ᠦᠴᠤᠸᠠᠨ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠦᠴᠤᠸᠠᠨ ᠰᠢᠶᠠᠨ ᠤ ᠨᠠᠮ ᠤᠨ ᠬᠤᠷᠢᠶᠠᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/9
     4 ᠰᠠᠷ᠎ᠠ ᠶᠢᠨ 28 ᠤ ᠡᠳᠦᠷ᠂ ᠦᠴᠤᠸᠠᠨ ᠰᠢᠶᠠᠨ ᠠᠷᠪᠠᠨ ᠳᠥᠷᠪᠡᠳᠦᠭᠡᠷ ᠬᠤᠭᠤᠴᠠᠭᠠᠨ ᠤ ᠦᠴᠤᠸᠠᠨ ᠰᠢᠶᠠᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠨᠡᠷ᠎ᠡ ᠳᠤᠷᠠᠳᠤᠭᠰᠠᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠥ᠋ ᠸᠧᠶ ᠬᠤᠷᠠᠯ ᠳᠤ ᠣᠷᠣᠯᠴᠠᠵᠠᠶ᠃ ᠠᠷᠪᠠᠨ ᠳᠥᠷᠪᠡᠳᠦᠭᠡᠷ ᠬᠤᠭᠤᠴᠠᠭᠠᠨ ᠤ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠬᠤ ᠡᠯ᠎ᠡ ᠳᠤᠭᠤᠶᠢᠯᠠᠩ ᠤᠨ ᠪᠦᠬᠦ ᠪᠦᠷᠢᠯᠳᠦᠬᠦᠨ᠂ ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠬᠤ ᠲᠣᠭᠲᠠᠴᠠ ᠶᠢᠨ ᠪᠦᠷᠢᠯᠳᠦᠬᠦᠨ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠲᠣᠭᠤᠷᠢᠨ ᠪᠠᠶᠢᠴᠠᠭᠠᠭᠳᠠᠬᠤ ᠨᠢᠭᠡᠴᠢ ᠶᠢᠨ ᠬᠠᠷᠢᠭᠤᠴᠠᠯᠭᠠᠲᠠᠨ ᠵᠢᠴᠢ ᠬᠤᠯᠪᠣᠭᠠᠴᠢᠨ᠂ ᠰᠢᠶᠠᠨ ᠤ ᠨᠠᠮ ᠤᠨ ᠬᠤᠷᠢᠶ᠎ᠠ ᠶᠢᠨ ᠲᠣᠭᠤᠷᠢᠨ  ᠪᠠᠶᠢᠴᠠᠭᠠᠬᠤ ᠠᠯᠪᠠᠨ ᠭᠡᠷ ᠤᠨ ᠠᠵᠢᠯᠲᠠᠳ ᠬᠤᠷᠠᠯ ᠳᠤ ᠣᠷᠣᠯᠴᠠᠪᠠ᠃
     ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠲᠣᠭᠤᠷᠢᠨ ᠪᠠᠶᠢᠴᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠤ ᠲᠤᠰᠬᠠᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠰᠢᠯᠢᠳᠡᠭᠵᠢᠭᠦᠯᠬᠦ ᠲᠣᠭᠲᠠᠭᠠᠯ ᠢ ᠨᠡᠶᠢᠲᠡᠯᠡᠪᠡ᠃      ᠬᠦ᠋ ᠸᠧᠢ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ ᠬᠡᠷᠡᠭᠲᠡᠢ︔ ᠭᠤᠣᠯᠳᠠᠯᠭ᠎ᠠ ᠶᠢ ᠴᠢᠩᠭ᠎ᠠ ᠡᠵᠡᠮᠳᠡᠵᠦ᠂ ᠵᠠᠩᠭᠢᠯᠠᠭ᠎ᠠ ᠶᠢ ᠴᠢᠩᠭ᠎ᠠ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠳᠦᠷᠦᠯ ᠤᠨ ᠲᠣᠭᠤᠷᠢᠢᠨ ᠪᠠᠶᠢᠴᠠᠭᠠᠬᠤ ᠡᠯ᠎ᠡ ᠳᠦᠷᠦᠯ ᠤᠨ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ︔ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠴᠢᠩᠭ᠎ᠠ ᠱᠠᠭᠠᠷᠳᠠᠯᠭ᠎ᠠ ᠪᠠ ᠬᠠᠲᠠᠭᠤ ᠴᠢᠩᠭ᠎ᠠ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠥᠨᠳᠡᠯᠡᠨ ᠢᠶᠠᠷ ᠵᠣᠬᠢᠴᠠᠭᠤᠯᠬᠤ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠨ ᠲᠥᠰᠦᠯ ᠢᠶᠠᠨ ᠨᠠᠷᠢᠨ ᠨᠢᠮᠪᠠᠢ ᠲᠣᠭᠲᠠᠭᠠᠵᠤ᠂ ᠬᠠᠷᠢᠭᠤᠴᠠᠯᠭ᠎ᠠ ᠪᠠᠨ ᠦᠨᠡᠨᠬᠦ ᠤᠯᠠᠮᠵᠢᠯᠠᠵᠤ᠂ ᠡᠷᠴᠢ ᠵᠣᠷᠢᠭ ᠢᠶᠠᠨ ᠳᠠᠶᠢᠴᠢᠯᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠪᠠᠷᠢᠮᠵᠢᠶᠠᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠲᠣᠭᠤᠷᠢᠨ ᠪᠠᠶᠢᠴᠠᠭᠠᠬᠤ ᠭᠤᠣᠯᠳᠠᠯᠭ᠎ᠠ ᠶᠢ ᠠᠳᠬᠤᠨ ᠤᠨᠢᠨ ᠳᠡᠭᠡᠷ᠎ᠡ ᠨᠢ ᠬᠦᠴᠦᠯᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠨ ᠥᠨᠳᠥᠷ ᠪᠦᠲᠦᠮᠵᠢᠲᠡᠢ ᠪᠠᠷ ᠠᠬᠢᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠲᠤᠰᠢᠶᠠᠭᠰᠠᠨ ᠲᠣᠭᠤᠷᠢᠨ ᠪᠠᠶᠢᠴᠠᠭᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠴᠤᠭ ᠪᠠᠳᠠᠷᠠᠩᠭᠤᠢ ᠠᠵᠢᠯ ᠬᠢᠬᠦ ᠣᠮᠤᠭ ᠰᠦᠷ ᠪᠣᠯᠤᠨ ᠴᠥᠬᠦᠷᠡᠰᠢ ᠦᠭᠡᠢ ᠴᠢᠷᠮᠠᠶᠢᠬᠤ ᠬᠠᠳᠠᠨ ᠵᠣᠷᠢᠭ ᠢᠶᠠᠷ ᠰᠢᠨ᠎ᠡ ᠵᠢᠳᠬᠦᠯ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠪᠡ᠃ ︵ᠰᠤᠷᠪᠤᠯᠵᠢᠯᠠᠭᠴᠢ᠄ ᠲᠢᠶᠠᠨ ᠵᠢᠩ᠂ ᠯᠢᠦ ᠰᠢᠶᠤᠤ ᠴᠢᠶᠠᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号