠠᠯ ᠳᠤ ᠰᠤᠯᠠ ᠣᠷᠣᠯᠴᠠᠵᠤ᠂ ᠡᠯ᠎ᠡ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯᠳᠤᠭᠠᠨ ᠳᠤ ᠣᠷᠣᠯᠴᠠᠵᠠᠶ᠃
     ᠬᠤᠷᠠᠯ ᠠᠴᠠ ︽ᠹᠠᠨ ᠮᠢᠩ ᠵᠡᠷᠭᠡ ᠨᠥᠬᠦᠳ ᠢ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ︾᠂ ︽ᠨᠦᠸᠧ ᠯᠠᠨ ᠵᠡᠷᠭᠡ ᠨᠥᠬᠦᠳ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠤᠬᠠᠢ ᠰᠠᠨᠠᠯ ᠵᠥᠪᠯᠡᠯᠭᠡ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠦᠴᠤᠸᠠᠨ ᠰᠢᠶᠠᠨ ᠤ ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ︵2015 — 2030︶︾ ᠶᠢ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ︾ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号