5 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠶ᠎ᠠ︾ ᠭᠡᠬᠦ ᠭᠤᠤᠯ ᠰᠡᠳᠦᠪ ᠢᠶᠠᠷ | ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠪᠥᠬᠦ ᠰᠢᠶᠠᠨ ᠤ ᠳᠡᠳ᠋ ᠰᠠᠯᠠᠭᠠᠨ ᠤ ᠲᠠᠰ ᠠᠴᠠ | ᠳᠡᠭᠡᠭᠰᠢᠬᠢ ᠪᠣᠳᠠᠲᠠᠶ ᠲᠤᠰᠢᠶᠠᠯ ᠲᠠᠢ ᠤᠳᠤᠷᠢᠳᠬᠤ ᠺᠠᠳ᠋ᠷ᠂ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭ ᠤᠨ ᠪᠦᠷᠢᠯᠳᠦᠬᠦᠨ ᠵᠢᠴᠢ ᠪᠠᠭᠰᠢ ᠶᠢᠨ | ᠲᠥᠯᠥᠭᠡᠯᠡᠭᠴᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠪᠠ᠃ | | | | | | ᠤᠬᠠᠭᠤᠯᠤᠨ ᠲᠠᠶᠢᠯᠪᠤᠷᠢᠯᠠᠬᠤ ᠳᠠᠭᠠᠨ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠳᠤ | ᠵᠣᠭᠰᠣᠬᠤ ᠶᠢᠨ ᠲᠣᠭᠤᠷᠢᠨ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠳᠤᠯᠤᠨ ᠨᠠᠷᠢᠨ ᠣᠶᠢᠯᠠᠭᠠᠪᠠ︔ ᠵᠥᠪ ᠣᠨᠣᠪᠴᠢᠲᠠᠶ ᠤᠯᠤᠰ ᠤᠨ | ᠦᠵᠡᠯᠲᠡ᠂ ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ︽ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ | ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨᠬᠦ ᠨᠢᠭᠲᠠᠷᠠᠭᠤᠯᠬᠤ | ᠬᠡᠷᠡᠭᠲᠡᠶ︔ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠪᠠᠲᠤᠯᠠᠬᠤ | ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠣᠷᠣᠨ ᠤ ᠲᠥᠪ ᠤᠨ ᠰᠢᠨ᠎ᠡ ᠴᠠᠭ | ᠦᠶ᠎ᠡ ᠳᠤ ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ | ᠂ ᠵᠢᠱᠢᠶ᠎ᠡ ᠦᠵᠡᠭᠦᠯᠬᠦ ᠭᠤᠷᠪᠠᠨ ᠲᠠᠯ᠎ᠠ ᠪᠠᠷ ᠲᠠᠶᠢᠯᠤᠮᠵᠢ ᠬᠢᠪᠡ᠃ | ᠤᠬᠠᠭᠤᠯᠤᠨ ᠲᠠᠶᠢᠯᠪᠤᠷᠢᠯᠠᠬᠤ ᠳᠠᠭᠠᠨ᠂ ᠶᠦᠨ ᠬᠠᠶ ᠵᠢᠭᠠᠵᠤ ᠭᠠᠷᠭᠠᠭᠰᠠᠨ ᠨᠢ᠂ ᠦᠨᠳᠦᠰᠦᠲᠡᠨ ᠤ ᠠᠵᠢᠯ | ᠪᠣᠯ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠳᠤ ᠠᠪᠴᠤ ᠬᠡᠯᠡᠪᠡᠯ ᠨᠢᠭᠡᠨ | ᠲᠦᠢᠯ ᠤᠨ ᠴᠢᠬᠤᠯᠠ ᠤᠯᠤᠰ ᠲᠥᠷᠥ ᠶᠢᠨ ᠠᠵᠢᠯ ᠮᠥᠨ᠂ ᠡᠷᠬᠡᠪᠰᠢ ᠡᠭᠦᠷᠭᠡᠯᠡᠬᠦ ᠬᠡᠷᠡᠭᠲᠡᠶ ᠤᠯᠤᠰ ᠲᠥᠷᠥ ᠶᠢᠨ | ᠬᠠᠷᠢᠭᠤᠴᠠᠯᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ | ᠫᠢᠩ ᠥᠪᠥᠷ ᠮᠣᠩᠭᠤᠯ ᠳᠤ ᠤᠷᠢᠳ ᠬᠤᠵᠢᠳ ᠵᠢᠷᠭᠤᠭ᠎ᠠ ᠤᠳᠠᠭ᠎ᠠ ᠴᠢᠬᠤᠯᠠ ᠶᠠᠷᠢᠶ᠎ᠠ ᠲᠠᠯᠪᠢᠵᠤ᠂ | ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠱᠠᠭᠠᠷᠳᠠᠯᠭ᠎ᠠ ᠳᠤᠷᠠᠳᠴᠤ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠢᠯ᠂ ᠢᠯᠠᠩᠭᠤᠶ᠎ᠠ | ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ | ᠢᠯᠡᠷᠡᠭᠦᠯᠵᠡᠢ᠃ ᠰᠢ ᠶᠢᠨ ᠫᠢᠩ ᠶᠡᠷᠦᠩᠬᠡᠢ ᠱᠦᠵᠢ ᠪᠦᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ | ᠲᠠᠯ᠎ᠠ ᠶᠢ ᠪᠠᠬᠢᠵᠢᠭᠦᠯᠵᠦ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠠᠯ᠎ᠠ ᠪᠠᠷ | ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ ᠭᠡᠵᠦ ᠳᠠᠬᠢᠨᠲᠠ ᠱᠠᠭᠠᠷᠳᠠᠪᠠ᠃ ᠶᠡᠷᠦᠩᠬᠡᠢ ᠱᠦᠵᠢ ᠶᠢᠨ | ᠴᠢᠩ ᠰᠡᠳᠬᠢᠯ ᠤᠨ ᠬᠦᠨᠳᠦ ᠨᠠᠶᠢᠳᠠᠯᠭ᠎ᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠵᠡᠢ᠃ ᠡᠨᠡ ᠤᠳᠠᠭ᠎ᠠ ᠲᠥᠪᠯᠡᠷᠡᠭᠦᠯᠦᠨ ᠰᠤᠷᠤᠯᠴᠠᠬᠤ ᠳᠤ ᠰᠢ ᠶᠢᠨ ᠫᠢᠩ ᠶᠡᠷᠦᠩᠬᠡᠶ ᠱᠦᠵᠢ ᠶᠢᠨ | ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠸᠠᠩ ᠶᠠᠩ ᠲᠡᠷᠢᠭᠦᠯᠡᠭᠴᠢ ᠶᠢᠨ | ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠱᠤᠭᠤᠮ ᠤᠨ | ᠲᠣᠭᠤᠷᠢᠨ ᠳᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠠᠮᠤᠭᠤᠯᠠᠩ ᠪᠠᠶᠢᠬᠤ ᠰᠠᠶᠢᠨ | ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ | ᠦᠴᠤᠸᠠᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠶᠦᠨ ᠬᠠᠢ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶᠠᠨ ᠤ | ᠤᠳᠤᠷᠢᠳᠬᠤ ᠺᠠᠳ᠋ᠷ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ | ᠳᠡᠭᠡᠷ᠎ᠡ ᠢᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠨ ᠦᠨᠳᠦᠰᠦᠲᠡᠨ ᠤ ᠪᠦᠯᠬᠦᠮᠳᠡᠯ᠂ | ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ | ᠪᠠᠬᠢᠵᠢᠭᠦᠯᠦᠨ ᠬᠥᠭᠵᠢᠭᠦᠯᠬᠦ ᠳᠡᠭᠡᠷ᠎ᠡ ᠢᠯᠡᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ | ᠪᠠᠲᠤᠯᠠᠬᠤ᠂ ᠪᠦᠯᠬᠦᠮᠳᠡᠯ ᠢ ᠠᠬᠢᠭᠤᠯᠬᠤ ᠶᠢ ᠦᠨᠡᠨᠬᠦ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠤᠯᠤᠰ | ᠲᠦᠷᠦ ᠶᠢᠨ ᠬᠥᠪᠴᠢ᠂ ᠲᠣᠭᠲᠠᠭᠤᠨ ᠪᠠᠶᠢᠳᠠᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠤᠯᠤᠰ | ᠲᠦᠷᠦ ᠶᠢᠨ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠤᠯᠤᠰ ᠲᠦᠷᠦ ᠶᠢᠨ | ᠢᠯᠭᠠᠨ ᠲᠠᠨᠢᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠬᠦᠴᠦᠨ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠢᠯ ᠤᠨ ᠬᠠᠷᠢᠭᠤᠴᠠᠯᠭ᠎ᠠ ᠲᠠᠢ ᠪᠠᠶᠢᠬᠤ | ᠤᠯᠤᠰ ᠲᠦᠷᠦ ᠶᠢᠨ ᠤᠬᠠᠮᠰᠠᠷ ᠪᠠ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ | ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠭᠲᠠ ᠬᠢᠬᠦ | ᠬᠡᠷᠡᠭᠲᠡᠶ᠃ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ | ᠬᠠᠷᠢᠯᠴᠠᠨ ᠡᠳ᠋ᠯᠡᠬᠦ ᠶᠢ ᠴᠢᠩᠭᠠᠳᠬᠠᠵᠤ᠂ ᠨᠢᠭᠲᠠ ᠬᠠᠮᠵᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠤᠯᠤᠰ ᠲᠦᠷᠦ | ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠤᠨ ᠴᠡᠭᠴᠡᠯᠡᠯᠲᠡ᠂ ᠡᠵᠡᠩᠨᠡᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠢ ᠤᠯᠠᠨ | ᠲᠦᠮᠡᠨ ᠳᠤ ᠪᠣᠳᠠᠲᠠᠢ ᠠᠵᠢᠯ ᠬᠢᠵᠦ ᠥᠭᠬᠦ ᠬᠡᠳᠦᠨ ᠭᠤᠣᠯᠳᠠᠯᠭ᠎ᠠ ᠲᠠᠢ ᠠᠵᠢᠯ ᠤᠨ ᠠᠭᠤᠯᠭ᠎ᠠ ᠶᠢ ᠪᠦᠷᠢᠯᠳᠦᠭᠦᠯᠵᠦ᠂ | ᠰᠤᠷᠤᠯᠴᠠᠬᠤ ᠶᠢᠨ ᠳᠠᠭᠠᠤ ᠪᠠᠶᠢᠴᠠᠭᠠᠨ ᠰᠤᠳᠤᠯᠤᠯᠲᠠ ᠬᠢᠬᠦ᠂ ᠠᠵᠢᠯᠯᠠᠬᠤ ᠶᠢᠨ ᠳᠠᠭᠠᠤ ᠳ᠋ᠦᠩᠨᠡᠬᠦ ᠠᠵᠢᠯ ᠤᠨ | ᠣᠶᠢᠯᠠᠭᠠᠭᠳᠠᠬᠤᠨ ᠪᠠ ᠠᠷᠭ᠎ᠠ ᠶᠢ ᠶᠡᠬᠡᠪᠡᠷ ᠦᠢᠯᠡᠳᠦᠯᠭᠡᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠶᠢ | ᠡᠭᠦᠷᠭᠡᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ | ᠡᠭᠦᠷᠭᠡ ᠶᠢ ᠴᠢᠩᠭ᠎ᠠ ᠠᠳᠬᠤᠵᠤ᠂ ᠲᠡᠷᠢᠭᠦᠨ ᠤ ᠬᠢ ᠲᠠᠢ ᠬᠠᠷᠢᠴᠠᠭᠤᠯᠵᠤ᠂ ᠲᠡᠷᠢᠭᠦᠨ ᠳᠡᠰ ᠤᠨ ᠪᠠᠷᠢᠮᠵᠢᠶ᠎ᠠ ᠳᠤ | ᠵᠣᠬᠢᠴᠠᠭᠤᠯᠤᠨ ᠠᠵᠢᠯ ᠢ ᠠᠳᠬᠤᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠭᠠᠷᠮᠠᠭᠠᠶ ᠠᠮᠵᠢᠯᠲᠠ ᠶᠢ | ᠬᠥᠭᠡᠭᠡᠴᠡᠯᠳᠦᠬᠦ ᠠᠬᠤᠶ ᠪᠠᠶᠢᠳᠠᠯ ᠢ ᠪᠠᠲᠤᠯᠠᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠣᠷᠭᠢᠯᠤᠮ᠎ᠠ | ᠰᠡᠳᠬᠢᠯᠭᠡ ᠶᠢ ᠪᠠᠲᠤᠯᠠᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠪᠠᠷᠢᠮᠲᠠᠯᠠᠯ ᠢ ᠪᠠᠲᠤᠯᠠᠵᠤ᠂ ᠠᠵᠢᠯ ᠢᠶᠠᠨ | ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠤᠨ᠂ ᠲᠤᠤᠱᠲᠠᠢ ᠠᠳᠬᠤᠵᠤ᠂ ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶ ᠦᠷ᠎ᠡ ᠪᠦᠲᠦᠮᠵᠢ ᠤᠯᠬᠤ ᠶᠢ ᠲᠦᠯᠬᠢᠨ | ᠠᠬᠢᠭᠤᠯᠵᠤ᠂ ᠨᠠᠮ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠶᠢ ᠦᠨᠡᠨ ᠬᠦ ᠪᠠᠲᠤᠯᠠᠵᠤ᠂ ᠮᠠᠨ ᠤ | ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠪᠠᠷ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠨᠡᠨ ᠬᠦ ᠪᠡᠯᠭᠡᠯᠡᠬᠦ ᠬᠡᠷᠡᠭᠲᠡᠶ ᠭᠡᠪᠡ᠃ | | |