ᠬᠦᠬᠡᠬᠤᠳᠠ ᠶᠢᠨ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠪᠠ
ᠨᠡᠶᠢᠲᠡᠯᠡᠭᠰᠡᠨ ᠴᠠᠭ᠄
2021/5/25
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠨᠠᠷᠠᠨᠲᠤᠶᠠᠭ᠎ᠠ︶ ᠬᠥᠬᠡᠬᠤᠲᠠ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠥᠭᠵᠢᠯᠲᠡ ᠶᠢᠨ ᠶᠠᠰᠤ ᠴᠢᠨᠠᠷ ᠪᠠ ᠡᠵᠡᠩᠨᠡᠯᠲᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 18 ᠤ ᠡᠳᠦᠷ ᠬᠦᠬᠡᠬᠤᠳᠠ ᠶᠢᠨ ᠲᠠᠰ ᠤᠨ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠰᠠᠶᠢᠬᠠᠨ ᠲᠣᠭᠤᠷᠢᠭ ᠤᠨ ᠡᠨᠡ ᠵᠢᠯ ᠤᠨ ᠲᠠᠨᠢᠯᠴᠠᠭᠤᠯᠤᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠨᠡᠶᠢᠲᠡ 5 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠬᠢᠨᠠᠨ ᠲᠣᠭᠲᠠᠭᠠᠪᠠ᠃      ᠬᠢᠨᠠᠨ ᠲᠣᠭᠲᠠᠭᠠᠬᠤ ᠳᠤᠭᠤᠶᠢᠯᠠᠩ ᠤᠨ ᠠᠵᠢᠯᠲᠠᠳ ᠬᠤᠲᠠ ᠶᠢᠨ ᠲᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠪᠠᠷᠢᠮᠵᠢᠶ᠎ᠠ ᠶᠣᠰᠣᠭᠠᠷ᠂ ᠪᠣᠭᠤᠮᠲᠠ ᠶᠢ ᠴᠢᠩᠭ᠎ᠠ ᠰᠠᠬᠢᠵᠤ᠂ ᠬᠢᠨᠠᠨ ᠲᠣᠭᠲᠠᠭᠠᠯᠳᠠ ᠬᠢᠯᠭᠡᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠩᠨᠡᠯᠲᠡ ᠶᠢᠨ ᠬᠡᠪᠴᠢᠶ᠎ᠡ᠂ ᠰᠠᠭᠤᠷᠢ ᠲᠦᠭᠦᠭᠡᠷᠦᠮᠵᠢ᠂ ᠦᠢᠯᠡᠳᠪᠦᠷᠢᠯᠡᠯ ᠤᠨ ᠪᠠᠶᠢᠳᠠᠯ᠂ ᠣᠨ ᠤ ᠶᠠᠪᠤᠳᠠᠯ ᠤᠨ ᠬᠠᠮᠢᠶᠠᠷᠤᠯᠲᠠ ᠶᠢ ᠨᠠᠷᠢᠨ ᠪᠠᠶᠢᠴᠠᠭᠠᠪᠠ᠃ ᠪᠠᠰᠠ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ︽ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠨᠡᠷᠡᠰ ᠤᠨ ᠲᠡᠭᠦᠪᠦᠷᠢ ᠶᠢᠨ ᠰᠢᠰᠲ᠋ᠧᠮ ᠳᠤ ᠣᠷᠣᠭᠰᠠᠨ ᠡᠰᠡᠬᠦ︾ ᠪᠠ ︽ᠰᠢᠨ᠎ᠡ ᠲᠠᠷᠢᠶᠠᠯᠠᠩ ᠤᠨ ᠰᠢᠭᠤᠳ ᠮᠡᠳᠡᠭᠦᠯᠬᠦ ᠰᠢᠰᠲ᠋ᠧᠮ︾ ᠤᠨ ᠬᠠᠮᠢᠶᠠᠷᠤᠯᠲᠠ ᠵᠡᠷᠭᠡ ᠪᠠᠶᠢᠳᠠᠯ ᠳᠤ ᠶᠡᠷᠦᠩᠬᠡᠶᠢᠯᠡᠭᠰᠡᠨ ᠬᠢᠨᠠᠨ ᠲᠣᠭᠲᠠᠭᠠᠯᠲᠠ ᠬᠢᠪᠡ᠃ ᠬᠢᠨᠠᠨ ᠲᠣᠭᠲᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠠᠢ᠃      ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠬᠢᠨᠠᠨ ᠲᠣᠭᠲᠠᠭᠠᠬᠤ ᠪᠠᠷ ᠳᠠᠮᠵᠢᠭᠤᠯᠤᠨ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠴᠢᠨᠠᠷ ᠰᠠᠶᠢᠲᠠᠶ ᠬᠥᠭᠵᠢᠯᠲᠡ ᠶᠢ ᠪᠦᠬᠦ ᠲᠠᠯ᠎ᠠ ᠪᠠᠷ ᠪᠦᠲᠦᠮᠵᠢᠲᠡᠶ ᠠᠬᠢᠭᠤᠯᠵᠤ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ︽ᠨᠢᠭᠡ ᠪᠦᠯᠦᠭ ᠢ ᠬᠥᠭᠵᠢᠭᠦᠯᠪᠡᠯ᠂ ᠨᠢᠭᠡ ᠪᠦᠯᠦᠭ ᠢ ᠵᠢᠷᠤᠮᠵᠢᠭᠤᠯᠬᠤ᠂ ᠨᠢᠭᠡ ᠪᠦᠯᠦᠭ ᠢ ᠳᠡᠭᠡᠭᠰᠢᠯᠡᠭᠦᠯᠪᠡᠯ᠂ ᠨᠢᠭᠡ ᠪᠦᠯᠦᠭ ᠢ ᠲᠠᠨᠢᠯᠴᠠᠭᠤᠯᠬᠤ︾ ᠰᠡᠳᠬᠢᠴᠠ ᠶᠣᠰᠣᠭᠠᠷ᠂ ᠬᠡᠪᠴᠢᠶ᠎ᠡ ᠨᠢ ᠲᠣᠬᠢᠷᠠᠮᠵᠢᠲᠠᠶ᠂ ᠦᠢᠯᠡᠳᠪᠦᠷᠢᠯᠡᠯ ᠨᠢ ᠡᠷᠴᠢᠮᠯᠢᠭ᠂ ᠬᠠᠮᠢᠶᠠᠷᠤᠯᠲᠠ ᠨᠢ ᠲᠡᠷᠢᠭᠦᠨ ᠤ ᠬᠢ᠂ ᠦᠷ᠎ᠡ ᠠᠰᠢᠭ ᠨᠢ ᠢᠯᠡᠷᠬᠡᠢ ᠨᠢᠭᠡ ᠪᠦᠯᠦᠭ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ ᠲᠦᠷᠭᠡᠳᠬᠡᠨ ᠪᠤᠶᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠲᠠᠷᠢᠶᠠᠯᠠᠩ‌ᠮᠠᠯ ᠠᠵᠤ ᠠᠬᠤᠶ ᠪᠠ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠠᠭᠤᠷᠢ ᠶᠢ ᠨᠢ ᠪᠠᠬᠢᠵᠢᠭᠦᠯᠵᠦ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号