ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 213 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 4 ᠳ᠋ᠦ᠋ᠭᠡᠷ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/10
     6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 213 ᠳ᠋ᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 4 ᠳ᠋ᠦ᠋ᠭᠡᠷ ᠬᠤᠷᠠᠯ ᠢ ᠡᠷᠭᠢᠯᠡᠨ ᠬᠤᠷᠠᠯᠳᠤᠭᠤᠯᠪᠠ᠃
     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾ ᠢ 5 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ︽ᠪᠡᠭᠡᠵᠢᠩ ᠬᠤᠲᠠ ᠶᠢᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠭᠰᠠᠨ ᠪᠥᠭᠡᠳ ᠪᠦᠬᠦ ᠰᠢᠶᠠᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃      ᠬᠤᠷᠠᠯ ᠠᠴᠠ ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠶᠢᠴᠢᠯᠠᠯᠳᠠ ᠶᠢᠨ ᠬᠤᠷᠠᠯ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠬᠤᠷᠠᠯ ᠢ ᠪᠡᠯᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠲᠤᠬᠠᠢ ᠶᠢᠨ ᠭᠠᠵᠠᠷ ᠲᠤᠨᠢ ᠰᠢᠯᠭᠠᠨ ᠦᠨᠡᠯᠡᠵᠦ ᠬᠠᠷᠢᠭᠤ ᠲᠤᠰᠬᠠᠭᠰᠠᠨ ᠠᠰᠠᠭᠤᠳᠠᠯ ᠢ ᠮᠡᠳᠡᠭᠳᠡᠵᠦ᠂ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠬᠠᠮ ᠵᠠᠭᠤᠴᠢᠯᠠᠭᠤᠷ ᠤᠨ ᠲᠥᠪ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠬᠠᠭᠤᠯᠭ᠎ᠠ ᠶᠢᠨ ᠠᠵᠢᠯ ᠤᠨ ᠭᠤᠣᠯ ᠵᠢᠭᠰᠠᠭᠠᠯ ᠤᠨ ᠭᠠᠵᠠᠷ ᠢ ᠪᠠᠲᠤ ᠡᠵᠡᠮᠳᠡᠵᠦ᠂ ᠨᠠᠮ ᠤᠨ ᠳᠠᠭᠤ ᠬᠤᠭᠤᠯᠠᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠤᠨ ᠮᠡᠳᠡᠭᠡᠯᠡᠬᠦ ᠶᠢ ᠢᠳᠡᠪᠬᠢᠲᠡᠢ ᠥᠷᠨᠢᠭᠦᠯᠵᠦ᠂ ᠵᠥᠪ ᠲᠠᠯ᠎ᠠ ᠶᠢᠨ ᠤᠬᠠᠭᠤᠯᠭ᠎ᠠ ᠶᠢᠨ ᠵᠢᠯᠤᠭᠤᠳᠤᠯᠭ᠎ᠠ ᠶᠢ ᠰᠠᠶᠢᠲᠤᠷ ᠬᠢᠵᠦ᠂ ᠬᠦᠴᠦᠨ ᠢᠶᠠᠨ ᠲᠥᠪᠯᠡᠷᠡᠭᠦᠯᠦᠨ ᠦᠴᠤᠸᠠᠨ ᠤ ᠦᠯᠢᠭᠡᠷ ᠢ ᠰᠠᠶᠢᠲᠤᠷ ᠶᠠᠷᠢᠵᠤ᠂ ᠦᠴᠤᠸᠠᠨ ᠤ ᠳᠠᠭᠤᠨ ᠢ ᠰᠠᠶᠢᠲᠤᠷ ᠳᠠᠮᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠬᠠᠮ ᠵᠠᠭᠤᠴᠢᠯᠠᠭᠤᠷ ᠤᠨ ᠲᠥᠪ ᠤᠨ ᠬᠢᠨ ᠤᠬᠠᠭᠤᠯᠭ᠎ᠠ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠪᠠᠷ ᠴᠢᠩᠭ᠎ᠠ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠢᠯᠠᠭᠤᠭᠰᠠᠨ ᠲᠠᠶᠢᠨ ᠬᠢᠵᠦ ᠳᠡᠶᠢᠯᠬᠦ ᠤᠬᠠᠭᠤᠯᠭ᠎ᠠ ᠶᠢᠨ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠳᠦᠷᠢᠮ︾ ᠪᠣᠯ ᠮᠠᠨ ᠤ ᠨᠠᠮ ᠤᠨ ᠲᠡᠦᠬᠡᠨ ᠳᠡᠭᠡᠷᠡᠬᠢ ᠵᠣᠬᠢᠶᠠᠨ ᠪᠠᠶᠢᠭᠤᠯᠬᠤ ᠠᠵᠢᠯ ᠤᠨ ᠲᠤᠬᠠᠢ ᠠᠩᠬᠠᠳᠠᠭᠴᠢ ᠶᠡᠷᠦᠩᠬᠡᠶᠢᠯᠡᠨ ᠵᠢᠯᠣᠭᠤᠳᠬᠤ ᠴᠢᠨᠠᠷᠲᠠᠢ᠂ ᠶᠡᠷᠦᠩᠬᠡᠶᠢᠯᠡᠭᠰᠡᠨ ᠴᠢᠨᠠᠷᠲᠠᠢ ᠰᠠᠭᠤᠷᠢ ᠭᠤᠣᠯ ᠪᠣᠯᠬᠤ ᠬᠠᠤᠯᠢ ᠲᠣᠭᠲᠠᠭᠠᠯ ᠪᠣᠯᠤᠨ᠎ᠠ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠬᠤ ᠦᠨᠳᠦᠰᠦᠨ ᠵᠢᠷᠤᠮᠯᠠᠯ ᠪᠣᠯᠤᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ᠂ ᠵᠢᠷᠤᠮᠵᠢᠯᠲᠠ ᠶᠢ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠷᠢᠳᠠᠪᠠᠷ ᠶᠠᠪᠤᠵᠤ᠂ ᠦᠯᠢᠭᠡᠷ ᠳᠠᠭᠤᠷᠢᠶᠠᠯ ᠪᠣᠯᠵᠤ᠂ ︽ᠳᠦᠷᠢᠮ︾ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠲᠦᠷᠦᠭᠦᠯᠡᠨ ᠠᠬᠢᠭᠤᠯᠬᠤ ᠬᠡᠷᠡᠭᠲᠡᠢ᠃ ︽ᠳᠦᠷᠢᠮ︾ ᠢ ᠰᠤᠷᠤᠯᠴᠠᠨ  ᠲᠤᠭᠤᠰᠢᠯᠠᠭᠤᠯᠬᠤ ᠶᠠᠪᠤᠳᠠᠯ ᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠵᠢᠭᠠᠪᠤᠷᠢ ᠶᠢᠨ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ᠂ ᠢᠯᠠᠩᠭᠤᠶ᠎ᠠ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ︽ᠲᠦᠷᠢᠮ︾ ᠢ ᠬᠢᠨᠠᠮᠠᠭᠠᠶ ᠰᠤᠷᠤᠯᠴᠠᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠤᠢᠢᠯᠠᠭᠠᠨ᠂ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠲᠠᠢ ᠨᠢᠭᠲᠠ ᠤᠶᠠᠯᠳᠤᠭᠤᠯᠤᠨ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪᠯᠡᠷᠡᠯ ᠨᠢᠭᠡᠳᠦᠯ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠲᠦᠷᠢᠮ ᠢ ᠪᠦᠷᠢᠨᠰᠢᠬᠦᠯᠵᠤ᠂ ᠳᠡᠭᠡᠷ᠎ᠡ ᠳᠣᠣᠷ᠎ᠠ ᠨᠢ ᠨᠡᠪᠲᠡᠷᠡᠭᠰᠡᠨ᠂ ᠬᠦᠴᠦᠲᠡᠢ ᠬᠡᠷᠡᠭᠵᠢᠭᠦᠯᠦᠭᠰᠡᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠤᠳᠤᠷᠢᠳᠤᠯᠭ᠎ᠠ ᠶᠢ ᠡᠯ᠎ᠡ ᠱᠠᠳᠤ ᠳᠠᠪᠬᠤᠷᠭ᠎ᠠ᠂ ᠡᠯ᠎ᠡ ᠬᠦᠷᠢᠶ᠎ᠡ᠂ ᠡᠯ᠎ᠡ ᠲᠠᠯ᠎ᠠ ᠳᠤ ᠬᠦᠴᠦᠲᠡᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠵᠢᠯ ᠤᠨ ᠪᠠᠶᠢᠷᠢᠰᠢᠭᠤᠯᠤᠯᠲᠠ ᠪᠠ ᠰᠡᠳᠬᠢᠴᠡ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠢ ᠴᠢᠨᠠᠭᠰᠢᠳᠠ ᠰᠠᠶᠢᠲᠤᠷ ᠲᠠᠶᠢᠴᠢᠯᠠᠵᠦ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠰᠠᠶᠢᠲᠤᠷ ᠨᠢᠭᠲᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠱᠤᠭᠤᠮ ᠢ ᠤᠯᠤᠰ ᠲᠦᠷᠦ ᠶᠢᠨ ᠱᠤᠭᠤᠮ ᠳᠤ ᠨᠡᠩ ᠰᠠᠶᠢᠲᠤᠷ ᠦᠢᠯᠡᠴᠢᠯᠡᠭᠦᠯᠬᠦ ᠶᠢ ᠠᠬᠢᠭᠤᠯᠬᠤ ᠬᠡᠷᠡᠭᠲᠡᠢ᠃ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠰᠡᠳᠬᠢᠴᠡ ᠪᠠᠨ ᠰᠦᠪᠡᠭᠴᠢᠯᠡᠬᠦ᠂ ᠲᠦᠷᠦ ᠶᠢᠨ ᠪᠤᠳᠤᠯᠭ᠎ᠠ ᠲᠣᠭᠲᠠᠭᠠᠬᠤ ᠪᠤᠶᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠠᠯᠢᠨ ᠳᠤᠨᠢ ᠴᠤ ᠴᠥᠮ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠣᠳᠠᠲᠤ ᠪᠠᠶᠢᠳᠠᠯ ᠳᠤ ᠭᠦᠨᠵᠡᠭᠡᠶᠢᠷᠡᠵᠦ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ ᠠᠷᠠᠳ ᠤᠨ ᠦᠷ᠎ᠡ ᠪᠦᠲᠦᠮᠵᠢ ᠶᠢ ᠠᠰᠠᠭᠤᠬᠤ ᠬᠡᠷᠡᠭᠲᠡᠶ᠃ ᠡᠭᠦᠨ ᠤ ᠵᠡᠷᠭᠡᠴᠡᠭᠡᠪᠡᠷ᠂ ︽ᠪᠢ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠶ ᠰᠠᠶᠢᠲᠤᠷ ᠠᠳᠬᠤᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠲᠠᠯᠪᠢᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠠᠬᠢᠭᠤᠯᠬᠤ ᠬᠡᠷᠡᠭᠲᠡᠶ ᠭᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠭᠦᠨ ᠭᠦᠨᠵᠡᠭᠡᠢ ᠨᠠᠷᠢᠨ ᠨᠢᠮᠪᠠᠢ ᠰᠤᠷᠤᠯᠴᠠᠬᠤ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠭᠤᠣᠯ ᠰᠢᠵᠢᠮ ᠢ ᠪᠠᠲᠤ ᠡᠵᠡᠮᠳᠡᠵᠦ᠂ ᠰᠣᠷᠣᠭᠰᠠᠨ ᠢᠶᠠᠨ ᠬᠡᠷᠡᠭᠯᠡᠬᠦ ᠶᠢ ᠰᠤᠷᠴᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠤᠷᠤᠯᠴᠠᠯᠭ᠎ᠠ ᠬᠥᠮᠦᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠯᠠᠪᠳᠠᠭᠤᠨ ᠪᠠᠲᠤᠲᠠᠢ ᠰᠠᠶᠢᠲᠤᠷ ᠪᠡᠶᠡᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠡᠳᠦᠷ ᠳᠤᠳᠤᠮ ᠤᠨ ᠠᠵᠢᠯ ᠳᠤᠮᠳᠠ ᠪᠠᠨ ᠬᠡᠷᠡᠭᠯᠡᠵᠦ᠂ ᠲᠡᠭᠦᠰ ᠲᠡᠭᠦᠯᠳᠡᠷ ᠠᠵᠢᠯ ᠤᠨ ᠪᠠᠶᠢᠳᠠᠯ ᠢᠶᠠᠷ ᠡᠷᠡᠯᠬᠡᠭᠯᠡᠨ ᠤᠷᠤᠭᠰᠢᠯᠠᠵᠤ᠂ ᠰᠢᠯᠢᠳᠡᠭ ᠠᠮᠵᠢᠯᠲᠠ ᠶᠢ ᠵᠣᠷᠢᠭᠲᠠᠢ ᠪᠠᠷ ᠡᠭᠦᠳᠴᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号