ᠪᠣᠷᠣᠭᠠᠨ ᠤ ᠴᠠᠭ ᠠᠭᠤᠷ ᠤᠨ ᠨᠥᠯᠥᠭᠡ ᠪᠠᠷ᠂ ᠦᠴᠤᠸᠠᠨ ᠰᠢᠶᠠᠨ ᠤ ᠬᠤᠭᠤᠯᠠᠢ ᠠᠭᠤᠯᠠ ᠰᠢᠶᠠᠩ᠂ | ᠬᠠᠷᠠᠭᠤᠯ ᠪᠠᠯᠭᠠᠰᠤ ᠦᠶᠡᠷ ᠤᠨ ᠭᠠᠮᠰᠢᠭ ᠲᠤ ᠳᠠᠭᠠᠷᠢᠭᠳᠠᠵᠤ᠂ 5 ᠰᠠᠷ᠎ᠠ ᠶᠢᠨ 18 ᠤ ᠡᠳᠦᠷ ᠤᠨ ᠦᠳᠡ ᠶᠢᠨ | ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ | ᠱᠦᠵᠢ ᠶᠦᠨ ᠬᠠᠶ ᠮᠠᠨ ᠤ ᠰᠢᠶᠠᠨ ᠤ ᠬᠠᠭᠤᠯᠠᠢ ᠠᠭᠤᠯᠠ ᠰᠢᠶᠠᠩ᠂ ᠬᠠᠷᠠᠭᠤᠯ ᠪᠠᠯᠭᠠᠰᠤᠨ ᠳᠤ ᠭᠦᠨᠵᠡᠭᠡᠶᠢᠷᠡᠨ | ᠭᠠᠮᠰᠢᠭ ᠤᠨ ᠳᠠᠷᠠᠭᠠᠬᠢ ᠳᠠᠭᠢᠵᠤ ᠪᠥᠲᠥᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃ | | | | ᠬᠤᠭᠤᠯᠠᠢ ᠠᠭᠤᠯᠠ ᠰᠢᠶᠠᠩ ᠤᠨ ᠡᠮᠦᠨ᠎ᠡ ᠭᠡᠷ ᠵᠠᠰᠠᠭ ᠵᠠᠬᠢᠷᠭᠠᠨ ᠤ ᠲᠣᠰᠬᠤᠨ᠂ ᠬᠤᠶᠢᠲᠤ ᠭᠡᠷ | ᠪᠠᠶᠢᠭᠠᠯᠢ ᠶᠢᠨ ᠲᠣᠰᠬᠤᠨ᠂ ᠬᠠᠷᠠᠭᠤᠯ ᠪᠠᠯᠭᠠᠰᠤ ᠶᠢᠨ ᠶᠦᠨ ᠨᠢᠶᠠᠨ ᠸᠠ ᠲᠣᠰᠬᠤᠨ ᠪᠣᠯᠤᠨ ᠭᠡᠭᠡᠨ ᠰᠤᠪᠠᠭ | ᠲᠣᠰᠬᠤᠨ ᠳᠤ᠂ ᠶᠦᠨ ᠬᠠᠢ ᠲᠠᠷᠢᠶᠠᠨ ᠭᠠᠵᠠᠷ᠂ ᠵᠠᠮ᠂ ᠭᠡᠷ ᠪᠠᠶᠢᠰᠢᠩ ᠤᠨ ᠭᠠᠮᠰᠢᠭᠳᠠᠭᠰᠠᠨ ᠪᠠᠶᠢᠳᠠᠯ ᠢ | ᠪᠠᠶᠢᠴᠠᠭᠠᠨ ᠦᠵᠡᠵᠦ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠦᠢᠯᠡᠳᠪᠦᠷᠢᠯᠡᠯ ᠢᠶᠠᠷ ᠥᠪᠡᠷ ᠢ ᠪᠠᠨ | ᠠᠪᠤᠷᠠᠬᠤ ᠪᠠ ᠰᠡᠷᠭᠦᠭᠡᠨ ᠲᠠᠬᠢᠨ ᠪᠠᠶᠢᠭᠤᠯᠬᠤ ᠵᠡᠷᠭᠡ ᠠᠵᠢᠯ ᠢ ᠨᠠᠷᠢᠨ ᠣᠶᠢᠯᠠᠭᠠᠪᠠ᠃ | ᠶᠦᠨ ᠬᠠᠶ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠶᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ | ᠠᠳᠬᠤᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠲᠡᠷᠢᠭᠦᠨ ᠪᠠᠶᠢᠷᠢᠨ ᠳᠤ ᠲᠠᠯᠪᠢᠵᠤ᠂ | ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠤ ᠪᠡᠶ᠎ᠡ | ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠶ ᠭᠡᠵᠡᠶ᠃ | ᠭᠠᠮᠰᠢᠭ ᠤᠨ ᠳᠠᠷᠠᠭᠠᠬᠢ ᠥᠪᠡᠷ ᠢ ᠪᠠᠨ ᠠᠪᠤᠷᠠᠬᠤ ᠠᠵᠢᠯ ᠢ ᠰᠢᠮᠳᠠᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ | ᠲᠠᠷᠢᠶᠠᠨ ᠭᠠᠵᠠᠷ ᠲᠤ ᠭᠦᠨᠵᠡᠭᠡᠶᠢᠷᠡᠨ ᠲᠠᠷᠢᠶᠠᠴᠢᠨ ᠡᠷᠦᠬᠡ ᠶᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠨᠥᠬᠦᠵᠦ | ᠳᠠᠷᠢᠬᠤ᠂ ᠥᠭᠡᠷᠡᠴᠢᠯᠡᠨ ᠳᠠᠷᠢᠬᠤ ᠠᠵᠢᠯ ᠢ ᠥᠷᠨᠢᠭᠦᠯᠵᠦ᠂ ᠭᠠᠮᠰᠢᠭᠳᠠᠭᠰᠠᠨ ᠤᠯᠠᠨ ᠲᠦᠮᠡᠨ ᠢ ᠬᠠᠪᠰᠤᠷᠤᠨ ᠪᠡᠷᠬᠡ | ᠪᠣᠭᠤᠮᠲᠠ ᠶᠢ ᠲᠤᠭᠤᠯᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ | ᠭᠠᠮᠰᠢᠭᠳᠠᠭᠰᠠᠨ ᠪᠠᠶᠢᠳᠠᠯ ᠢ ᠦᠳᠲᠡᠷ ᠲᠦᠷᠭᠡᠨ ᠣᠶᠢᠯᠠᠭᠠᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠭᠠᠮᠰᠢᠭ ᠠᠴᠠ ᠠᠪᠤᠷᠠᠬᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠭᠠᠮᠰᠢᠭᠳᠠᠭᠰᠠᠨ | ᠤᠯᠠᠨ ᠲᠦᠮᠡᠨ ᠢ ᠬᠠᠪᠰᠤᠷᠤᠨ ᠲᠡᠳᠬᠦᠵᠦ᠂ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠨᠢ ᠰᠠᠶᠢᠲᠤᠷ | ᠰᠢᠢᠳᠪᠦᠷᠢᠯᠡᠬᠦ ᠬᠡᠷᠡᠭᠲᠡᠶ᠃ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠣᠷᠣᠯᠭ᠎ᠠ ᠶᠢ | ᠲᠣᠭᠲᠠᠪᠤᠷᠢᠵᠢᠭᠤᠯᠵᠤ᠂ ᠤᠯᠠᠨ ᠲᠦᠮᠡᠨ ᠤ ᠭᠠᠮᠰᠢᠭ ᠠᠴᠠ ᠪᠤᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠡᠷᠡᠭᠲᠡᠢ᠃ ᠭᠠᠮᠰᠢᠭ ᠢ ᠰᠡᠷᠭᠡᠶᠢᠯᠡᠬᠦ ᠬᠤᠶᠢᠰᠢᠳᠠ ᠶᠢᠨ ᠲᠥᠰᠦᠯ ᠢ ᠰᠠᠶᠢᠲᠤᠷ ᠬᠢᠵᠦ᠂ ᠡᠯ᠎ᠡ ᠵᠦᠢᠯ ᠤᠨ | ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠲᠠᠯᠳᠠ ᠭᠡᠮ ᠢ ᠳᠠᠷᠠᠭᠠᠯᠠᠨ ᠪᠠᠶᠢᠴᠠᠭᠠᠵᠤ᠂ | ᠭᠠᠮᠰᠢᠭ ᠤᠨ ᠲᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠡᠭᠦᠨ ᠤ ᠵᠡᠷᠭᠡ ᠳᠤ᠂ ᠠᠷᠠᠳ ᠲᠦᠮᠡᠨ ᠳᠤ | ᠦᠢᠯᠡᠴᠢᠯᠡᠵᠦ ᠪᠣᠳᠠᠲᠠᠶ ᠠᠵᠢᠯ ᠬᠢᠬᠦ ᠶᠢ ᠭᠠᠮᠰᠢᠭ ᠠᠴᠠ ᠠᠪᠤᠷᠠᠬᠤ ᠪᠦᠬᠦ᠋ᠢᠯᠡ ᠶᠠᠪᠤᠴᠠ ᠳᠤ ᠲᠤᠭᠤᠰᠢᠯᠠᠭᠤᠯᠵᠤ᠂ | ᠠᠷᠠᠳ ᠣᠯᠠᠨ ᠤ ︽ᠪᠠᠴᠢᠮ ᠪᠡᠷᠬᠡ ᠵᠣᠪᠠᠨᠢᠯ︾ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠶ ᠭᠡᠪᠡ᠃ | ᠣᠳᠣ ᠶᠠᠭ ᠬᠤᠭᠤᠴᠠᠭ᠎ᠠ ᠰᠣᠯᠢᠬᠤ ᠴᠠᠭ ᠪᠣᠯᠵᠤ ᠪᠠᠶᠢᠨ᠎ᠠ᠂ ᠨᠢᠭᠲᠠᠷᠠᠯ ᠤᠨ ᠬᠦᠴᠦᠨ ᠢᠶᠠᠷ ᠴᠢᠩᠭ᠎ᠠ᠂ | ᠳᠠᠶᠢᠴᠢᠨ ᠬᠦᠴᠦᠨ ᠢᠶᠠᠷ ᠭᠦᠢᠴᠡᠳ᠂ ᠭᠦᠢᠴᠡᠳᠬᠡᠬᠦ ᠬᠦᠴᠦᠨ ᠢᠶᠠᠷ ᠴᠢᠩᠭ᠎ᠠ ᠰᠢᠶᠠᠩ ᠪᠠᠯᠭᠠᠰᠤᠨ ᠤ ᠪᠠᠭ ᠤᠨ | ᠡᠩᠨᠡᠭᠡ ᠶᠢ ᠰᠣᠩᠭᠤᠨ ᠭᠠᠷᠭᠠᠬᠤ ᠶᠢ ᠪᠠᠲᠤᠯᠠᠵᠤ᠂ ᠡᠭᠦᠨ ᠤ ᠤᠯᠠᠮ ᠢᠶᠠᠷ ᠭᠠᠮᠰᠢᠭ ᠤᠨ ᠳᠠᠷᠠᠭᠠᠬᠢ ᠳᠠᠬᠢᠨ | ᠪᠦᠲᠦᠭᠡᠨ ᠪᠠᠶᠢᠭᠤᠯᠬᠤ ᠠᠵᠢᠯ ᠪᠠ ᠰᠢᠶᠠᠩ ᠪᠠᠯᠭᠠᠰᠤᠨ ᠤ ᠡᠳᠦᠷ ᠲᠤᠲᠤᠮ ᠤᠨ ᠡᠯ᠎ᠡ ᠵᠦᠢᠯ ᠤᠨ ᠠᠵᠢᠯ ᠢ ᠡᠮᠬᠢ | ᠵᠢᠷᠤᠮ ᠲᠠᠢ ᠪᠠᠷ ᠶᠠᠪᠤᠭᠳᠠᠭᠤᠯᠬᠤ ᠶᠢᠨ ᠲᠤᠰᠠᠲᠠ᠂ ᠶᠦᠨ ᠬᠠᠶ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ | ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢᠶᠠᠨ ᠯᠠᠪᠳᠠᠭᠤᠨ | ᠪᠠᠲᠤᠲᠠᠶ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠳᠠᠭᠠᠵᠤ᠂ ᠲᠠᠰ ᠳᠠᠷᠠᠭᠠᠯᠠᠯ ᠢ | ᠴᠢᠩᠭ᠎ᠠ ᠵᠢᠷᠤᠮᠯᠠᠨ᠂ ᠪᠠᠷᠢᠮᠵᠢᠶ᠎ᠠ ᠬᠦᠰᠦᠨᠦᠭᠲᠦ ᠲᠠᠢ ᠬᠠᠷᠭᠤᠭᠤᠯᠵᠤ᠂ ᠬᠤᠭᠤᠴᠠᠭ᠎ᠠ ᠰᠣᠯᠢᠬᠤ ᠠᠵᠢᠯ ᠢᠶᠠᠨ ᠡᠮᠬᠢ | ᠵᠢᠷᠤᠮ ᠲᠠᠢ ᠪᠠᠷ ᠠᠬᠢᠭᠤᠯᠵᠤ᠂ ᠪᠠᠭ ᠤᠨ ᠡᠩᠨᠡᠭᠡ ᠶᠢ ᠴᠢᠩᠭ᠎ᠠ ᠰᠣᠩᠭᠤᠨ ᠰᠢᠯᠢᠳᠡᠭ ᠢ ᠲᠣᠬᠢᠷᠠᠭᠤᠯᠬᠤ ᠶᠢ | ᠪᠠᠷᠢᠮᠲᠠᠯᠠᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠬᠠᠭᠤᠯᠵᠤ ᠬᠥᠲᠥᠯᠦᠨ ᠵᠢᠯᠣᠭᠤᠳᠬᠤ ᠪᠠᠨ | ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ | ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ | ᠬᠡᠷ ᠤᠨ ᠡᠷᠬᠢᠯᠡᠭᠴᠢ ᠫᠧᠩ ᠱᠣᠤ ᠴᠥᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠶᠠᠨ ᠶᠦᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ | ᠵᠠᠩ ᠬᠠᠶ ᠲᠤᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | | |