ᠬᠥᠬᠡᠬᠤᠲᠠ ᠶᠢᠨ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠨᠡᠮᠡᠭᠳᠡᠯ ᠤᠨ ᠬᠡᠮᠵᠢᠶ᠎ᠡ 26.7% ᠬᠦᠷᠴᠡᠶ
ᠨᠡᠶᠢᠲᠡᠯᠡᠭᠰᠡᠨ ᠴᠠᠭ᠄
2021/5/3
     ᠰᠠᠶᠢᠬᠠᠨ ᠪᠣᠭᠤᠮᠲᠠ ᠶᠢᠨ ᠲᠤᠭ᠎ᠠ ᠪᠦᠷᠢᠳᠬᠡᠯ ᠠᠴᠠ ᠦᠵᠡᠪᠡᠯ᠂ ᠬᠥᠬᠡᠬᠤᠲᠠ ᠶᠢᠨ ᠡᠨᠡ ᠵᠢᠯ ᠤᠨ ᠨᠢᠭᠡᠳᠦᠭᠡᠷ ᠤᠯᠠᠷᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠶᠡᠷᠦᠩᠬᠡᠶ ᠥᠷᠲᠡᠭ 45.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠵᠡᠶ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 26.5 ᠳ᠋ᠦᠩᠰᠢᠭᠤᠷ ᠲᠥᠭᠦᠷᠢᠭ ᠲᠤ ᠬᠦᠷᠴᠦ᠂ 6.6% ᠶᠢᠨ ᠪᠠᠭ᠎ᠠ ᠪᠠᠭᠤᠷᠠᠭᠰᠠᠨ ᠪᠠᠶᠢᠳᠠᠯ ᠢᠯᠡᠷᠡᠵᠦ᠂ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 19.2 ᠳ᠋ᠦᠩᠰᠢᠭᠤᠷ ᠲᠥᠭᠦᠷᠢᠭ ᠲᠤ ᠬᠦᠷᠴᠦ᠂ 26.7% ᠶᠢᠨ ᠶᠡᠬᠡᠪᠡᠷ ᠨᠡᠮᠡᠭᠳᠡᠭᠰᠡᠨ ᠪᠠᠶᠢᠳᠠᠯ ᠢᠯᠡᠷᠡᠪᠡ᠃ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠢ ᠬᠦᠴᠢᠷᠳᠡᠯ ᠢ ᠢᠯᠠᠨ ᠳᠠᠪᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠨᠢᠭᠡᠳᠦᠭᠡᠷ ᠤᠯᠠᠷᠢᠯ ᠳᠤ ᠡᠶᠡᠷᠬᠦ ᠨᠡᠮᠡᠭᠳᠡᠯ ᠢ ᠤᠭᠲᠤᠨ ᠠᠪᠴᠢᠷᠠᠵᠤ᠂ ᠠᠮᠵᠢᠯᠲᠠ ᠲᠠᠢ ᠡᠬᠢᠯᠡᠯᠲᠡ ᠶᠢ ᠪᠡᠶᠡᠯᠡᠭᠦᠯᠵᠡᠢ᠃      ︽ᠬᠥᠭᠵᠢᠯᠲᠡ ᠶᠢᠨ ᠬᠠᠨᠳᠤᠰᠢ ᠠᠴᠠ ᠦᠵᠡᠪᠡᠯ᠂ 2021 ᠣᠨ ᠳᠤ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶ ᠲᠦᠷᠦᠭᠦᠤ ᠬᠤᠶᠠᠷ ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ ᠪᠠᠨ ᠪᠠᠭᠤᠷᠠᠭᠰᠠᠨ ᠤ ᠳᠠᠷᠠᠭ᠎ᠠ᠂ 3 ᠳ᠋ᠤᠭᠠᠷ ᠰᠠᠷ᠎ᠠ ᠳᠤ ᠲᠣᠭᠲᠠᠭᠤᠨ ᠢᠶᠠᠷ ᠳᠡᠭᠡᠭᠰᠢᠯᠡᠵᠦ᠂ ᠭᠠᠭᠴᠠ ᠰᠠᠷ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠬᠡᠮᠵᠢᠶ᠎ᠡ ᠴᠥᠮ ᠨᠡᠮᠡᠭᠳᠡᠬᠦ ᠬᠠᠨᠳᠤᠰᠢ ᠲᠠᠢ ᠪᠣᠯᠵᠣ᠂ ᠨᠡᠮᠡᠭᠳᠡᠯ ᠤᠨ ᠬᠡᠮᠵᠢᠶ᠎ᠡ ᠨᠢ ᠲᠣᠰ ᠲᠣᠰ 4% ᠪᠠ 18.5% ᠬᠦᠷᠴᠡᠶ︾᠃ ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠰᠠᠯᠠᠭᠠᠨ ᠤ ᠰᠠᠯᠠᠭᠠᠨ ᠳᠠᠷᠤᠭ᠎ᠠ ᠯᠢᠦ ᠴᠦᠨ ᠶᠢᠩ ᠤᠨ ᠲᠠᠨᠢᠯᠴᠠᠭᠤᠯᠤᠭᠰᠠᠨ ᠢᠶᠠᠷ᠂ ᠭᠤᠤᠯᠳᠠᠭᠤ ᠢᠯᠡᠷᠡᠵᠦ ᠪᠠᠶᠢᠭ᠎ᠠ ᠣᠨᠴᠠᠯᠢᠭ ᠭᠡᠪᠡᠯ᠂ ᠨᠢᠭᠡ ᠳᠤ ᠬᠥᠬᠡᠬᠤᠲᠠ ᠶᠢᠨ ᠶᠡᠷᠦᠩᠬᠡᠶᠢᠯᠡᠭᠰᠡᠨ‌ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠬᠠᠨᠳᠤᠰᠢ ᠴᠢᠩᠭ᠎ᠠ ᠪᠠᠶᠢᠨ᠎ᠠ᠃ ᠨᠢᠭᠡᠳᠦᠭᠡᠷ ᠤᠯᠠᠷᠢᠯ ᠳᠤ᠂ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 16.7 ᠳ᠋ᠦᠩᠰᠢᠭᠤᠷ ᠲᠥᠭᠦᠷᠢᠭ ᠲᠤ ᠬᠦᠷᠴᠦ᠂ 7089% ᠪᠠᠷ ᠨᠡᠮᠡᠭᠳᠡᠵᠡᠶ᠃ ᠬᠤᠶᠠᠷ ᠲᠤ ᠡᠩ ᠤᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷ ᠭᠤᠣᠯ ᠪᠣᠯᠭᠠᠵᠤ᠂ ᠭᠠᠶᠢᠯᠢ ᠪᠠᠲᠤᠯᠠᠬᠤ ᠡᠳ᠋ ᠪᠠᠷᠠᠭᠠᠨ ᠤ ᠭᠦᠢᠯᠭᠡᠭᠡᠨ ᠤ ᠠᠷᠠᠯᠵᠢᠶ᠎ᠠ ᠦᠳᠲᠡᠷ ᠲᠦᠷᠭᠡᠨ ᠨᠡᠮᠡᠭᠳᠡᠪᠡ ᠃ ᠭᠤᠷᠪᠠ ᠳᠤ᠂ ᠰᠢᠨ᠎ᠡ ᠽᠢᠯᠠᠨᠳ᠋᠂ ᠠᠮᠧᠷᠢᠺᠠ᠂ ᠮᠣᠩᠭᠤᠯ᠂ ᠰᠸᠧᠳᠧᠨ ᠪᠣᠯ ᠬᠥᠬᠡᠬᠤᠲᠠ ᠶᠢᠨ ᠭᠤᠣᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠨ᠎ᠠ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠳᠡᠭᠡᠭᠰᠢᠯᠡᠵᠡᠢ᠃ ᠲᠦᠷᠪᠡ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠣᠯᠪᠠ᠃ ᠨᠢᠭᠡᠳᠦᠭᠡᠷ ᠤᠯᠠᠷᠢᠯ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ 27.2 ᠳ᠋ᠦᠩᠰᠢᠭᠤᠷ ᠲᠥᠭᠦᠷᠢᠭ ᠲᠤ ᠬᠦᠷᠴᠦ᠂ 238.3% ᠪᠠᠷ ᠨᠡᠮᠡᠭᠳᠡᠨ᠂ ᠠᠷᠠᠯᠵᠢᠶᠠᠨ ᠤ ᠶᠡᠷᠦᠩᠬᠡᠶ ᠥᠷᠲᠡᠭ ᠤᠨ 59.6% ᠶᠢ ᠡᠵᠡᠯᠡᠪᠡ᠃ ᠲᠠᠪᠤ ᠳᠤ ᠭᠠᠳᠠᠭᠠᠳᠤ ᠤᠷᠤᠭᠤᠯᠤᠯᠲᠠ ᠴᠠᠭᠠᠨ ᠢᠳᠡᠭᠡᠨ ᠢᠶᠠᠷ ᠭᠤᠣᠯ ᠪᠣᠯᠭᠠᠵᠤ᠂ ᠭᠠᠳᠠᠭᠠᠳᠤ ᠭᠠᠷᠭᠠᠯᠲᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ᠂ ᠦᠨᠳᠦᠰᠦᠨ ᠣᠷᠭᠠᠨᠢᠭ ᠬᠢᠮᠢ ᠶᠢᠨ ᠪᠤᠳᠠᠰ ᠢᠶᠠᠷ ᠭᠤᠣᠯ ᠪᠤᠯᠭᠠᠵᠤ ᠪᠤᠢ᠃ ᠭᠠᠳᠠᠭᠠᠳᠤ ᠠᠴᠠ ᠣᠷᠣᠭᠤᠯᠤᠭᠰᠠᠨ ᠴᠠᠭᠠᠨ ᠢᠳᠡᠭᠡ 17 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠶ ᠥᠷᠲᠡᠭ ᠤᠨ 64.2% ᠢ ᠡᠵᠡᠯᠡᠪᠡ᠃ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠪᠠ ᠦᠨᠳᠦᠰᠦᠨ ᠣᠷᠭᠠᠨᠢᠭ ᠬᠢᠮᠢ ᠶᠢᠨ ᠪᠣᠳᠠᠰ ᠭᠠᠳᠠᠭᠠᠳᠤ ᠭᠠᠷᠭᠠᠯᠲᠠ 10.1 ᠳ᠋ᠦᠩᠰᠢᠭᠤᠷ ᠲᠥᠭᠦᠷᠢᠭ ᠲᠤ ᠬᠦᠷᠴᠦ᠂ ᠭᠠᠳᠠᠭᠠᠳᠤ ᠭᠠᠷᠭᠠᠯᠲᠠ ᠶᠢᠨ ᠶᠡᠷᠦᠩᠬᠡᠶ ᠦᠷᠳᠡᠭ ᠤᠨ 52.6% ᠶᠢ ᠡᠵᠡᠯᠡᠪᠡ᠃      ᠡᠨᠡ ᠵᠢᠯ ᠠᠴᠠ ᠨᠠᠰᠢ᠂ ᠰᠠᠶᠢᠬᠠᠨ ᠪᠣᠭᠤᠮᠲᠠ ᠭᠠᠳᠠᠭᠠᠳᠤ ᠠᠷᠠᠯᠵᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠤᠢᠢᠯᠠᠭᠠᠨ ᠦᠢᠯᠡᠳᠦᠯᠭᠡᠵᠢᠭᠦᠯᠵᠦ᠂ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠠᠰᠢᠭ ᠦᠭᠡᠢ ᠨᠥᠯᠥᠭᠡ ᠪᠣᠯᠤᠨ ᠠᠵᠤ ᠠᠬᠤᠢ ᠶᠢᠨ ᠤᠷᠤᠭᠤᠳᠠᠯ ᠤᠨ ᠲᠦᠭᠰᠢᠭᠦᠷᠢ ᠶᠢ ᠢᠯᠠᠨ ᠲᠠᠪᠠᠵᠤ᠂ ᠣᠷᠣᠨ ᠤ ᠲᠥᠪ ᠤᠨ ᠭᠠᠳᠠᠭᠠᠳᠤ‌ᠠᠷᠠᠯᠵᠢᠶᠠᠨ ᠤ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠢ ᠪᠡᠶᠡᠯᠡᠭᠦᠯᠬᠦ ᠳᠤ ᠬᠦᠴᠦᠨ ᠨᠡᠮᠡᠷᠢᠯᠡᠵᠡᠢ᠃ ︵ᠰᠤᠷᠪᠤᠯᠵᠢᠯᠠᠭᠴᠢ ᠵᠧᠩ ᠰᠢᠤᠸᠠᠢ ᠯᠢᠶᠠᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号