ᠬᠥᠬᠡᠬᠤᠲᠠ ᠶᠢᠨ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/6/14
     2021 ᠣᠨ ᠤ 2 ᠳ᠋ᠤᠭᠠᠷ ᠰᠠᠷ᠎ᠠ ᠶᠢᠨ 22 ᠤᠨ ᠡᠳᠦᠷ ᠬᠥᠬᠡᠬᠤᠲᠠ ᠶᠢᠨ ᠠᠷᠪᠠᠨ      ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ      ᠳᠥᠷᠪᠡᠳᠦᠭᠡᠷ ᠬᠤᠷᠠᠯᠳᠤᠭᠠᠨ ᠳᠡᠭᠡᠷ᠎ᠡ      ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ    ᠾᠧ ᠬᠠᠶ ᠳ᠋ᠦᠩᠲᠥᠯᠥᠭᠡᠯᠡᠭᠴᠢᠳ ᠡ᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2020 ᠣᠨ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ      2020 ᠣᠨ ᠪᠣᠯ ᠣᠷᠣᠨ ᠤ ᠲᠥᠪ ᠤᠨ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠬᠦᠨᠳᠦ ᠡᠭᠦᠷᠭᠡ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ ᠪᠢᠳᠡ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠬᠤᠲᠠ ᠶᠢᠨ ᠠᠵᠤ ᠠᠬᠤᠶ ᠦᠷᠭᠦᠯᠵᠢᠯᠡᠨ ᠲᠣᠭᠲᠠᠭᠤᠨ ᠪᠣᠯᠵᠣ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠠᠯ᠎ᠠ ᠪᠠᠷ ᠰᠢᠢᠳᠪᠦᠷᠢᠯᠡᠬᠦ ᠴᠢᠨᠠᠷᠲᠠᠶ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃      ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄      ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠥᠬᠦ ᠬᠤᠲᠠ ᠪᠠᠷ ᠢᠶᠠᠨ ᠲᠦᠷᠭᠡᠨ ᠲᠤᠰᠬᠠᠯ ᠭᠠᠷᠭᠠᠵᠤ᠂ ᠪᠥᠬᠦ ᠬᠦᠴᠦᠨ ᠢᠶᠠᠷ ᠢᠶᠠᠨ ᠠᠷᠭᠠᠴᠠᠭᠠᠵᠤ᠂ ᠵᠢᠷᠭᠤᠭᠠᠨ ᠱᠠᠲᠤᠨ ᠤ ᠰᠡᠷᠭᠡᠶᠢᠯᠡᠨ ᠡᠵᠡᠮᠳᠡᠬᠦ ᠨᠢᠭᠲᠠ ᠴᠢᠩᠭ᠎ᠠ ᠰᠢᠰᠲ᠋ᠧᠮᠵᠢ ᠶᠢ ᠪᠠᠶᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠠᠵᠢᠯᠲᠠᠨ ᠠᠵᠢᠯᠴᠢᠨ᠂ ᠳᠠᠷᠤᠭ᠎ᠠ ᠪᠠᠶᠢᠯᠳᠤᠭᠴᠢ᠂ ᠰᠠᠶᠢᠨ ᠳᠤᠷᠠᠴᠢᠳ ᠲᠣᠰᠬᠤᠨ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ᠬᠦᠴᠦᠷᠬᠡᠭ ᠶᠡᠭᠡ ᠨᠡᠶᠢᠯᠡᠯ ᠬᠦᠴᠦᠨ ᠢ ᠨᠢᠭᠲᠠᠷᠠᠭᠤᠯᠪᠠ︔ ᠤᠷᠢᠳ ᠬᠤᠵᠢᠳ 4 ᠪᠦᠯᠦᠭ ᠤᠳᠠᠭ᠎ᠠ᠂ 80 ᠬᠥᠮᠦᠨ ᠤ ᠡᠮᠴᠢᠯᠡᠭᠡᠨ ᠤ ᠠᠩᠬᠢ ᠶᠢ ᠲᠣᠮᠢᠯᠠᠨ ᠬᠤᠪᠸᠢ ᠶᠢ ᠲᠤᠰᠠᠯᠠᠪᠠ︔ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠨᠡᠶᠢᠲᠡ 84 ᠤᠳᠠᠭ᠎ᠠ᠂ 1.6 ᠲᠦᠮᠡᠨ ᠬᠥᠮᠦᠨ ᠢ ᠬᠤᠪᠢᠶᠠᠷᠢᠯᠠᠨ ᠪᠠᠭᠤᠯᠭᠠᠵᠤ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ 184 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠪᠤᠷᠠᠨ ᠵᠠᠰᠠᠵᠤ᠂ ᠲᠤᠰ ᠭᠠᠵᠠᠷ ᠤᠨ ᠡᠪᠡᠳᠴᠢᠨ ᠤ ᠵᠢᠱᠢᠶ᠎ᠡ ᠶᠢ ︽ᠪᠦᠬᠦᠨ ᠢ ᠡᠳᠡᠭᠡᠷᠡᠭᠦᠯᠵᠦ᠂ ᠦᠬᠦᠭᠰᠡᠨ ᠡᠪᠡᠳᠴᠢᠲᠡᠨ ᠦᠭᠡᠢ︾᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠠᠴᠠ ︽ᠬᠠᠯᠳᠠᠪᠤᠷᠢᠯᠠᠭᠰᠠᠨ ᠬᠥᠮᠥᠨ ᠦᠭᠡᠶ᠂ ᠡᠪᠡᠳᠴᠢᠨ ᠲᠠᠷᠬᠠᠭᠠᠭᠰᠠᠨ ᠦᠭᠡᠶ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃ ᠠᠵᠢᠯ ᠰᠡᠷᠭᠦᠭᠡᠵᠦ ᠦᠢᠯᠡᠳᠪᠦᠷᠢᠯᠡᠯ ᠢ ᠰᠡᠷᠭᠦᠭᠡᠬᠦ᠂ ᠬᠤᠳᠠᠯᠳᠤᠭ᠎ᠠ ᠶᠢ ᠰᠡᠷᠭᠦᠭᠡᠵᠦ ᠵᠠᠬ᠎ᠠ ᠳᠡᠯᠭᠡᠭᠦᠷ ᠢ ᠰᠡᠷᠭᠦᠭᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠤᠷᠪᠤᠯᠵᠢᠯᠠᠬᠤ᠂ ᠬᠦᠴᠢᠷᠳᠡᠯ ᠢ ᠨᠢ ᠠᠷᠢᠯᠭᠠᠬᠤ᠂ ᠳᠠᠭᠠᠭᠠᠴᠢᠯᠠᠨ ᠬᠠᠷᠢᠭᠤᠴᠠᠬᠤ︾ ᠠᠵᠢᠯ ᠢ ᠥᠷᠨᠢᠭᠦᠯᠵᠦ᠂ ᠪᠦᠬᠦ ᠵᠢᠯ ᠳᠤ 55 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ᠪᠦᠬᠦ ᠬᠤᠳᠠ ᠶᠢᠨ ᠠᠵᠤ ᠠᠬᠤᠢ ᠳᠠᠪᠬᠤᠷ ᠳᠠᠪᠬᠤᠷ ᠬᠦᠴᠢᠷ ᠪᠡᠷᠬᠡᠰᠢᠶᠡᠯ ᠤᠨ ᠳᠤᠮᠳᠠ ᠲᠣᠭᠲᠠᠭᠤᠨ ᠢᠶᠠᠷ ᠰᠠᠶᠢᠵᠢᠷᠠᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 2800.7 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠤᠯᠠᠷᠢᠯ ᠳᠠᠷᠠᠭᠠᠯᠠᠨ ᠳᠡᠭᠡᠭᠰᠢᠯᠡᠵᠦ᠂ ᠰᠥᠭᠡᠷᠭᠦ ᠪᠠᠶᠢᠭᠰᠠᠨ ᠠᠴᠠ ᠪᠠᠨ ᠡᠶᠡᠷᠡᠬᠦ ᠪᠣᠯᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 217.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃      ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠲᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 5.4 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ 276 ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ ᠲᠤᠰᠬᠠᠶ ᠵᠦᠢᠯ ᠤᠨ ᠠᠵᠢᠯ ᠤᠨ ︽ᠶᠡᠭᠡ ᠬᠢᠨᠠᠨ ᠰᠢᠯᠭᠠᠯᠲᠠ︾᠂ ᠦᠯᠢᠭᠡᠷ ᠳᠠᠭᠤᠷᠢᠶᠠᠯ ᠤᠨ ︽ᠶᠡᠭᠡ ᠬᠥᠲᠥᠯᠥᠨ ᠳᠠᠭᠠᠭᠤᠯᠭ᠎ᠠ︾᠂ ᠶᠠᠳᠠᠭᠤ ᠶᠢ ᠲᠡᠳᠬᠦᠬᠦ ᠺᠠᠳ᠋ᠷᠴᠤᠳ ᠤᠨ ︽ᠶᠡᠭᠡ ᠪᠣᠯᠪᠠᠰᠤᠷᠠᠭᠤᠯᠤᠯ︾ ᠵᠡᠷᠭᠡ ᠠᠵᠢᠯ ᠢ ᠵᠡᠷᠭᠡᠪᠡᠷ ᠲᠦᠯᠬᠢᠨ ᠠᠬᠢᠭᠤᠯᠵᠤ᠂ ᠡᠯ᠎ᠡ ᠲᠦᠷᠦᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ 3 ᠬᠠᠮᠲᠤ ᠨᠡᠶᠢᠳᠡ᠂ 3 ᠬᠤᠪᠢ ᠬᠥᠮᠦᠨ ᠪᠦᠬᠦ ᠤᠯᠤᠰ ᠤᠨ ᠰᠠᠶᠢᠰᠢᠶᠠᠯ ᠬᠥᠬᠢᠭᠦᠯᠦᠯ ᠢ ᠬᠦᠷᠳᠡᠵᠤ᠂ ︽ᠪᠦᠯᠬᠦᠮ ᠮᠠᠶ᠋ᠢᠭ︾ ᠤᠨ ᠨᠡᠶᠢᠭᠡᠮ ᠤᠨ ᠬᠠᠪᠰᠤᠷᠤᠨ ᠲᠡᠳᠬᠦᠬᠦ ᠲᠣᠭᠲᠠᠴᠠ ᠶᠢ ᠨᠡᠶᠢᠲᠡᠯᠢᠭ ᠬᠡᠷᠡᠭ ᠤᠨ ᠵᠢᠱᠢᠶ᠎ᠡ ᠪᠣᠯᠭᠠᠨ ᠪᠦᠬᠦ ᠤᠯᠤᠰ ᠲᠤ ᠰᠤᠷᠤᠯᠴᠠᠨ ᠳᠡᠯᠭᠡᠷᠡᠭᠦᠯᠪᠡ᠃ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠳᠠᠯᠳᠠ ᠬᠦᠴᠦᠨ ᠢ ᠠᠭᠤᠳᠠᠯᠤᠨ ᠥᠭᠡᠷᠡᠴᠢᠯᠡᠬᠦ ᠶᠢ ᠬᠡᠷᠡᠭᠵᠢᠭᠦᠯᠵᠦ᠂ ᠢᠯᠴᠢ ᠶᠢᠨ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠢᠯᠴᠢ ᠬᠠᠩᠭᠠᠬᠤ ᠴᠢᠳᠠᠪᠤᠷᠢ ᠶᠢ 1470 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠭᠤᠤᠯ ᠬᠤᠲᠠ ᠶᠢᠨ ᠲᠣᠭᠤᠷᠢᠭ ᠤᠨ 35 ᠠᠭᠤᠷᠰᠢᠭᠤᠯᠬᠤ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠪᠦᠬᠦᠨ ᠢ ᠴᠡᠪᠡᠷᠯᠡᠪᠡ︔ 157 ᠲᠣᠰᠬᠤᠨ᠂ 6.8 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠣᠷᠣᠨ ᠤ ᠲᠥᠪ ᠤᠨ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ ᠪᠥᠬᠦ ᠤᠯᠤᠰ ᠤᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 12 ᠳ᠋ᠦᠩᠰᠢᠭᠤᠷ ᠲᠥᠭᠦᠷᠢᠭ ᠪᠠᠯᠠ ᠣᠷᠣᠭᠤᠯᠤᠭᠰᠠᠨ 6 ᠶᠡᠭᠡ ᠲᠥᠷᠥᠯ ᠤᠨ ᠢᠨᠵᠧᠨᠧᠷᠢᠩ ᠤᠨ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠤᠷᠤᠭᠰᠢᠲᠠᠶ ᠠᠬᠢᠭᠤᠯᠵᠤ᠂ ᠭᠠᠵᠠᠷ ᠳᠣᠤᠷᠠᠬᠢ ᠤᠰᠤᠨ ᠤ ︽ᠤᠰᠤᠨ ᠲᠦᠪᠰᠢᠨ ᠤᠰᠤᠨ ᠤ ᠬᠡᠮᠵᠢᠶ᠎ᠡ ᠶᠢ ᠬᠤᠶᠠᠷ ᠢ ᠡᠵᠡᠮᠳᠡᠬᠦ︾ ᠵᠠᠰᠠᠯᠲᠠ ᠶᠢᠨ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ 90% ᠶᠢᠨ ᠲᠠᠷᠢᠮᠠᠯ ᠤᠨ ᠵᠦᠢᠯ ᠳᠤ ᠬᠥᠷᠥᠰᠥ ᠰᠢᠷᠣᠶ ᠶᠢ ᠨᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ ᠶᠢ ᠪᠡᠶᠡᠯᠡᠭᠦᠯᠵᠦ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠶᠢ 91% ᠳᠤ ᠬᠦᠷᠦᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠳᠡᠪᠬᠢᠲᠡᠶ ᠠᠬᠢᠴᠠ ᠲᠠᠢ ᠪᠣᠯᠪᠠ᠃ ᠪᠥᠬᠦ ᠵᠢᠯ ᠳᠤ 192.1 ᠳ᠋ᠦᠩᠰᠢᠭᠤᠷ ᠲᠥᠭᠦᠷᠢᠭ ᠤᠨ ᠳᠠᠯᠳᠠ ᠥᠷᠢ ᠥᠭᠴᠡᠭᠡ ᠶᠢ ᠠᠷᠢᠯᠭᠠᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ᠤᠯᠠᠭᠠᠨ ᠪᠠᠶᠢᠭᠰᠠᠨ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ︔ 11 ᠵᠠᠮ᠂ ᠬᠥᠭᠦᠷᠭᠡ ᠶᠢᠨ ᠲᠥᠷᠥᠯ ᠵᠦᠢᠯ ᠢ ᠴᠥᠭᠡᠳᠬᠡᠭᠰᠡᠨ ᠪᠤᠶᠤ ᠵᠣᠭᠰᠣᠭᠠᠵᠤ ᠬᠤᠶᠢᠰᠢᠯᠠᠭᠤᠯᠤᠨ ᠪᠠᠶᠢᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ 250 ᠭᠠᠷᠤᠶ ᠳ᠋ᠦᠩᠰᠢᠭᠤᠷ ᠲᠥᠭᠦᠷᠢᠭ ᠪᠠᠭᠠᠰᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠲᠡᠶ ᠰᠡᠷᠭᠡᠶᠢᠯᠡᠪᠡ᠃      ︵ᠭᠤᠷᠪᠠ︶ ᠴᠢᠨᠠᠷ ᠰᠠᠶᠢᠲᠠᠶ ᠬᠥᠭᠵᠢᠯᠲᠡ ᠰᠢᠨ᠎ᠡ ᠠᠯᠬᠤᠭ᠎ᠠ ᠶᠢ ᠠᠯᠬᠤᠪᠠ᠃ ᠨᠢᠭᠡᠳᠦᠭᠡᠷ ᠠᠵᠤ ᠦᠢᠯᠡᠰ ᠤᠨ ᠲᠠᠯ᠎ᠠ ᠪᠠᠷ᠂ ᠲᠠᠷᠢᠮᠠᠯ ᠤᠨ ᠶᠡᠷᠦᠩᠬᠡᠶ ᠳᠠᠷᠢᠭᠰᠠᠨ ᠲᠠᠯᠠᠪᠠᠶ 671.7 ᠲᠦᠮᠡᠨ ᠮᠥ ᠪᠠᠶᠢᠵᠤ᠂ ᠠᠮᠤ ᠪᠤᠳᠠᠭᠠᠨ ᠤ ᠶᠡᠷᠦᠩᠬᠡᠶ ᠤᠨᠠᠯᠲᠠ 34.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠶᠢ ᠪᠡᠶᠡᠯᠡᠭᠦᠯᠪᠡ︔ ᠲᠠᠷᠢᠶᠠᠨ ᠭᠠᠵᠠᠷ ᠤᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠤᠰᠤ ᠠᠷᠪᠢᠯᠠᠬᠤ ᠤᠰᠤᠯᠠᠯᠲᠠ ᠶᠢ ᠳᠡᠯᠭᠡᠷᠡᠭᠦᠯᠬᠦ ᠪᠠᠷ ᠬᠠᠷᠠᠯᠲᠠ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ 49 ᠲᠦᠮᠡᠨ ᠮᠥ ᠬᠡᠷᠡᠭᠵᠢᠭᠦᠯᠪᠡ︔ ᠢᠳᠡᠰᠢᠨ ᠨᠣᠭᠤᠭ᠎ᠠ ᠳᠠᠷᠢᠬᠤ ᠲᠠᠯᠠᠪᠠᠶ᠂ ᠭᠠᠷᠤᠯᠲᠠ ᠲᠣᠰ ᠲᠣᠰ 15.9 ᠲᠦᠮᠡᠨ ᠮᠥ᠂ 56.1 ᠲᠦᠮᠡᠨ ᠲᠣᠨ ᠳᠤ ᠬᠥᠷᠪᠡ︔ ᠵᠧᠩ ᠳ᠋ᠡ ᠪᠦᠯᠦᠭᠯᠡᠯ ᠤᠨ ᠬᠤᠷᠢᠨᠭᠡᠷ ᠰᠢᠶᠠᠨ ᠤ ᠵᠠᠭᠤᠨ ᠲᠦᠮᠡᠨ ᠭᠠᠭ᠋ᠠᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠷᠤᠭᠰᠢᠲᠠᠢ ᠶᠠᠪᠤᠭᠳᠠᠵᠤ᠂ ᠵᠢᠯ ᠳᠤ 15 ᠲᠦᠮᠡᠨ ᠭᠠᠭ᠋ᠠᠢ ᠶᠢᠨ ᠭᠠᠷᠭᠠᠯᠲᠠ ᠲᠠᠢ ᠲᠡᠵᠢᠭᠡᠨ ᠦᠷᠡᠵᠢᠭᠦᠯᠬᠦ 3 ᠬᠦᠷᠢᠶᠡᠯᠡᠩ ᠲᠣᠭᠤᠷᠢᠭ ᠢ ᠪᠠᠶᠢᠭᠤᠯᠪᠠ︔ ︽ᠴᠡᠯᠡᠭᠡᠷ ᠲᠠᠯ᠎ᠠ ᠶᠢᠨ ᠦᠨᠦᠷ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠵᠢᠴᠢ ︽ᠶᠣᠣ ᠱᠠᠩ ᠲᠢᠶᠠᠨ︾ ︽ᠦ᠋ ᠴᠤᠸᠠᠨ ᠤ ᠡᠬᠢ ᠠᠮᠲᠠ︾ ᠵᠡᠷᠭᠡ ᠳᠡᠳ᠋ ᠲᠥᠷᠥᠯ ᠲᠡᠮᠳᠡᠭᠲᠦ ᠶᠢᠨ ᠨᠡᠷ᠎ᠡ ᠠᠯᠳᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠬᠤᠶᠠᠳᠤᠭᠠᠷ ᠠᠵᠤ ᠦᠢᠯᠡᠰ ᠤᠨ ᠲᠠᠯ᠎ᠠ ᠪᠠᠷ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠦᠨᠳᠡᠢ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠤᠷᠤᠭᠰᠢᠲᠠᠶ ᠠᠬᠢᠭᠤᠯᠵᠤ᠂ ᠢᠯᠢ᠂ ᠮᠧᠩ ᠨᠢᠦ ᠲᠣᠰ ᠲᠣᠰ ᠪᠥᠬᠦ ᠳᠡᠯᠡᠬᠡᠶ ᠶᠢᠨ ᠰᠦ ᠶᠢᠨ ᠦᠢᠯᠡᠰ ᠤᠨ 5 ᠳ᠋ᠤᠭᠠᠷ ᠪᠠ 8 ᠳ᠋ᠤᠭᠠᠷ ᠲᠤ ᠣᠷᠣᠵᠤ᠂ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠬᠤᠲᠠ︾ ᠶᠢᠨ ᠳᠠᠬᠢᠨ ᠦᠨᠡᠯᠡᠯᠲᠡ ᠶᠢ ᠤᠷᠤᠭᠰᠢᠲᠠᠶ ᠥᠩᠭᠡᠷᠡᠭᠦᠯᠪᠡ︔ ᠵᠢᠦ ᠲᠠᠢ ᠰᠢᠨ᠎ᠡ ᠮᠠᠲ᠋ᠧᠷᠢᠶᠠᠯ ᠤᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠦᠷᠦᠯ ᠵᠦᠢᠯ ᠲᠠᠩ ᠴᠣᠭᠴᠠ ᠶᠢ ᠲᠤᠷᠰᠢᠬᠤ ᠱᠠᠲᠤᠨ ᠳᠤ ᠣᠷᠣᠵᠤ᠂ ᠵᠦᠩ ᠬᠤᠸᠠᠨ ᠰᠢᠶᠧ ᠰᠢᠨ ᠭᠡᠷᠡᠯ ᠸᠣᠯᠲ ᠤᠨ ᠲᠠᠩ ᠲᠠᠯᠠᠰᠲᠤ ᠴᠠᠬᠢᠭᠤᠷ ᠤᠨ ᠲᠠᠪᠤᠳᠤᠭᠠᠷ ᠬᠤᠭᠤᠴᠠᠭᠠᠨ ᠤ ᠲᠦᠷᠦᠯ ᠵᠦᠢᠯ ᠤᠨ ᠬᠡᠰᠡᠭ ᠨᠢ ᠠᠰᠢᠭᠯᠠᠯᠲᠠ ᠳᠤ ᠣᠷᠣᠵᠤ᠂ ᠶᠢᠨ ᠢᠦᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ ᠵᠢᠴᠢ ᠳᠡᠭᠡᠳᠦ ᠳᠡᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠶᠢᠨ ᠾᠧ ᠶᠢᠤ ᠪᠧᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠤ ᠲᠦᠷᠦᠯ ᠵᠦᠢᠯ ᠤᠳᠠᠯ ᠦᠭᠡᠢ ᠲᠤᠷᠰᠢᠨ ᠦᠢᠯᠡᠳᠪᠦᠷᠢᠯᠡᠬᠦ ᠪᠠᠷ ᠪᠣᠯᠪᠠ︔ ᠤᠯᠤᠰ ᠤᠨ ᠲᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠣᠯᠲᠠ ᠶᠢᠨ ᠴᠡᠭ ᠢᠶᠠᠷ ᠵᠥᠪᠰᠢᠶᠡᠷᠡᠭᠳᠡᠭᠰᠡᠨ ᠪᠥᠭᠡᠳ ᠨᠡᠪᠲᠡᠷᠡᠭᠦᠯᠦᠨ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠥᠬᠡ ᠬᠤᠲᠠ ᠶᠢᠨ ᠭᠡᠷᠡᠯ ᠪᠦᠬᠦ ᠤᠯᠤᠰ ᠤᠨ ᠳᠡᠭᠡᠳᠦ ᠴᠢᠳᠠᠮᠵᠢᠲᠤ ᠺᠣᠮᠫᠢᠦ᠋ᠲ᠋ᠧᠷ ᠤᠨ ᠳᠣᠲᠣᠷ᠎ᠠ 4 ᠳ᠋ᠦ᠋ᠭᠡᠷ ᠲᠤ ᠣᠷᠣᠵᠤ᠂ ᠮᠠᠨ ᠤ ᠤᠯᠤᠰ ᠤᠨ ᠪᠤᠳᠤᠯᠭ᠎ᠠ ᠶᠢᠨ ᠴᠢᠳᠠᠪᠤᠷᠢ ᠪᠠᠷ ᠬᠠᠮᠤᠭ ᠤᠨ ᠴᠢᠩᠭ᠎ᠠ ᠲᠡᠰ ᠠᠴᠠ ᠳᠠᠪᠠᠭᠰᠠᠨ ᠺᠣᠮᠫᠢᠦ᠋ᠲ᠋ᠧᠷ ᠤᠨ ᠡᠩᠨᠡᠭᠡᠨ ᠳᠤ ᠣᠷᠣᠵᠠᠢ᠃ ᠪᠥᠬᠦ ᠵᠢᠯ ᠳᠤ 100 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ 1᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 16 ᠰᠢᠨ᠎ᠡ ᠪᠠᠷ ᠨᠡᠮᠡᠭᠳᠡᠵᠦ᠂ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃ ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠢᠨ᠎ᠡ ᠪᠠᠷ 4 ᠨᠡᠮᠡᠭᠳᠡᠭᠦᠯᠵᠦ᠂ ᠠᠷᠠᠳ ᠤᠨ ᠵᠣᠭᠤᠰᠣᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 4.5% ᠪᠠᠷ ᠨᠡᠮᠡᠭᠳᠡᠪᠡ︔ ᠵᠢᠩ ᠳ᠋ᠦᠩ ᠤᠨ ᠠᠽᠢᠶ᠎ᠠ ᠨᠢᠭᠡᠳᠦᠭᠡᠷ ᠨᠡᠷᠡᠮᠵᠢᠲᠦ ᠥᠪᠥᠷ ᠮᠣᠩᠭᠤᠯ ᠤᠨ ᠣᠶᠤᠨᠴᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ︔ ᠶᠢᠨ ᠴᠢᠶᠣᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠯᠤᠰ ᠤᠨ ᠵᠢᠵᠢᠭ ᠪᠢᠴᠢᠯ ᠠᠵᠤ ᠠᠬᠤᠶᠢᠯᠠᠯ ᠤᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠢᠷᠠᠭᠤ ᠠᠯᠳᠠᠷ ᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠦᠯᠵᠢᠶᠡᠨ ᠭᠠᠳᠠᠨᠠᠬᠢ ᠵᠢᠵᠢᠭᠯᠡᠨ ᠪᠣᠷᠣᠯᠠᠭᠤᠯᠭ᠎ᠠ ᠶᠢᠨ ᠪᠡᠶᠡᠴᠢᠯᠡᠨ ᠣᠶᠢᠯᠠᠭᠠᠬᠤ ᠳᠡᠯᠭᠡᠭᠦᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 1200 ᠳ᠋ᠦᠩᠰᠢᠭᠤᠷ ᠲᠥᠭᠦᠷᠢᠭ ᠢ ᠳᠠᠪᠠᠪᠠ︔ ᠬᠤᠸᠠ ᠸᠧᠢ ᠪᠦᠯᠦᠭᠯᠡᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠶᠡᠷᠦᠩᠬᠡᠢ ᠬᠡᠯᠲᠡᠰ ᠤᠨ ᠰᠠᠭᠤᠷᠢᠨ ᠤ ᠲᠦᠷᠦᠯ ᠵᠦᠢᠯ ᠨᠠᠶᠢᠳᠠᠪᠤᠷᠢᠵᠢᠭᠤᠯᠬᠤ ᠬᠠᠨᠳᠤᠯᠭ᠎ᠠ ᠲᠠᠢ ᠪᠤᠯᠵᠤ᠂ ᠰᠢ ᠪᠧᠢ ᠶᠢᠨ ᠢᠳᠡᠭᠡᠨ ᠤᠮᠳᠠᠭᠠᠨ ᠤ ᠶᠡᠷᠦᠩᠬᠡᠢ ᠬᠡᠯᠲᠡᠰ ᠤᠨ ᠲᠦᠷᠦᠯ ᠵᠦᠢᠯ ᠢ ᠡᠬᠢᠯᠡᠨ ᠪᠦᠳᠦᠭᠡᠨ ᠪᠠᠶᠢᠭᠤᠯᠪᠠ︔ 4A ᠲᠠᠰ ᠤᠨ ᠦᠵᠡᠮᠵᠢ ᠶᠢᠨ ᠣᠷᠣᠨ 1᠂ 3A ᠲᠠᠰ ᠤᠨ ᠦᠵᠡᠮᠵᠢ ᠶᠢᠨ ᠣᠷᠣᠨ 3 ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠲᠦᠷᠦᠭᠦᠦ ᠪᠦᠯᠦᠭ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ ᠪᠠᠷ ᠦᠨᠡᠯᠡᠭᠳᠡᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠲᠠᠰ ᠳᠡᠪᠰᠢᠪᠡ᠃      ︵ᠲᠦᠷᠪᠡ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ · ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾᠂ ᠴᠡᠯᠡᠭᠡᠷ ᠲᠠᠯ᠎ᠠ ᠳᠠᠭᠠᠤ ᠣᠷᠣᠨ ᠢ ᠳᠡᠭᠡᠭᠰᠢᠯᠡᠭᠦᠯᠬᠦ ᠵᠡᠷᠭᠡ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ ᠂ 60.6 ᠲᠦᠮᠡᠨ ᠮᠥ ᠣᠶ ᠮᠣᠳᠣ ᠳᠠᠷᠢᠵᠤ᠂ ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠢᠶᠠᠷ ᠰᠣᠩᠭᠤᠭᠳᠠᠵᠤ᠂ ᠰᠢᠨ᠎ᠡ ᠬᠤᠲᠠ ᠲᠣᠭᠤᠷᠢᠭ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠷ᠎ᠠ ᠤᠰᠤ ᠨᠠᠭᠤᠷ᠂ ᠬᠠᠯᠢᠭᠤᠲᠤ ᠤᠰᠤᠨ ᠴᠥᠭᠦᠷᠥᠮ᠂ ᠶᠡᠭᠡ ᠲᠦᠷᠭᠡᠨ ᠭᠤᠤᠯ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠬᠠᠲᠤᠨ ᠭᠤᠤᠯ ᠳᠤ ᠣᠷᠣᠬᠤ ᠠᠮᠠᠰᠠᠷ ᠤᠨ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠴᠥᠮ ᠪᠠᠷᠢᠮᠵᠢᠶ᠎ᠠ ᠳᠤ ᠬᠦᠷᠭᠡᠪᠡ᠃ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 2᠂ ᠦᠢᠯᠡᠳᠪᠦᠷᠢ 5 ᠶᠢ ᠪᠠᠶᠢᠭᠤᠯᠵᠤ᠂ ᠪᠣᠬᠢᠷᠲᠤᠯ ᠥᠬᠡᠶ ᠠᠭᠤᠷᠬᠠᠶ   ᠶᠢ 6 ᠶᠢ ᠰᠢᠨ᠎ᠡ ᠪᠠᠷ ᠪᠠᠶᠢᠭᠤᠯᠵᠤ᠂ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃      ︵ᠲᠠᠪᠤ︶ ᠬᠥᠭᠵᠢᠯᠲᠡ ᠶᠢᠨ ᠰᠠᠭᠤᠷᠢ ᠨᠠᠩ ᠯᠠᠪᠳᠠᠭᠤᠨ ᠪᠠᠲᠤᠲᠠᠶ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠲᠦᠷᠭᠡᠨ ᠪᠠᠶᠢᠭᠤᠯᠵᠤ᠂ ᠤᠯᠤᠰ ᠤᠨ ᠳᠠᠩᠰᠠᠯᠠᠭᠤᠯᠤᠭᠰᠠᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠴᠢ ᠲᠥᠯᠥᠪᠯᠡᠭᠡ ᠪᠠᠷ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠶ 3᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 7᠂ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 2 ᠢ ᠪᠣᠶᠢᠵᠢᠭᠤᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠵᠢᠯᠯᠠᠪᠠ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠯᠤᠭ᠎ᠠ 72 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠪᠠ᠃ ᠪᠥᠬᠦ ᠵᠢᠯ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ 255 ᠲᠥᠷᠥᠯ ᠵᠦᠢᠯ ᠢ ᠬᠡᠷᠡᠭᠵᠢᠭᠦᠯᠵᠦ᠂ 60.8 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠴᠢᠷᠮᠠᠶᠢᠨ ᠣᠯᠵᠤ᠂ ᠪᠠᠯᠠ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ︽ᠬᠡᠷᠡᠭᠯᠡᠭᠡ ᠶᠢ ᠠᠬᠢᠭᠤᠯᠬᠤ ᠵᠠᠭᠤᠨ ᠡᠳᠦᠷ︾ ︽ᠣᠷᠣᠨ ᠤ ᠲᠥᠪ ᠤᠨ ᠬᠡᠷᠡᠭᠯᠡᠭᠡᠨ ᠤ ᠤᠯᠠᠷᠢᠯ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠣᠷᠣᠨ ᠤ ᠨᠢᠭᠡᠳᠦᠭᠡᠷ ᠲᠤ ᠣᠷᠣᠪᠠ᠃ ᠪᠥᠬᠦ ᠬᠤᠲᠠ ᠶᠢᠨ 10 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 7 ᠪᠣᠯᠭᠠᠨ ᠰᠢᠯᠢᠳᠡᠭᠵᠢᠭᠦᠯᠦᠨ ᠨᠡᠶᠢᠯᠡᠭᠦᠯᠵᠦ᠂ 1 ᠳ᠋ᠦᠩᠰᠢᠭᠤᠷ ᠲᠥᠭᠦᠷᠢᠭ ᠤᠨ ᠲᠤᠰᠬᠠᠶ ᠪᠠᠯᠠ ᠮᠥᠩᠭᠦ ᠭᠠᠷᠭᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠵᠦ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠲᠠᠰ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠳᠤ ᠠᠩᠬ᠎ᠠ ᠤᠳᠠᠭ᠎ᠠ ᠳᠤᠮᠳᠠᠭᠤᠷ ᠪᠠᠶᠢᠷᠢᠨ ᠳᠤ ᠣᠷᠣᠪᠠ᠃      ︵ᠵᠢᠷᠭᠤᠭ᠎ᠠ︶ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠤᠳᠠ ᠶᠢᠨ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠣᠭᠲᠠᠭᠠᠯ ᠢ ᠨᠡᠶᠢᠳᠡᠮ ᠬᠡᠷᠡᠭᠵᠢᠭᠦᠯᠪᠡ᠃ ᠪᠠᠶᠢᠭᠤᠯᠵᠤ ᠳᠠᠭᠤᠰᠬᠠᠭᠰᠠᠨ ᠲᠣᠭᠤᠷᠢᠭ ᠤᠨ 3 ᠵᠤᠷᠪᠤᠰ ᠭᠤᠤᠯ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠦᠨᠳᠦᠰᠦᠨ ᠳᠡᠭᠡᠨ ᠳᠠᠭᠤᠰᠬᠠᠵᠤ᠂ ᠤᠯᠤᠰ ᠤᠨ ᠵᠠᠮ ᠤᠨ 209 ᠱᠤᠭᠤᠮ ᠤᠨ ᠬᠥᠬᠡᠬᠤᠲᠠ ᠠᠴᠠ ᠦᠴᠤᠸᠠᠨ ᠬᠥᠷᠬᠦ ᠬᠡᠰᠡᠭ᠂ ᠤᠯᠤᠰ ᠤᠨ ᠵᠠᠮ ᠤᠨ 110 ᠱᠤᠭᠤᠮ ᠤᠨ ᠯᠦᠸᠧ ᠵᠢᠶᠠ ᠶᠢᠩ ᠠᠴᠠ ᠪᠢᠴᠢᠭᠡᠴᠢ ᠬᠥᠷᠬᠦ ᠬᠡᠰᠡᠭ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ︔ 72 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠡᠶᠡᠯᠡᠭᠦᠯᠪᠡ︔ 59 ᠺᠢᠯᠣᠮᠧᠲᠷ ᠤᠨ ᠬᠠᠭᠤᠴᠢᠷᠬᠠᠰᠠᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 36.4 ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠬᠤᠯᠪᠣᠯᠳᠤᠭᠤᠯᠤᠨ ᠨᠡᠪᠲᠡᠷᠡᠭᠦᠯᠪᠡ︔ ᠤᠨᠴᠠᠯᠢᠬᠳᠤ ᠦᠵᠡᠮᠵᠢ ᠶᠢᠨ 9 ᠵᠡᠭᠡᠯᠢ ᠭᠤᠳᠤᠮᠵᠢ ᠶᠢ ᠪᠠᠶᠢᠭᠤᠯᠵᠤ᠂ ᠬᠤᠲᠠ ᠶᠢᠨ ᠴᠢᠳᠠᠪᠬᠢ ᠶᠢ ᠨᠠᠩ ᠲᠡᠭᠦᠯᠳᠡᠷᠵᠢᠭᠦᠯᠪᠡ᠃ ᠬᠤᠲᠠ ᠶᠢᠨ ᠲᠣᠭᠤᠷᠢᠭ ᠤᠨ ᠪᠣᠶ ᠪᠥᠬᠦᠶ ᠬᠤᠷᠢᠶᠠᠯᠠᠯ ᠳᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠪᠡ︔ 4341 ᠭᠡᠷ ᠤᠨ ᠭᠠᠳᠠᠨᠠᠬᠢ ᠵᠠᠷ ᠤᠨ ᠫᠠᠶᠢᠰᠠ ᠶᠢ ᠴᠡᠪᠡᠷᠯᠡᠪᠡ︔ ᠨᠡᠶᠢᠭᠡᠮ ᠲᠣᠭᠤᠷᠢᠭ᠂ ᠭᠠᠶᠢᠯᠢ ᠶᠢᠨ ᠶᠠᠪᠤᠳᠠᠯ ᠤᠨ ᠲᠢᠩᠬᠢᠮ ᠳᠤ ᠥᠯᠥ ᠬᠥᠳᠡᠯᠬᠦ ᠬᠥᠷᠥᠩᠭᠡ ᠶᠢᠨ ᠲᠥᠷᠥᠯ ᠵᠦᠢᠯ ᠢ ᠡᠷᠦᠬᠡ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ ᠥᠷᠲᠡᠭᠡ ᠶᠢ 60 ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ︽ᠰᠥᠨᠢ ᠶᠢᠨ ᠵᠠᠬ᠎ᠠ︾ ᠶᠢᠨ ᠦᠢᠯᠡᠴᠢᠯᠡᠭᠡ ᠶᠢ ᠥᠷᠨᠢᠭᠦᠯᠵᠦ᠂ ︽ᠦᠨᠡᠮᠯᠡᠯ ᠠᠪᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷ︾ ᠲᠥᠷᠥᠯ ᠵᠦᠢᠯ ᠢ 275᠂ 20.88 ᠲᠦᠮᠡᠨ ᠢᠵᠢ ᠶᠢ ᠰᠢᠢᠳᠪᠦᠷᠢᠯᠡᠪᠡ︔ 500 ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠬᠤᠳᠠᠯᠳᠤᠨ ᠠᠪᠴᠤ᠂ ᠨᠡᠶᠢᠲᠡ ᠶᠢᠨ ᠮᠠᠰᠢᠨ ᠲᠡᠷᠭᠡᠨ ᠤ ᠱᠤᠭᠤᠮ 21 ᠶᠢ ᠰᠢᠨ᠎ᠡ ᠪᠠᠷ ᠨᠡᠪᠲᠡᠷᠡᠭᠦᠯᠦᠨ᠂ 38  ᠵᠠᠮ ᠱᠤᠭᠤᠮ ᠢ ᠳᠣᠭᠢᠷᠠᠭᠤᠯᠤᠨ ᠰᠢᠯᠢᠳᠡᠭᠵᠢᠭᠦᠯᠵᠦ᠂ ︽ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ ᠠᠯᠳᠠᠷ ᠢ ᠭᠥᠷᠳᠡᠪᠡ︔ ︽ᠤᠶᠤᠨᠲᠤ ᠬᠥᠬᠡ ᠬᠤᠲᠠ︾ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠣᠷᠣᠨ ᠤ ᠠᠩᠬᠠᠳᠠᠭᠴᠢ ᠬᠤᠲᠠ ᠶᠢᠨ ᠶᠡᠭᠡ ᠲᠠᠷᠢᠬᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ︔ ᠪᠥᠬᠦ ᠨᠡᠶᠢᠭᠡᠮ ᠤᠨ ᠬᠦᠴᠦᠨ ᠢ ᠵᠣᠬᠢᠶᠠᠨ ᠪᠠᠶᠢᠭᠤᠯᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠤᠨ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠠᠬᠢᠭᠤᠯᠤᠯ᠂ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠠᠷᠢᠭᠤᠨ ᠴᠡᠪᠡᠷ ᠪᠥᠬᠦ ᠲᠠᠯ᠎ᠠ ᠪᠠᠷ ᠳᠡᠭᠡᠭᠰᠢᠯᠡᠵᠦ᠂ ᠤᠯᠤᠰ ᠤᠨ ᠬᠢᠨᠠᠨ ᠰᠢᠯᠭᠠᠵᠤ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠦᠭᠡᠳ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠭᠡᠬᠦ ᠡᠨᠡ ᠬᠦ ᠰᠠᠶᠢᠬᠠᠨ ᠨᠡᠷ᠎ᠡ ᠶᠢᠨ ᠬᠠᠭᠤᠳᠠᠰᠤ ᠶᠢ ᠠᠮᠵᠢᠯᠲᠠ ᠲᠠᠢ ᠣᠯᠤᠭᠰᠠᠨ ᠪᠠᠶᠢᠨ᠎ᠠ᠃      ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠥᠬᠡᠶ ᠭᠦᠨᠵᠡᠭᠡᠶᠢᠷᠡᠪᠡ᠃ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠨᠢ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠴᠤᠬᠤᠯᠠᠪᠤᠷᠢᠯᠠᠵᠤ ᠰᠢᠯᠭᠠᠨ ᠠᠪᠬᠤ ᠶᠢ ᠥᠩᠭᠡᠷᠡᠭᠡᠵᠦ᠂ ᠪᠥᠬᠦ ᠬᠤᠲᠠ ᠶᠢᠨ ᠡᠳ᠋ ᠪᠠᠷᠠᠭᠠᠨ ᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ  ᠳᠤ ᠭᠠᠷᠭᠠᠬᠤ ᠶᠡᠷᠦᠩᠬᠡᠶ ᠲᠤᠭ᠎ᠠ ᠶᠢ 147 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭᠵᠢᠯ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠬᠠᠮᠵᠢᠯᠴᠠᠨ ᠬᠥᠭᠵᠢᠭᠦᠯᠬᠦ ᠨᠠᠮ ᠵᠠᠰᠠᠭ ᠤᠨ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 31 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ《 ᠳᠥᠷᠪᠡᠨ ᠬᠤᠲᠠ ᠳᠤ ᠨᠡᠶᠢᠳᠡᠮ ᠭᠦᠶᠴᠡᠳᠬᠡᠬᠦ 》 ᠶᠢ ᠪᠡᠶᠡᠯᠡᠭᠦᠯᠵᠦ᠂ ᠬᠠᠲᠤᠨ ᠭᠤᠤᠯ ᠳᠠᠭᠠᠤ ᠶᠢᠨ 6 ᠮᠤᠵᠢ ᠶᠢᠨ ᠲᠥᠪ ᠬᠤᠲᠠ ᠯᠤᠭ᠎ᠠ ᠬᠤᠳᠠᠯᠳᠤᠭᠠᠨ ᠤ ᠶᠠᠪᠤᠳᠠᠯ ᠤᠨ ᠳᠡᠩᠰᠡᠯᠡᠨ ᠲᠡᠮᠳᠡᠭᠯᠡᠬᠦ ᠶᠢ《 ᠮᠤᠵᠢ ᠠᠯᠤᠰᠯᠠᠨ ᠨᠡᠶᠢᠳᠡᠮ ᠭᠦᠶᠴᠡᠳᠬᠡᠬᠦ 》 ᠶᠢ ᠪᠡᠶᠡᠯᠡᠭᠦᠯᠪᠡ᠃ ᠪᠡᠭᠡᠵᠢᠩ᠂ ᠬᠠᠩᠵᠧᠦ᠂ ᠴᠢᠩᠳᠣᠤ᠂ ᠱᠧᠨᠵᠧᠨ ᠵᠡᠷᠭᠡ ᠭᠠᠵᠠᠷ ᠲᠤ ᠲᠣᠮᠣ ᠬᠡᠯᠪᠡᠷᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ 11 ᠤᠳᠠᠭ᠎ᠠ ᠥᠷᠨᠢᠭᠦᠯᠵᠦ᠂ 83 ᠲᠥᠷᠥᠯ ᠵᠦᠶᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠨᠡᠭᠡᠭᠡᠯᠲᠡ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠪᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ  ᠤ ᠲᠥᠯᠥᠪᠯᠡᠭᠡ ᠶᠢ ᠬᠡᠷᠡᠭᠵᠢᠭᠦᠯᠵᠦ᠂ ᠠᠷᠠᠳ ᠲᠤ ᠲᠥᠬᠦᠮ ᠦᠵᠡᠭᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ 9 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠬᠤᠲᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ 44% ᠪᠠᠷ ᠪᠠᠭᠠᠰᠬᠠᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ 202 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠭᠦᠶᠦᠯᠭᠡᠬᠦ︾ ᠶᠢ ᠪᠡᠶᠡᠯᠡᠭᠦᠯᠵᠦ᠂ ᠪᠥᠬᠦ ᠣᠷᠣᠨ ᠤ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠲᠠ ᠳᠤ ᠨᠢᠭᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠦᠨᠡᠯᠡᠯᠲᠡ ᠳᠤ 2019 ᠣᠨ ᠳᠤ ᠰᠡᠭᠦᠯ ᠠᠴᠠ ᠨᠢ ᠨᠢᠭᠡᠳᠦᠭᠡᠷ ᠲᠤ ᠣᠷᠣᠵᠤ ᠪᠠᠶᠢᠭᠰᠠᠨ ᠠᠴᠠ ᠪᠠᠨ ᠳᠡᠭᠡᠭᠰᠢᠯᠡᠭᠡᠳ 2020 ᠣᠨ ᠳᠤ ᠡᠮᠦᠨ᠎ᠡ ᠠᠴᠠ ᠨᠢ ᠬᠤᠶᠠᠳᠤᠭᠠᠷ ᠲᠤ ᠣᠷᠣᠪᠠ᠃      ︵ᠨᠠᠶᠮᠠ︶ ᠠᠷᠠᠳ ᠤᠨ ᠠᠮᠢᠳᠤᠷᠠᠯ ᠨᠡᠶᠢᠭᠡᠮ ᠤᠨ ᠦᠶᠯᠡᠰ ᠪᠥᠬᠦ ᠲᠠᠯ᠎ᠠ ᠪᠠᠷ ᠳᠡᠪᠰᠢᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢᠨ ᠡᠵᠡᠯᠡᠬᠦ ᠬᠠᠷᠢᠴᠠᠯ 70 % ᠶᠢ ᠳᠠᠪᠠᠵᠤ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ  ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 49789 ᠲᠥᠭᠦᠷᠢᠭ ᠪᠠ 20489 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠ 8% ᠪᠠᠷ ᠨᠡᠮᠡᠭᠳᠡᠵᠦ᠂ ᠬᠤᠲᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠨᠡᠶᠢᠲᠡ 4.74 ᠲᠦᠮᠡᠨ ᠬᠥᠮᠦᠨ ᠳᠤ ᠬᠦᠷᠴᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 27.77 ᠲᠦᠮᠡᠨ ᠬᠥᠮᠦᠨ ᠳᠤ ᠬᠥᠷᠪᠡ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ 19 ᠰᠠᠭᠤᠷᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠰᠠᠭᠤᠭ᠎ᠠ ᠬᠡᠦᠬᠡᠳ ᠤᠨ ᠡᠵᠡᠯᠡᠬᠦ ᠬᠠᠷᠢᠴᠠᠯ ᠨᠢ ᠤᠯᠤᠰ ᠠᠴᠠ ᠱᠠᠭᠠᠷᠳᠠᠭᠰᠠᠨ ᠪᠠᠷᠢᠮᠵᠢᠶ᠎ᠠ ᠳᠤ ᠬᠦᠷᠦᠭᠰᠡᠨ ᠪᠠ ᠳᠠᠪᠠᠭᠰᠠᠨ ᠪᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠢᠯᠡ ᠪᠠᠷ ᠰᠣᠷᠣᠭᠴᠢ ᠡᠯᠰᠡᠬᠦ︾᠂ ︽ᠢᠯᠡ ᠪᠠᠷ ᠠᠩᠭᠢ ᠬᠤᠪᠢᠶᠠᠬᠤ︾  ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠣᠶ ᠪᠥᠬᠦᠶ ᠪᠠᠭ᠎ᠠ ᠰᠤᠷᠭᠠᠭᠤᠯᠢ ᠲᠡᠭᠦᠰᠦᠭᠰᠡᠳ ᠴᠥᠮ ᠰᠢᠭᠤᠳ ᠳᠡᠪᠰᠢᠬᠦ ᠪᠤᠶᠤ ᠺᠣᠮᠫᠢᠦ᠋ᠲ᠋ᠧᠷ ᠢᠶᠠᠷ ᠪᠠᠶᠢᠷᠢ ᠲᠣᠮᠢᠯᠠᠨ ᠳᠤᠮᠳᠠᠳᠤ ᠰᠤᠷᠭᠠᠭᠤᠯᠢ ᠳᠤ ᠣᠷᠣᠪᠠ᠃ ᠠᠷᠠᠳ ᠤᠨ ᠰᠠᠨᠠᠭ᠎ᠠ ᠶᠢ ᠰᠤᠷᠪᠤᠯᠵᠢᠯᠠᠬᠤ᠂ ᠰᠤᠷᠤᠭᠴᠢᠳ ᠤᠨ ᠬᠡᠷ ᠪᠦᠯᠢ ᠶᠢ ᠰᠤᠷᠪᠤᠯᠵᠢᠯᠠᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠯᠠᠪᠳᠠᠭᠤᠨ ᠢᠶᠠᠷ ᠳᠡᠯᠭᠡᠷᠡᠭᠦᠯᠦᠨ ᠬᠡᠷᠡᠭᠯᠡᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠠᠭᠴᠠ ᠲᠥᠷᠦᠯ ᠵᠦᠢᠯ  ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠢᠯᠡᠨ ᠡᠵᠡᠮᠳᠡᠬᠦ ᠰᠠᠭᠤᠷᠢᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ  ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 104 ᠪᠠᠶᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠦᠨᠡᠯᠡᠵᠦ ᠰᠢᠯᠭᠠᠨ ᠬᠤᠷᠢᠶᠠᠬᠤ ᠳᠤ ᠬᠤᠶᠠᠳᠤᠭᠠᠷ ᠨᠡᠷ᠎ᠡ ᠶᠢᠨ ᠰᠠᠶᠢᠨ ᠬᠢᠷᠢ ᠪᠦᠲᠦᠮᠵᠢ ᠣᠯᠪᠠ᠃ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠬᠦᠷᠢᠶᠡᠯᠡᠩ ᠠᠰᠢᠭᠯᠠᠯᠲᠠ ᠳᠤ ᠣᠷᠣᠵᠤ᠂ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠠᠵᠢᠯ ᠶᠢᠰᠦᠨ ᠵᠢᠯ ᠳᠠᠷᠠᠭᠠᠯᠠᠨ ᠮᠠᠩᠯᠠᠶᠢᠯᠠᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠷᠪᠠᠨ ᠰᠠᠮᠠᠭᠤᠨ︾ ᠵᠡᠷᠭᠡ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠪᠠ ᠬᠠᠤᠯᠢ ᠠᠴᠠ ᠵᠥᠷᠢᠴᠡᠭᠰᠡᠨ ᠳᠣᠪᠤᠶᠢᠮ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ ᠴᠢᠬᠤᠯᠠ ᠶᠡᠭᠡ ᠦᠷ᠎ᠡ ᠪᠦᠲᠦᠭᠡᠯ ᠣᠯᠵᠤ᠂ ᠣᠲᠣ ᠶᠢᠨ ᠪᠠᠶᠢᠭ᠎ᠠ 23 ᠠᠮᠢᠨ ᠬᠡᠷᠡᠭ ᠢ ᠪᠦᠬᠦᠨ ᠢ ᠳᠡᠩᠨᠡᠨ ᠢᠯᠡᠷᠡᠭᠦᠯᠵᠦ᠂ ᠡᠷᠡᠭᠦᠦ ᠶᠢᠨ ᠬᠡᠷᠡᠭ ᠤᠨ ︽ᠵᠢᠷᠭᠤᠭᠠᠨ ᠲᠥᠷᠥᠯ︾ ᠤᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 23%᠂ 9.8% ᠪᠠᠷ ᠪᠠᠭᠤᠷᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ᠂ ᠰᠣᠶᠣᠯ ᠤᠨ ᠥᠪ ᠤᠨ ᠬᠠᠮᠠᠭᠠᠯᠠᠯᠲᠠ᠂ ᠰᠣᠨᠢᠨ ᠮᠡᠳᠡᠭᠡ ᠬᠡᠪᠯᠡᠯ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠠᠵᠢᠯ ᠢ ᠴᠢᠩᠭᠠᠳᠬᠠᠵᠤ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠵᠢᠴᠢ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃      ᠥᠩᠭᠡᠷᠡᠭᠰᠡᠨ ᠨᠢᠭᠡ ᠵᠢᠯ ᠳᠤ᠂ ᠪᠢᠳᠡ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠶᠢ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠪᠠᠬᠢ ᠪᠣᠢ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ  ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 6 ᠬᠠᠤᠯᠢ ᠳᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠪᠠᠷ ᠳᠡᠪᠰᠢᠭᠦᠯᠵᠦ  ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 367 ᠬᠤᠪᠢ᠂ ᠤᠯᠤᠰ ᠲᠥᠷᠦ ᠶᠢᠨ ᠵᠥᠪᠯᠡᠯᠭᠡᠨ  ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 468 ᠬᠤᠪᠢ ᠭᠦᠢᠴᠡᠳᠬᠡᠵᠦ᠂ ᠭᠦᠢᠴᠡᠳᠬᠡᠵᠦ ᠬᠠᠷᠢᠭᠤᠯᠲᠠ ᠥᠭᠭᠦᠭᠰᠡᠨ ᠨᠣᠷᠮ᠎ᠠ 100% ᠬᠦᠷᠴᠡᠢ᠃ ︽ᠰᠤᠷᠲᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠥᠷᠨᠢᠭᠦᠯᠵᠦ᠂ ︽ᠨᠢᠭᠡᠳᠦᠭᠡᠷ ᠹᠷᠣᠨᠲ ᠤᠨ ᠠᠵᠢᠯᠯᠠᠬᠤ ᠠᠷᠭ᠎ᠠ︾᠂ ︽ᠪᠢᠲᠡᠭᠦᠦ ᠴᠠᠭᠠᠷᠢᠭ ᠤᠨ ᠠᠵᠢᠯᠯᠠᠬᠤ ᠠᠷᠭ᠎ᠠ︾ ᠶᠢ ᠶᠡᠬᠡᠪᠡᠷ ᠬᠡᠷᠡᠭᠵᠢᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ  ︽12345︾ ᠨᠢᠭᠡ ᠨᠣᠮᠧᠷ ᠢᠶᠠᠷ ᠭᠥᠯᠢᠶᠡᠨ ᠠᠪᠴᠤ ᠰᠢᠶᠳᠪᠦᠷᠢᠯᠡᠬᠦ ᠶᠢ ᠪᠡᠶᠡᠯᠡᠭᠦᠯᠪᠡ᠃ ᠠᠵᠢᠯᠴᠢ ᠠᠷᠪᠢᠴᠢ ᠪᠠᠶᠢᠬᠤ ᠶᠢ ᠲᠦᠷᠦᠭᠦᠯᠡᠨ ᠴᠢᠩᠭ᠎ᠠ ᠬᠡᠷᠡᠭᠵᠢᠭᠦᠯᠵᠦ᠂ ᠬᠤᠲᠠ ᠶᠢᠨ ᠲᠣᠰ ᠱᠠᠲᠤᠨ ᠤ ︽ᠭᠤᠷᠪᠠᠨ ᠵᠦᠶᠯ ᠤᠨ ᠠᠯᠪᠠᠨ ᠵᠠᠷᠤᠳᠠᠯ︾ ᠢ 30.6% ᠪᠠᠷ ᠪᠠᠭᠠᠰᠬᠠᠪᠠ᠃      ᠲᠥᠯᠥᠭᠡᠯᠡᠭᠴᠢᠳ ᠡ᠂ 2020 ᠣᠨ ᠳᠤ ᠣᠯᠤᠭᠰᠠᠨ ᠠᠮᠵᠢᠯᠲᠠ ᠪᠦᠲᠦᠮᠵᠢ ᠨᠢ《 ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠦᠭᠰᠡᠨ ᠢ ᠬᠠᠷᠠᠭᠤᠯᠵᠤ ᠪᠠᠶᠢᠨ᠎ᠠ᠃ ᠲᠠᠪᠤᠨ ᠵᠢᠯ ᠤᠨ ᠲᠤᠷᠰᠢ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠦᠴᠦᠯᠡᠨ ᠬᠤᠪᠢᠷᠠᠭᠤᠯᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠪᠥᠬᠦ ᠲᠠᠯ᠎ᠠ ᠪᠠᠷ ᠳᠡᠪᠰᠢᠪᠠ᠃ ᠨᠢᠭᠡ ᠳᠤ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠯ ᠳᠤᠮᠳᠠᠴᠢ ᠪᠠᠷ 4.3% ᠨᠡᠮᠡᠭᠳᠡᠵᠦ᠂ ᠬᠥᠮᠦᠨ ᠳᠤᠮᠳᠠᠴᠢ ᠶᠢᠨ GDP 8.9 ᠲᠦᠮᠡᠨ ᠲᠥᠭᠦᠷᠢᠭ ᠲᠤ ᠬᠥᠷᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ 4.5᠄ 29.1᠄ 66.4 ᠪᠣᠯᠭᠠᠵᠤ᠂ ᠰᠦ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠠᠵᠤ ᠦᠢᠯᠡᠰ ᠢ ᠪᠤᠶᠢᠵᠢᠭᠤᠯᠤᠨ ᠪᠦᠷᠢᠯᠳᠦᠭᠦᠯᠪᠡ᠃ ᠪᠥᠬᠦ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 341 ᠪᠣᠯᠵᠣ᠂ 2015 ᠣᠨ ᠤ ᠡᠴᠦᠰ ᠤᠨ ᠬᠢ ᠠᠴᠠ 3.8 ᠳᠠᠬᠢᠨ ᠨᠡᠮᠡᠭᠳᠡᠨ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ 2016 ᠣᠨ ᠳᠤ 0.94% ᠪᠠᠶᠢᠭᠰᠠᠨ ᠠᠴᠠ ᠪᠠᠨ ᠵᠢᠱᠢᠯᠲᠡ ᠪᠠᠷ ᠨᠡᠮᠡᠭᠳᠡᠭᠡᠳ 2020 ᠣᠨ ᠳᠤ 1.6% ᠪᠣᠯᠵᠠᠶ᠃ ᠬᠤᠷᠢᠨᠭᠡᠷ ᠰᠢᠨ᠎ᠡ ᠲᠣᠭᠤᠷᠢᠭ ᠢ ︽ᠭᠤᠷᠪᠠᠨ ᠵᠢᠯ ᠳᠤ ᠬᠡᠯᠪᠡᠷᠢᠵᠢᠭᠦᠯᠬᠦ︾ ᠬᠠᠷᠠᠯᠲᠠ ᠶᠢ ᠤᠷᠤᠭᠰᠢᠲᠠᠢ ᠪᠡᠶᠡᠯᠡᠭᠦᠯᠪᠡ᠃ ᠬᠤᠶᠠᠷ ᠲᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠩ ᠱᠦᠢ ᠾᠧ ᠰᠢᠶᠠᠨ ᠤ ᠯᠣᠣ ᠨᠢᠦ ᠸᠠᠨ ᠲᠣᠰᠬᠤᠨ᠂ ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ᠂ ᠬᠤᠷᠢᠨᠭᠡᠷ ᠰᠢᠶᠠᠨ ᠤ ᠲᠠᠶᠢᠭ᠎ᠠ ᠨᠣᠬᠠᠢ ᠲᠣᠰᠬᠤᠨ ᠠᠮᠵᠢᠯᠲᠠ ᠲᠠᠢ ᠪᠠᠷ ︽ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠢᠶᠠᠷ ᠰᠣᠩᠭᠤᠭᠳᠠᠪᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠪᠡ︔ ᠪᠡᠭᠡᠵᠢᠩ ᠠᠴᠠ ᠬᠥᠬᠡᠬᠤᠲᠠ ᠬᠦᠷᠬᠦ ᠲᠥᠷᠭᠡᠨ ᠤ ᠲᠡᠮᠦᠷ ᠵᠠᠮ᠂ ᠬᠥᠬᠡᠬᠤᠲᠠ ᠠᠴᠠ ᠲᠠᠶᠢᠶᠤᠸᠠᠨ ᠬᠥᠷᠬᠦ ᠬᠤᠷᠳᠤᠨ ᠤ ᠭᠠᠯᠲᠤ ᠲᠡᠷᠭᠡ ᠪᠥᠬᠦ ᠱᠤᠭᠤᠮ ᠢᠶᠠᠷ ᠲᠡᠷᠭᠡ ᠨᠡᠪᠲᠡᠷᠡᠪᠡ︔ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠠᠰᠢᠭᠯᠠᠯᠲᠠ ᠳᠤ ᠣᠷᠣᠵᠤ᠂ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ︽ᠲᠡᠷᠭᠡ ᠰᠣᠯᠢᠬᠤ ᠴᠠᠭ ᠦᠶ᠎ᠡ︾ ᠳᠤ ᠣᠷᠤᠪᠠ᠃ ᠭᠤᠷᠪᠠ ᠳᠤ᠂ ᠠᠮᠢ ᠠᠬᠤᠶ ᠶᠢᠨ ᠬᠠᠯᠬᠠᠪᠴᠢ ᠶᠢ ᠨᠡᠩ ᠪᠠᠲᠤ ᠪᠠᠬᠢ ᠪᠣᠯᠭᠠᠪᠠ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠬᠠᠭᠠᠵᠤ᠂ ᠵᠣᠭᠰᠣᠭᠠᠵᠤ ᠤᠬᠤᠷᠢᠭᠤᠯᠤᠨ ᠭᠠᠷᠭᠠᠵᠤ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠭᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 225 ᠲᠦᠮᠡᠨ ᠮᠥ ᠤᠯᠤᠰ ᠤᠨ ᠨᠤᠲᠤᠭ ᠳᠡᠪᠢᠰᠭᠡᠷ  ᠤᠨ ᠠᠮᠢ ᠠᠬᠤᠶ ᠶᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠪᠠᠶᠢᠭᠤᠯᠤᠭᠰᠠᠨ ᠣᠷᠣᠨ ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠨᠣᠷᠮ᠎ᠠ ᠲᠣᠰ ᠲᠣᠰ 40.1%᠂ 37.3% ᠳᠤ ᠬᠥᠷᠪᠡ᠃ ᠲᠦᠷᠪᠡ ᠳᠤ᠂ ᠥᠭᠡᠷᠡᠴᠢᠯᠡᠯᠲᠡ ᠡᠯᠪᠡᠭ ᠦᠷ᠎ᠡ ᠪᠦᠲᠦᠭᠡᠯ ᠣᠯᠪᠠ᠃ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠮ ᠡᠮᠨᠡᠯᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠶᠢᠨ ᠥᠭᠡᠷᠡᠴᠢᠯᠡᠯᠲᠡ ᠴᠢᠬᠤᠯᠠ ᠠᠬᠢᠯᠳᠠ ᠲᠠᠢ ᠪᠤᠯᠵᠤ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠤᠯᠠᠮ ᠨᠢᠭᠡ ᠠᠯᠬᠤᠮ ᠴᠢᠩᠭᠠᠷᠠᠪᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠸᠢ ᠶᠢᠨ ᠠᠵᠤ ᠠᠬᠤᠶ ᠶᠢᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠲᠡᠭᠦᠨ ᠳᠤ ᠦᠢᠯᠡᠴᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠠᠩ ᠨᠢᠭᠲᠠᠷᠠᠭᠤᠯᠪᠠ᠃ ᠲᠠᠪᠤ ᠳᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠦᠷᠭᠦᠯᠵᠢᠯᠡᠨ ᠨᠡᠮᠡᠭᠳᠡᠭᠦᠯᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ ᠨᠡᠶᠢᠲᠡ 23.8 ᠳ᠋ᠦᠩᠰᠢᠭᠤᠷ ᠲᠥᠭᠦᠷᠢᠭ ᠣᠷᠣᠭᠤᠯᠵᠤ᠂ ︽ᠬᠥᠮᠦᠨ ᠢ ᠶᠠᠳᠠᠭᠤ ᠠᠴᠠ ᠠᠩᠭᠢᠵᠢᠷᠠᠭᠤᠯᠬᠤ᠂ ᠲᠣᠰᠬᠤᠨ ᠢ ᠶᠠᠳᠠᠭᠤ ᠠᠴᠠ ᠠᠩᠭᠢᠵᠢᠷᠠᠭᠤᠯᠬᠤ᠂ ᠰᠢᠶᠠᠨ ᠢ ᠶᠠᠳᠠᠭᠤ ᠠᠴᠠ ᠠᠩᠭᠢᠵᠢᠷᠠᠭᠤᠯᠬᠤ︾ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠲᠣᠭᠲᠠᠭᠤᠨ ᠢᠶᠠᠷ ᠪᠡᠶᠡᠯᠡᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠨᠠᠩ ᠪᠦᠷᠢᠨᠰᠢᠬᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃      ᠲᠥᠯᠥᠭᠡᠯᠡᠭᠴᠢᠳ ᠡ᠂ ᠲᠠᠪᠤᠨ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠣᠷᠣᠨ ᠤ ᠲᠥᠪ ᠤᠨ ᠡᠯ᠎ᠡ ᠲᠥᠷᠥᠯ ᠤᠨ ᠢᠳᠡᠪᠬᠢ ᠬᠦᠴᠦᠨ ᠵᠦᠢᠯ ᠬᠤᠷᠠᠮᠳᠤᠵᠤ ᠪᠠᠶᠢᠨ᠎ᠠ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠪᠠᠬᠢᠵᠢᠵᠦ ᠪᠠᠶᠢᠨ᠎ᠠ᠃ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠰᠢᠷᠭᠠᠭᠤ ᠲᠡᠮᠡᠴᠡᠯ ᠳᠤ ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠣᠯᠤᠯᠲᠠ ᠨᠢ ᠲᠦᠢᠯ ᠤᠨ ᠡᠷᠬᠢᠮ ᠨᠠᠨᠳᠢᠨ ᠶᠤᠮ᠃《ᠠᠷᠪᠠᠨ ᠭᠤᠷᠪᠠᠳᠤᠭᠠᠷ ᠲᠠᠪᠤᠨ ᠵᠢᠯ》 ᠤᠨ ᠬᠤᠭᠤᠴᠠᠭᠠᠨ ᠳᠤ ᠣᠯᠤᠭᠰᠠᠨ ᠠᠮᠵᠢᠯᠲᠠ ᠪᠦᠲᠦᠮᠵᠢ ᠶᠢᠨ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠤ ᠪᠣᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷ ᠢ ᠡᠵᠡᠮᠳᠡᠨ ᠵᠠᠮᠴᠢᠯᠠᠭᠰᠠᠨ ᠳᠤ ᠪᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ᠂ ᠬᠠᠯᠠᠮᠵᠢᠯᠠᠨ ᠳᠡᠮᠵᠢᠭᠰᠡᠨ ᠤ ᠦᠷ᠎ᠡ ᠳ᠋ᠦᠩ ᠮᠥᠨ᠂ ᠬᠤᠳᠠ ᠶᠢᠨ ᠨᠠᠮ ᠤᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠲᠠᠯᠪᠢᠨ ᠳᠡᠮᠵᠢᠵᠦ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠢ ᠪᠠᠷ ᠵᠢᠳᠬᠦᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠬᠥᠬᠡᠬᠤᠲᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠵᠡᠷᠭᠡᠪᠡᠷ ᠪᠢᠳᠡ ᠪᠠᠰᠠ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠪᠠᠰᠠ ᠮᠠᠰᠢ ᠤᠯᠠᠨ ᠪᠠᠶᠢᠬᠤ ᠶᠢ ᠰᠡᠷᠭᠡᠭ ᠢᠶᠠᠷ ᠣᠯᠵᠤ ᠬᠠᠷᠠᠪᠠ᠃ ᠨᠢᠭᠡ ᠳᠤ᠂ ᠬᠥᠭᠵᠢᠯᠲᠡ ᠲᠡᠩᠴᠡᠭᠦᠷᠢ ᠥᠬᠡᠶ᠂ ᠭᠦᠢᠴᠡᠳ ᠥᠬᠡᠶ ᠠᠰᠠᠭᠤᠳᠠᠯ ᠮᠥᠨ ᠬᠦ ᠲᠣᠪᠤᠶᠢᠮ᠎ᠠ ᠪᠠᠶᠢᠵᠤ᠂ ᠶᠠᠰᠤ ᠴᠢᠨᠠᠷ ᠥᠨᠳᠥᠷ ᠪᠢᠰᠢ᠂ ᠶᠡᠷᠦᠩᠬᠡᠶ ᠬᠡᠮᠵᠢᠶ᠎ᠡ ᠶᠡᠭᠡ ᠪᠢᠰᠢ᠂ ᠪᠦᠲᠦᠴᠡ ᠰᠢᠯᠢᠳᠡᠭ ᠪᠢᠰᠢ᠂ ᠨᠥᠭᠡᠴᠡ ᠬᠦᠴᠦᠨ ᠬᠦᠷᠦᠯᠴᠡᠬᠦ ᠥᠬᠡᠶ ᠪᠠᠶᠢᠨ᠎ᠠ᠂ ᠢᠯᠠᠩᠭᠤᠶ᠎ᠠ ᠮᠠᠨ ᠤ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠪᠥᠬᠦ ᠤᠯᠤᠰ ᠤᠨ 35 ᠲᠣᠮᠣ ᠳᠤᠮᠳᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ ᠨᠡᠷᠡᠰ ᠤᠨ ᠵᠢᠭᠰᠠᠭᠠᠯᠲᠠ ᠳᠤ ᠰᠡᠭᠦᠯ ᠠᠴᠠ ᠨᠢ 2 ᠳ᠋ᠤᠭᠠᠷ ᠲᠤ ᠵᠢᠭᠰᠠᠭᠠᠭᠳᠠᠵᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠤᠶᠠᠷ ᠲᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠢᠯᠢᠳᠡᠭ ᠪᠤᠰᠤ ᠪᠠᠶᠢᠬᠤ ᠠᠰᠠᠭᠤᠳᠠᠯ ᠲᠦᠢᠯ ᠤᠨ ᠬᠦᠨᠳᠦ ᠨᠣᠴᠢᠲᠠᠶ ᠪᠠᠶᠢᠵᠤ᠂ ︽ᠬᠠᠲᠠᠭᠤ ᠣᠷᠴᠢᠨ ᠨᠥᠬᠦᠴᠡᠯ︾ ᠤᠨ ᠠᠰᠠᠭᠤᠳᠠᠯ ᠣᠷᠣᠰᠢᠵᠤ᠂ ᠰᠠᠭᠤᠷᠢ ᠪᠡᠯᠡᠳᠬᠡᠮᠵᠢ ᠲᠡᠭᠦᠯᠳᠡᠷᠵᠢᠭᠡᠳᠦᠶ᠂ ᠬᠦᠴᠦᠨ ᠵᠦᠢᠯ ᠤᠨ ᠪᠠᠲᠤᠯᠠᠭ᠎ᠠ ᠬᠦᠷᠦᠯᠴᠡᠬᠦ ᠦᠭᠡᠢ᠂ ᠬᠤᠳᠠ ᠶᠢᠨ ᠠᠮᠢᠳᠤᠷᠠᠯ ᠲᠠᠭᠠᠯᠠᠮᠵᠢᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠳᠥᠭᠦᠮ ᠳᠥᠲᠡ ᠵᠡᠷᠭᠡ ᠲᠠᠯ᠎ᠠ ᠪᠠᠷ ᠪᠠᠰᠠ ᠮᠠᠰᠢ ᠤᠯᠠᠨ ᠬᠦᠷᠦᠯᠴᠡᠬᠦ ᠦᠭᠡᠢ ᠵᠦᠢᠯ ᠪᠣᠢ︔ ᠪᠠᠰᠠ ︽ᠵᠥᠭᠡᠯᠡᠨ ᠣᠷᠴᠢᠨ ᠨᠥᠬᠦᠴᠡᠯ︾ ᠤᠨ ᠠᠰᠠᠭᠤᠳᠠᠯ ᠣᠷᠣᠰᠢᠵᠤ ᠪᠠᠶᠢᠨ᠎ᠠ᠂ ᠵᠠᠷᠢᠮ ᠺᠠᠳ᠋ᠷ ᠠᠵᠢᠯ ᠶᠠᠪᠤᠳᠠᠯ ᠬᠢᠬᠦ ᠳᠡᠭᠡᠨ ︽ᠪᠥᠮᠪᠦᠭᠡ ᠢᠰᠬᠦᠯᠵᠦ︾᠂ ᠬᠠᠰᠢ ᠶᠠᠰᠢ ᠪᠠᠷ ᠠᠯᠪᠠ ᠬᠠᠰᠢᠵᠤ᠂ ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠵᠦ᠂ ᠠᠵᠤ ᠠᠬᠤᠶᠢᠯᠠᠯ᠂ ᠤᠯᠠᠨ ᠲᠦᠮᠡᠨ ᠤ ᠬᠠᠨᠤᠮᠵᠢ ᠦᠭᠡᠢ ᠭᠠᠵᠠᠷ ᠮᠥᠨ ᠯᠡ ᠮᠠᠰᠢ ᠤᠯᠠᠨ ᠪᠣᠢ᠃ ᠭᠤᠷᠪᠠ ᠳᠤ᠂ ᠣᠷᠣᠨ ᠤ ᠲᠥᠪ ᠤᠨ ︽ᠲᠡᠷᠢᠭᠦᠨ ᠤ ᠬᠡᠮᠵᠢᠶ᠎ᠡ︾ ᠥᠨᠳᠥᠷ ᠪᠢᠰᠢ ᠠᠰᠠᠭᠤᠳᠠᠯ ᠮᠠᠰᠢ ᠲᠣᠪᠤᠶᠢᠮ᠎ᠠ ᠪᠠᠶᠢᠨ᠎ᠠ᠂ ᠣᠷᠣᠨ ᠪᠦᠰᠡ ᠶᠢᠨ ᠴᠢᠨᠠᠷᠲᠠᠶ ᠲᠥᠪ ᠬᠤᠲᠠ ᠪᠣᠯᠤᠭᠰᠠᠨ ᠤ ᠬᠤᠪᠢ ᠳᠤ᠂ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠥᠬᠡᠶ᠂ ᠲᠣᠰ ᠪᠡᠶ᠎ᠡ ᠶᠢᠨ ᠥᠷᠢᠰᠦᠯᠳᠦᠬᠦ ᠬᠦᠴᠦᠨ ᠢᠶᠠᠷ ᠳᠤᠲᠠᠮᠠᠭ ᠪᠠᠶᠢᠵᠤ᠂ ᠪᠥᠬᠦ ᠣᠷᠣᠨ ᠤ ᠳᠠᠶᠢᠴᠢᠯᠠᠬᠤ ᠬᠦᠴᠦᠨ᠂ ᠡᠷᠬᠢᠨ ᠲᠣᠭᠤᠷᠢᠨ ᠢᠶᠠᠨ ᠨᠥᠯᠥᠭᠡᠯᠡᠬᠦ ᠬᠦᠴᠦᠨ ᠢᠶᠠᠷ ᠴᠢᠩᠭ᠎ᠠ ᠪᠢᠰᠢ ᠪᠠᠶᠢᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠪᠥᠬᠦ ᠤᠯᠤᠰ ᠤᠨ 27 ᠮᠤᠵᠢ ᠶᠢᠨ ᠲᠥᠪ ᠬᠤᠲᠠ ᠶᠢᠨ ᠳᠣᠲᠣᠷ᠎ᠠ ᠵᠥᠪᠬᠡᠨ 23 ᠳ᠋ᠤᠭᠠᠷ ᠲᠤ ᠵᠢᠭᠰᠠᠭᠠᠭᠳᠠᠵᠤ᠂ ᠮᠤᠵᠢ ᠶᠢᠨ ᠲᠥᠪ ᠬᠤᠲᠠ ᠶᠢᠨ ︽ᠲᠡᠷᠢᠭᠦᠨ ᠤ ᠬᠡᠮᠵᠢᠶ᠎ᠡ︾ ᠪᠠᠷ ᠰᠡᠭᠦᠯ ᠠᠴᠠ 2 ᠳ᠋ᠤᠭᠠᠷ ᠲᠤ ᠵᠢᠭᠰᠠᠭᠠᠭᠳᠠᠵᠤ᠂ ᠣᠷᠣᠨ ᠤ ᠲᠥᠪ ᠪᠠ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢᠨ ᠪᠠᠶᠢᠷᠢ ᠰᠠᠭᠤᠷᠢ ᠲᠠᠢ ᠲᠦᠢᠯ ᠤᠨ ᠵᠣᠬᠢᠴᠠᠬᠤ ᠥᠬᠡᠶ ᠪᠠᠶᠢᠨ᠎ᠠ᠃ ᠳᠥᠷᠪᠡ ᠳᠤ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠬᠡᠷ ᠭᠠᠵᠠᠷ ᠤᠨ ᠬᠥᠷᠥᠩᠭᠡ ᠶᠢᠨ ᠦᠯᠡᠳᠡᠭᠳᠡᠯ ᠲᠥᠷᠦᠯ ᠵᠦᠢᠯ ᠤᠨ ᠦᠨᠡᠮᠯᠡᠯ ᠠᠪᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ ᠪᠠᠶᠢᠬᠤ ᠮᠠᠰᠢ ᠣᠯᠠᠨ ᠠᠰᠠᠭᠤᠳᠠᠯ ᠢ ᠮᠦᠨ ᠯᠡ ᠰᠢᠢᠳᠪᠦᠷᠢᠯᠡᠭᠡᠳᠦᠢ ᠪᠠᠶᠢᠭᠰᠠᠭᠠᠷ︔ ᠪᠣᠬᠢᠷᠲᠤᠯ ᠢ ᠰᠡᠷᠭᠡᠶᠢᠯᠡᠨ ᠵᠠᠰᠠᠬᠤ ᠳᠤᠮᠳᠠ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ︽ᠵᠢᠷᠦᠬᠡ ᠠᠭᠤᠰᠬᠢᠨ ᠤ ᠵᠣᠪᠠᠯᠠᠩ︾ ᠢ ᠪᠠᠰᠠ ᠦᠨᠳᠦᠰᠦᠨ ᠠᠴᠠ ᠨᠢ ᠠᠷᠢᠯᠭᠠᠭᠠᠳᠤᠢ︔ ᠡᠭᠦᠨ ᠤ ᠵᠡᠷᠭᠡᠪᠡᠷ᠂ ᠠᠷᠠᠳ ᠢᠷᠭᠡᠳ ᠤᠨ ᠰᠤᠷᠭᠠᠭᠤᠯᠢ ᠳᠤ ᠰᠠᠭᠤᠬᠤ᠂ ᠡᠪᠡᠳᠴᠢᠨ ᠦᠵᠡᠭᠦᠯᠬᠦ᠂ ᠶᠠᠪᠤᠵᠤ ᠰᠠᠭᠤᠬᠤ ᠵᠡᠷᠭᠡ ᠲᠠᠯ᠎ᠠ ᠪᠠᠷ ᠬᠢ ᠮᠠᠰᠢ ᠣᠯᠠᠨ ᠲᠤᠯᠭᠠᠮᠳᠠᠵᠤ ᠬᠦᠴᠢᠷᠳᠡᠵᠤ ᠵᠣᠪᠠᠵᠤ ᠬᠦᠰᠡᠵᠤ ᠰᠠᠨᠠᠭᠰᠠᠨ ᠠᠰᠠᠭᠤᠳᠠᠯ ᠢ ᠪᠥᠲᠦᠮᠵᠢᠲᠠᠢ ᠰᠢᠢᠳᠪᠦᠷᠢᠯᠡᠵᠦ ᠴᠢᠳᠠᠭᠠᠳᠤᠶ ᠪᠠᠶᠢᠨ᠎ᠠ᠃ ᠲᠠᠪᠤ ᠳᠤ᠂ ᠺᠠᠳ᠋ᠷ ᠤᠨ ᠡᠩᠨᠡᠭᠡᠨ ᠤ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠪᠠᠰᠠ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠂ ᠵᠠᠷᠢᠮ ᠺᠠᠳ᠋ᠷ ᠤᠨ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠴᠢᠩᠭ᠎ᠠ ᠪᠢᠰᠢ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠵᠣᠷᠢᠭ ᠰᠠᠨᠠᠭ᠎ᠠ ᠪᠠᠷ ᠬᠦᠷᠦᠯᠴᠡᠬᠦ ᠦᠭᠡᠢ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠣᠨᠤᠪᠴᠢᠲᠠᠢ ᠡᠵᠡᠮᠳᠡᠵᠦ ᠳᠡᠶᠢᠯᠬᠦ ᠦᠭᠡᠢ᠂ ᠠᠵᠢᠯ ᠬᠢᠵᠦ ᠦᠢᠯᠡᠰ ᠪᠥᠲᠦᠭᠡᠬᠦ ︽ᠴᠤᠭ ᠰᠦᠯᠳᠡ︾ ᠨᠢ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠨ᠎ᠠ᠃ ᠡᠲᠡᠭᠡᠷ ᠠᠰᠠᠭᠤᠳᠠᠯ ᠪᠣᠯ ᠴᠥᠮ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠰᠠᠭᠠᠳ︾ ᠪᠠ ︽ᠲᠤᠳᠬᠠᠷ︾ ᠮᠥᠨ᠂ ᠪᠢᠳᠡ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠂ ᠲᠡᠤᠬᠡ ᠶᠢᠨ ᠰᠣᠩᠭᠤᠯᠲᠠ ᠳᠤ ᠣᠰᠣᠯᠳᠠᠬᠤ ᠥᠬᠡᠶ ᠪᠠᠶᠢᠵᠤ᠂ ᠰᠢᠢᠳᠪᠦᠷᠢᠯᠡᠬᠦ ᠶᠣᠰᠣᠲᠠᠶ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠂ ᠰᠢᠢᠳᠪᠦᠷᠢᠯᠡᠬᠦ ᠴᠢᠬᠤᠯᠠᠲᠠᠢ ᠪᠡᠷᠬᠡ ᠠᠰᠠᠭᠤᠳᠠᠯ ᠢ ᠶᠠᠭᠠᠬᠢᠵᠤ ᠪᠠᠶᠢᠭᠰᠠᠨ ᠴᠤ ᠰᠢᠢᠳᠪᠦᠷᠢᠯᠡᠬᠦ ᠬᠡᠷᠡᠭᠲᠡᠶ︕      ᠬᠤᠶᠠᠷ᠂ 《ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠠᠬᠢ ᠭᠤᠣᠯ ᠡᠭᠦᠷᠭᠡ    《ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮᠳᠤ‌ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠰᠢ ᠤᠷᠤᠭᠰᠢᠯᠠᠭᠰᠠᠨ ᠠᠩᠬᠠᠨ ᠤ ᠲᠠᠪᠤᠨ ᠵᠢᠯ ᠮᠥᠨ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠲᠣᠰ ᠤᠳᠠᠭᠠᠨ ᠤ ᠶᠡᠭᠡ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃      ᠬᠤᠶᠢᠰᠢᠳᠠ ᠶᠢᠨ ᠲᠠᠪᠤᠨ ᠵᠢᠯ ᠳᠤ᠂ ᠪᠢᠳᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠨ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠤ ᠲᠥᠪ ᠢ ᠠᠵᠤ ᠠᠬᠤᠢ ᠴᠡᠴᠡᠭᠯᠡᠨ ᠬᠥᠭᠵᠢᠭᠰᠡᠨ᠂ ᠴᠢᠳᠠᠪᠬᠢ ᠪᠦᠷᠢᠨ ᠭᠦᠢᠴᠡᠳ᠂ ᠣᠷᠴᠢᠨ ᠲᠣᠭᠤᠷᠢᠨ ᠭᠤᠶᠢᠳᠠ ᠰᠠᠶᠢᠬᠠᠨ᠂ ᠪᠣᠯᠪᠠᠰᠤᠨ ᠡᠶ᠎ᠡ ᠵᠣᠬᠢᠴᠠᠩᠭᠤᠢ᠂ ᠨᠥᠯᠦᠭᠡᠯᠡᠬᠦ ᠳᠠᠶᠢᠴᠢᠯᠠᠬᠤ ᠬᠦᠴᠦᠨ ᠢᠶᠠᠷ ᠴᠢᠩᠭ᠎ᠠ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠪᠣᠯᠭᠠᠨ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠭᠤᠣᠯ ᠡᠭᠦᠷᠭᠡ ᠨᠢ᠄       ︵ᠨᠢᠭᠡ︶ ᠣᠷᠣᠨ ᠤ ᠲᠥᠪ ᠤᠨ ᠰᠢᠨ᠎ᠡ ᠶᠢ ᠡᠭᠦᠳᠬᠦ ᠭᠤᠣᠯ ᠪᠠᠶᠢᠷᠢ ᠰᠠᠭᠤᠷᠢ ᠶᠢ ᠨᠠᠩ ᠲᠣᠪᠤᠶᠢᠮ᠎ᠠ ᠪᠣᠯᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠵᠦ᠂ ᠣᠯᠠᠨ ᠠᠷᠭ᠎ᠠ ᠵᠠᠮ ᠪᠥᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ 2025 ᠣᠨ ᠪᠣᠯᠬᠤ ᠳᠤ ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 2% ᠠᠴᠠ ᠳᠡᠭᠡᠭᠰᠢ ᠳᠤ ᠬᠦᠷᠦᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠵᠤ᠂ ᠬᠤᠲᠠ ᠶᠢᠨ ᠲᠠᠰ ᠠᠴᠠ ᠳᠡᠭᠡᠭᠰᠢᠬᠢ ᠲᠠᠪᠴᠠᠩ ᠤᠨ ᠠᠴᠢᠶᠠᠯᠠᠪᠤᠷᠢ ᠶᠢ 220 ᠠᠴᠠ ᠳᠡᠭᠡᠭᠰᠢ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢ 500 ᠠᠴᠠ ᠳᠡᠭᠡᠭᠰᠢ ᠪᠤᠶᠢᠵᠢᠭᠤᠯᠤᠨ᠎ᠠ᠃ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠳᠠᠪᠤᠷᠢᠲᠠᠨ ᠢ ᠰᠣᠩᠭᠤᠨ ᠬᠥᠮᠦᠵᠢᠭᠦᠯᠬᠦ᠂ ᠤᠶᠤᠲᠠᠳ ᠬᠦᠬᠡᠬᠤᠲᠠ ᠳᠤ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠡᠷᠭᠡ ᠲᠥᠯᠥᠪᠯᠡᠭᠡ ᠶᠢ ᠬᠡᠷᠡᠭᠵᠢᠭᠦᠯᠵᠦ᠂ ᠮᠢᠩᠭᠠᠨ ᠴᠢᠳᠠᠪᠤᠷᠢᠲᠠᠨ ᠢ ᠦᠨᠳᠦᠰᠦᠨ ᠱᠠᠲᠤᠨ ᠳᠤ ᠪᠠᠭᠤᠯᠭᠠᠬᠤ᠂ ᠬᠤᠨ ᠭᠠᠯᠠᠭᠤ ᠤᠮᠠᠷᠠᠰᠢ ᠪᠤᠴᠠᠬᠤ ᠵᠡᠷᠭᠡ ᠠᠵᠢᠯᠯᠠᠭ᠎ᠠ ᠶᠢ ᠥᠷᠨᠢᠭᠦᠯᠵᠦ᠂ ᠣᠷᠤᠭᠤᠯᠤᠨ ᠠᠪᠴᠢᠷᠠᠭᠰᠠᠨ ᠴᠢᠳᠠᠪᠤᠷᠢᠲᠠᠨ ᠢ ᠦᠨᠡᠨ ᠬᠦ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠴᠢᠳᠠᠪᠤᠷᠢᠲᠠᠨ ᠳᠤ ᠰᠠᠶᠢᠨ ᠬᠠᠨᠳᠤᠵᠤ᠂ ᠭᠠᠳᠠᠨ᠎ᠠ ᠪᠠᠶᠢᠭ᠎ᠠ ᠨᠤᠲᠤᠭ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠬᠤ ᠶᠢ ᠤᠷᠢᠶᠠᠯᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠵᠠᠭᠪᠤᠷ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠬᠦ ᠡᠷᠬᠡ᠂ ᠰᠢᠢᠳᠪᠦᠷᠢᠯᠡᠬᠦ ᠡᠷᠬᠡ ᠪᠠ ᠠᠰᠢᠭ ᠭᠥᠷᠳᠡᠬᠦ ᠡᠷᠬᠡ ︽ᠭᠤᠷᠪᠠᠨ ᠡᠷᠬᠡ︾ ᠶᠢᠨ ᠥᠭᠡᠷᠡᠴᠢᠯᠡᠯᠲᠡ ᠶᠢ ᠥᠷᠨᠢᠭᠦᠯᠵᠦ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃      ︵ᠬᠤᠶᠠᠷ︶ ᠣᠷᠣᠨ ᠤ ᠲᠥᠪ ᠤᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠨᠠᠩ ᠣᠨᠴᠠᠯᠢᠭ ᠲᠠᠢ ᠪᠣᠯᠭᠠᠨ᠎ᠠ᠃ ᠨᠢᠭᠡᠳᠦᠭᠡᠷ ᠠᠵᠤ ᠦᠢᠯᠡᠰ ᠢ ᠨᠠᠷᠢᠯᠢᠭ  ᠪᠥᠭᠡᠳ ᠣᠨᠴᠠᠯᠢᠭ ᠲᠠᠢ ᠬᠢᠵᠦ᠂ ᠣᠷᠣᠨ ᠤ ᠲᠥᠪ ᠤᠨ ᠪᠣᠳᠠᠲᠤ ᠪᠠᠶᠢᠳᠠᠯ ᠳᠤ ᠰᠠᠭᠤᠷᠢᠯᠠᠨ᠂ ︽ᠬᠤᠲᠠ ᠶᠢᠨ ᠣᠲᠣ ᠦᠶ᠎ᠡ ᠶᠢᠨ ᠲᠠᠷᠢᠶᠠᠯᠠᠩ︾ ᠢ ᠶᠡᠬᠡᠪᠡᠷ ᠬᠥᠭᠵᠢᠭᠦᠯᠵᠦ᠂ ᠭᠠᠵᠠᠷ ᠰᠢᠷᠣᠶ ᠶᠢ ᠡᠷᠴᠢᠮᠵᠢᠭᠦᠯᠬᠦ᠂ ᠲᠠᠷᠢᠶᠠᠴᠢᠳ ᠢ ᠵᠣᠬᠢᠶᠠᠨ ᠪᠠᠶᠢᠭᠤᠯᠵᠢᠭᠤᠯᠬᠤ᠂ ᠠᠵᠤ ᠦᠢᠯᠡᠰ ᠢ ᠣᠨᠴᠠᠯᠢᠬᠵᠢᠭᠤᠯᠬᠤ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠪᠦᠲᠦᠭᠡᠭᠳᠡᠬᠦᠨ ᠢ ᠲᠥᠷᠥᠯ ᠲᠡᠮᠳᠡᠭᠵᠢᠭᠦᠯᠬᠦ ︽ᠲᠠᠪᠤᠨ ᠲᠠᠯ᠎ᠠ ᠶᠢᠨ ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠳᠣᠭᠢᠷᠠᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠬᠤ᠂ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ᠂ ᠡᠵᠡᠩᠨᠡᠯᠲᠡ ᠶᠢᠨ ᠰᠢᠰᠲ᠋ᠧᠮᠵᠢ ᠶᠢ ᠪᠥᠲᠥᠭᠡᠨ ᠪᠠᠶᠢᠭᠤᠯᠬᠤ ᠵᠡᠷᠭᠡ ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 2500 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠬᠤᠶᠠᠳᠤᠭᠠᠷ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠦ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠦᠪᠰᠢᠨ ᠲᠡᠶᠢᠰᠢ ᠳᠡᠭᠡᠭᠰᠢᠯᠡᠭᠦᠯᠬᠦ ᠶᠢ ᠠᠬᠢᠭᠤᠯᠵᠤ᠂ ᠢᠯᠢ ᠶᠢᠨ ᠤᠳᠤ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠬᠤᠶᠠᠷ ᠶᠡᠭᠡ ᠰᠦ ᠶᠢᠨ ᠦᠢᠯᠡᠰ ᠤᠨ ᠲᠦᠷᠦᠯ ᠵᠦᠢᠯ ᠤᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠥᠲᠦᠮᠵᠢ ᠣᠯᠬᠤ ᠶᠢ ᠭᠤᠣᠯᠳᠠᠯᠭ᠎ᠠ ᠲᠠᠢ ᠠᠬᠢᠭᠤᠯᠵᠤ᠂ ︽ᠮᠢᠩᠭᠠᠨ ᠳ᠋ᠦᠩᠰᠢᠭᠤᠷ ᠤᠨ ᠳᠡᠰ ᠤᠨ ᠰᠦ ᠶᠢᠨ ᠦᠢᠯᠡᠰ ᠤᠨ ᠪᠥᠭᠡᠮᠨᠡᠷᠡᠯ︾ ᠢ ᠪᠠᠶᠢᠭᠤᠯᠵᠤ᠂ ︽ᠳᠤᠮᠳᠠᠳᠤ ᠤᠯᠤᠰ ᠤᠨ ᠰᠦ ᠶᠢᠨ ᠬᠤᠳᠠ︾ ᠶᠢ ᠳᠡᠯᠡᠬᠡᠢ ᠳᠤ ᠠᠯᠳᠠᠷᠰᠢᠭᠤᠯᠤᠨ᠎ᠠ᠃ ᠭᠤᠷᠪᠠᠳᠤᠭᠠᠷ ᠠᠵᠤ ᠦᠢᠯᠡᠰ ᠢ ᠰᠢᠯᠢᠳᠡᠭᠵᠢᠭᠦᠯᠵᠦ ᠰᠢᠨᠡᠴᠢᠯᠡᠨ᠂ ᠣᠷᠣᠨ ᠪᠦᠰᠡ ᠶᠢᠨ ᠴᠢᠨᠠᠷᠲᠠᠢ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠠᠮᠢᠳᠤᠷᠠᠯ ᠤᠨ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ᠢ ᠪᠦᠲᠦᠭᠡᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠬᠡᠯᠲᠡᠰ ᠤᠨ ᠠᠵᠤ ᠠᠬᠤᠢ᠂ ᠰᠣᠶᠣᠯ ᠵᠤᠭᠠᠴᠠᠯ ᠤᠨ ᠠᠵᠤ ᠦᠢᠯᠡᠰ᠂ ᠰᠣᠳᠣᠨ ᠪᠦᠲᠦᠭᠡᠯ ᠤᠨ ᠴᠤᠭᠯᠠᠭᠠᠨ ᠦᠵᠡᠰᠬᠦᠯᠡᠩ ᠤᠨ ᠦᠢᠯᠡᠰ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ᠂ ᠡᠷᠡᠭᠦᠯ  ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠰ ᠵᠡᠷᠭᠡ ᠶᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠭᠰᠠᠨ ᠳᠡᠭᠡᠳᠦ ᠲᠡᠰ ᠤᠨ ᠬᠥᠭᠵᠢᠯᠲᠡ ᠶᠢ ᠠᠬᠢᠭᠤᠯᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠤᠯᠠᠨ ᠶᠠᠩᠵᠤ ᠶᠢᠨ ᠬᠥᠭᠵᠢᠯᠲᠡ ᠶᠢ ᠠᠬᠢᠭᠤᠯᠤᠨ᠎ᠠ᠃      ︵ᠭᠤᠷᠪᠠ︶ ᠣᠷᠣᠨ ᠤ ᠲᠥᠪ ᠤᠨ ᠣᠲᠣ ᠦᠶ᠎ᠡ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠲᠠᠯ᠎ᠠ ᠪᠠᠷ᠂ ᠬᠥᠳᠡᠭᠡ ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ︽ᠵᠣᠷᠯᠣᠩ ᠤᠨ ᠬᠤᠪᠢᠰᠬᠠᠯ︾ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠶᠢᠨ ᠲᠠᠯ᠎ᠠ ᠪᠠᠷ᠂ ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠪᠠᠷᠢᠮᠲᠠᠯᠠᠨ᠂ ᠭᠤᠣᠯ ᠬᠤᠲᠠ ᠶᠢᠨ ᠲᠣᠭᠤᠷᠢᠭ ᠪᠠ ᠰᠢᠶᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠲᠠ ᠶᠢᠨ ᠰᠢᠨᠡᠴᠢᠯᠡᠯᠲᠡ ᠪᠠ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠂ ᠠᠮᠢ ᠠᠬᠤᠶ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠵᠠᠮ ᠬᠠᠷᠢᠯᠴᠠᠭ᠎ᠠ ᠶᠢ ᠪᠥᠬᠦ ᠬᠦᠴᠦᠨ ᠢᠶᠠᠷ ᠢᠶᠠᠨ ᠰᠠᠭᠠᠳ ᠥᠬᠡᠶ ᠨᠡᠪᠲᠡᠷᠡᠭᠦᠯᠵᠦ᠂ ᠬᠤᠲᠠ ᠶᠢᠨ ᠴᠢᠳᠠᠪᠬᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠠᠬᠢᠭᠤᠯᠤᠨ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠲᠠᠲᠠᠬᠤ ᠬᠦᠴᠦᠨ ᠲᠠᠢ ᠦᠵᠡᠰᠬᠦᠯᠡᠩᠲᠦ ᠰᠠᠶᠢᠬᠠᠨ ᠬᠦᠬᠡᠬᠤᠲᠠ᠂ ᠦᠨᠢᠷ ᠪᠠᠶᠠᠯᠢᠭ ᠲᠠᠯ᠎ᠠ ᠶᠢᠨ ᠬᠤᠲᠠ ᠶᠢ ᠪᠥᠲᠥᠭᠡᠨ ᠪᠠᠶᠢᠭᠤᠯᠤᠨ᠎ᠠ᠃      ︵ᠳᠥᠷᠪᠡ︶ ᠣᠷᠣᠨ ᠤ ᠲᠥᠪ ᠤᠨ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠨ᠂ ︽ᠬᠥᠬᠡᠭᠴᠢᠨ ᠲᠠᠯ᠎ᠠ ᠶᠢᠨ ᠰᠡᠳᠬᠢᠬᠦᠢ︾᠂ ︽ᠤᠯᠠᠨ ᠲᠦᠮᠡᠨ ᠤ ᠰᠡᠳᠬᠢᠬᠦᠢ︾᠂ ︽ᠬᠠᠤᠯᠢ ᠪᠠᠷ ᠵᠠᠰᠠᠬᠤ‌‍ᠰᠡᠳᠬᠢᠬᠦᠢ︾᠂ ︽ᠬᠡᠪ ᠳᠠᠭᠤᠷᠢᠶᠠᠯ ᠤᠨ ᠰᠡᠳᠬᠢᠬᠦᠢ︾ ᠶᠢ ᠪᠠᠲᠤ ᠪᠤᠢ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠭᠠᠷ ᠭᠦᠢᠴᠡᠳᠬᠡᠯ ᠢ ᠴᠥᠭᠡᠳᠬᠡᠬᠦ᠂ ᠬᠢᠨᠠᠨ ᠵᠥᠪᠰᠢᠶᠡᠷᠡᠬᠦ ᠶᠢ ᠴᠥᠭᠡᠳᠬᠡᠬᠦ᠂ ᠭᠠᠷ ᠲᠦᠷᠦᠭᠦ ᠦᠭᠡᠢ ᠪᠠᠶᠢᠬᠤ ᠵᠢᠴᠢ ᠳᠠᠷᠦ᠋ᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠤᠢᠢᠷ᠎ᠠ ᠬᠠᠪᠢ ᠳᠠᠭᠠᠨ ᠭᠦᠢᠴᠡᠳᠬᠡᠬᠦ ᠶᠢ ᠰᠢᠨ᠎ᠡ ᠬᠡᠪ ᠪᠠᠶᠢᠳᠠᠯ ᠪᠣᠯᠭᠠᠵᠤ᠂ ︽ᠠᠵᠢᠯ ᠶᠠᠪᠤᠳᠠᠯ ᠭᠦᠢᠴᠡᠳᠬᠡᠬᠦ ᠳᠤ ᠬᠥᠮᠦᠨ ᠢ ᠭᠤᠶᠤᠬᠤ ᠦᠭᠡᠢ᠂ ᠲᠦᠷᠦᠯ ᠵᠦᠢᠯ ᠢ ᠨᠠᠶᠢᠳᠠᠪᠤᠷᠢᠵᠢᠭᠤᠯᠵᠤ ᠳᠡᠶᠢᠯᠬᠦ︾ ᠣᠷᠣᠨ ᠤ ᠲᠥᠪ ᠤᠨ ᠰᠢᠨ᠎ᠡ ᠲᠦᠷᠢ ᠲᠥᠷᠬᠦ ᠶᠢ ᠪᠦᠬᠦ ᠲᠠᠯ᠎ᠠ ᠪᠠᠷ ᠪᠤᠢ ᠪᠤᠯᠭᠠᠨ᠎ᠠ᠃ ᠪᠡᠭᠡᠵᠢᠩ ᠲᠢᠶᠠᠨᠵᠢᠨ ᠾᠧᠪᠸᠢ ᠶᠢᠨ ᠬᠤᠶᠠᠷ ᠴᠠᠭ ᠤᠨ ᠠᠵᠤ ᠠᠬᠤᠢ ᠶᠢᠨ ᠲᠣᠭᠤᠷᠢᠭ ᠲᠤ ᠭᠦᠨᠵᠡᠭᠡᠢ ᠠᠭᠤᠰᠤᠯᠴᠠᠵᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠨᠢᠭᠡ ᠴᠠᠭ ᠤᠨ ᠠᠵᠤ ᠠᠬᠤᠢ ᠶᠢᠨ ᠲᠣᠭᠤᠷᠢᠭ ᠢ ᠢᠳᠡᠪᠬᠢᠲᠡᠢ ᠬᠦᠳᠦᠯᠦᠨ ᠳᠠᠭᠠᠭᠤᠯᠵᠤ᠂ ᠰᠠᠭᠤᠷᠢ ᠪᠡᠯᠡᠳᠬᠡᠮᠵᠢ ᠶᠢᠨ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠠᠮᠢ ᠠᠬᠤᠢ ᠶᠢᠨ ᠪᠣᠯᠪᠠᠰᠤᠨ ᠢ ᠬᠠᠮᠲᠤᠪᠠᠷ ᠪᠠᠶᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠬᠦ ᠵᠡᠷᠭᠡ ᠬᠦᠷᠢᠶᠡᠨ ᠳᠤ ᠪᠦᠬᠦ ᠲᠠᠯ᠎ᠠ ᠪᠠᠷ ᠵᠣᠯᠭᠠᠭᠤᠯᠵᠤ᠂ ᠭᠦᠨ ᠳᠠᠪᠬᠤᠷᠭ᠎ᠠ ᠪᠠᠷ ᠠᠭᠤᠰᠤᠯᠴᠠᠭᠤᠯᠵᠤ᠂ ︽ᠵᠡᠭᠦᠨᠰᠢ ᠠᠭᠤᠰᠤᠯᠴᠠᠬᠤ᠂ ᠪᠠᠷᠠᠭᠤᠨᠰᠢ ᠬᠤᠯᠪᠣᠯᠳᠤᠬᠤ᠂ ᠡᠮᠦᠨᠡᠰᠢ ᠨᠡᠪᠲᠡᠷᠡᠯᠴᠡᠬᠦ᠂ ᠤᠮᠠᠷᠠᠰᠢ ᠨᠡᠭᠡᠭᠡᠬᠦ︾ ᠪᠦᠬᠦ ᠲᠠᠯ᠎ᠠ ᠶᠢᠨ ᠨᠡᠭᠡᠭᠡᠯᠲᠡᠲᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃      ︵ᠲᠠᠪᠤ︶ ᠣᠷᠣᠨ ᠤ ᠲᠥᠪ ᠤᠨ ᠪᠣᠬᠢᠷᠲᠤᠯ ᠥᠬᠡᠶ ᠠᠮᠢ ᠠᠬᠤᠶ ᠶᠢᠨ ᠰᠠᠭᠤᠷᠢ ᠥᠩᠭᠡ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠨ᠎ᠠ᠃ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ᠨᠣᠭᠤᠭᠠᠷᠠᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ《 ᠥᠨᠳᠦᠷ ᠲᠡᠭᠷᠢ ᠬᠥᠬᠡᠷᠡᠵᠣ ᠥᠷᠭᠡᠨ ᠲᠠᠯ᠎ᠠ ᠨᠡᠯᠦᠶᠢᠨ᠎ᠡ᠂ ᠡᠪᠡᠰᠦᠨ ᠲᠣᠯᠤᠭᠠᠢ ᠰᠠᠯᠬᠢᠨ ᠳᠤ ᠨᠠᠶᠢᠭᠤᠬᠤᠯᠠᠷ ᠦᠬᠡᠷ ᠬᠤᠨᠢᠳ ᠦᠵᠡᠭᠳᠡᠨᠡᠮ︾ ᠴᠡᠯᠡᠭᠡᠷ ᠲᠠᠯ᠎ᠠ ᠶᠢᠨ ᠰᠠᠶᠢᠬᠠᠨ ᠦᠵᠡᠮᠵᠢ ᠶᠢ ᠳᠠᠬᠢᠨ ᠢᠯᠡᠷᠡᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠬᠥᠬᠡᠬᠤᠲᠠ ᠶᠢᠨ ᠬᠡᠰᠡᠭ ᠤᠨ ᠠᠮᠢ ᠠᠬᠤᠶ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠤᠯ ᠪᠣᠯᠭᠠᠨ᠎ᠠ᠃ ᠬᠤᠳᠠ ᠶᠢᠨ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠪᠠ ᠨᠤᠭᠤ ᠭᠠᠵᠠᠷ ᠤᠨ ᠤᠰᠤ ᠬᠠᠳᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠤᠳᠠ ᠶᠢᠨ ᠨᠤᠭᠤ ᠭᠠᠵᠠᠷ ᠤᠨ ᠠᠮᠢ ᠠᠬᠤᠶ ᠶᠢᠨ ᠴᠢᠳᠠᠪᠬᠢ ᠶᠢ ᠰᠡᠷᠭᠦᠭᠡᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠵᠦ ᠂ ᠣᠷᠣᠨ ᠤ ᠲᠥᠪ ᠤᠨ ᠲᠩᠷᠢ ᠨᠢ ᠴᠡᠯᠮᠡᠭ ᠭᠠᠵᠠᠷ ᠨᠢ ᠨᠣᠭᠤᠭᠠᠨ᠂ ᠤᠰᠤ ᠨᠢ ᠴᠡᠪᠡᠷ ᠭᠤᠣᠯ ᠨᠢ ᠲᠤᠩᠭᠠᠯᠠᠭ ᠪᠠᠶᠢᠬᠤ ᠶᠢ ᠪᠡᠶᠡᠯᠡᠭᠦᠯᠦᠨ᠎ᠡ᠃      ︵ᠵᠢᠷᠭᠤᠭ᠎ᠠ︶ ᠣᠷᠣᠨ ᠤ ᠲᠥᠪ ᠤᠨ ᠥᠷᠭᠡᠨ ᠣᠯᠠᠨ ᠲᠦᠮᠡᠨ ᠤ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠢ ᠳᠤᠮᠳᠠᠴᠢ ᠪᠠᠷ ᠵᠢᠯ ᠪᠦᠷᠢ  4 ᠲᠦᠮᠡ ᠠᠴᠠ ᠳᠤᠲᠠᠭᠤ ᠦᠭᠡᠢ ᠪᠠᠶᠢᠯᠭᠠᠵᠤ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠪᠠᠷ ᠳᠠᠮᠵᠢᠭᠤᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 40 ᠶᠢ ᠰᠢᠨ᠎ᠡ ᠪᠠᠷ ᠨᠡᠮᠡᠭᠳᠡᠭᠦᠯᠵᠦ᠂ 40 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢᠨ ᠨᠤᠷᠮ᠎ᠠ ᠶᠢ 95 % ᠠᠴᠠ ᠳᠡᠭᠡᠭᠰᠢ ᠳᠤ ᠬᠦᠷᠦᠭᠦᠯᠵᠦ᠂ ᠰᠤᠷᠭᠠᠨ ᠬᠥᠮᠦᠵᠢᠯ ᠢ ᠨᠡᠩ ᠲᠥᠪ ᠭᠤᠣᠯᠴᠢ ᠪᠣᠯᠭᠠᠵᠤ᠂ ᠣᠷᠤᠨ ᠤ ᠲᠥᠪ ᠤᠨ ᠬᠤᠳᠠ ᠶᠢᠨ ᠠᠷᠠᠳ ᠤᠨ ᠬᠡᠦᠬᠡᠳ ᠢ ᠰᠤᠷᠭᠠᠭᠤᠯᠢ ᠳᠤ ᠣᠷᠣᠬᠤ ᠳᠤ ᠬᠦᠴᠢᠷ ᠦᠭᠡᠢ ᠪᠤᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠤᠨ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 49% ᠠᠴᠠ ᠳᠡᠭᠡᠭᠰᠢ ᠳᠤ ᠬᠦᠷᠦᠭᠦᠯᠵᠦ᠂ ᠬᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠨᠡᠶᠢᠭᠡᠮ ᠲᠣᠭᠤᠷᠢᠭ ᠤᠨ ᠪᠦᠷᠬᠦᠴᠡ ᠶᠢ 100% ᠳᠤ ᠬᠦᠷᠦᠭᠦᠯᠵᠦ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠤ ᠠᠮᠢᠳᠤᠷᠠᠯ ᠢ ᠰᠠᠶᠢᠲᠤᠷ ᠪᠠᠲᠤᠯᠠᠨ᠂ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠣ ᠵᠣᠪᠠᠵᠤ ᠬᠦᠰᠡᠵᠣ ᠰᠠᠨᠠᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠷᠤᠨ ᠤ ᠲᠥᠪ ᠤᠨ ᠣᠯᠠᠨ ᠲᠦᠮᠡᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠪᠠᠷ ᠴᠢᠷᠮᠠᠶᠢᠨ᠎ᠠ᠃      ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ      ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ  ᠡᠬᠢᠯᠡᠭᠦᠯᠦᠭᠰᠡᠨ ᠠᠩᠬᠠᠨ ᠤ ᠵᠢᠯ ᠮᠥᠨ᠂ ᠮᠦᠨᠴᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ  ᠪᠣᠯᠤᠨ᠎ᠠ᠂ ᠪᠣᠶ ᠪᠥᠬᠦᠶ ᠠᠵᠢᠯ ᠢ ᠴᠥᠮ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠤᠷ᠎ᠠ ᠰᠠᠶᠢᠲᠤᠷ ᠡᠬᠢᠯᠡᠭᠦᠯᠦᠨ᠎ᠡ᠃      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ7.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠴᠥᠮ 6% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ᠡᠨᠡ ᠵᠢᠯ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ  ᠄     ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠤᠷᠤᠨ ᠤ ᠲᠥᠪ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠲᠣᠭᠤᠷᠢᠭ ᠬᠤᠶᠠᠷ ᠲᠥᠪ ᠲᠠᠪᠤᠨ ᠰᠠᠭᠤᠷᠢᠨ ᠭᠠᠵᠠᠷ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠤᠯᠠᠮ ᠨᠢᠭᠡ ᠠᠯᠬᠤᠮ  ᠲᠥᠪᠯᠡᠷᠡᠭᠦᠯᠦᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠴᠢᠬᠤᠯᠠ ᠶᠡᠭᠡ ᠲᠤᠰᠬᠠᠶ ᠲᠦᠷᠦᠯ ᠵᠦᠢᠯ ᠪᠣᠯᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠳᠤᠷᠠᠯᠴᠠᠭᠠᠨ ᠤ ᠲᠦᠷᠦᠯ ᠵᠦᠢᠯ ᠢ 30 ᠠᠴᠠ ᠲᠡᠭᠡᠭᠰᠢ ᠶᠢ ᠬᠡᠷᠡᠭᠵᠢᠬᠦᠯᠵᠦ᠂ ᠣᠷᠣᠨ ᠤ ᠲᠤᠳᠤᠨ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠤ ᠬᠠᠮᠳᠤᠷᠠᠯᠴᠠᠭ᠎ᠠ ᠶᠢ ᠬᠦᠨᠵᠡᠭᠡᠶᠢᠷᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠤ ᠲᠥᠪ ᠢ ᠮᠠᠨ ᠤ ᠬᠤᠳᠠ ᠳᠤ ᠨᠤᠲᠤᠭᠰᠢᠭᠤᠯᠬᠤ ᠪᠠᠷ ᠴᠢᠷᠮᠠᠶᠢᠨ᠎ᠠ᠃      ᠪᠦᠲᠦᠮᠵᠢᠲᠡᠶ ᠪᠡᠯᠡ ᠣᠷᠣᠭᠤᠯᠤᠯᠲᠠ ᠶᠢ ᠨᠠᠷᠢᠯᠢᠭ ᠣᠨᠣᠴᠠᠲᠠᠶ ᠪᠠᠷ ᠥᠷᠭᠡᠳᠬᠡᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠮᠥᠩᠭᠦ  ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠲᠦᠷᠦᠯ ᠤᠨ ᠵᠢᠭᠡᠯᠡᠯᠭᠡ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠠᠷᠠᠳ ᠤᠨ ᠪᠡᠯᠡ ᠣᠷᠣᠭᠤᠯᠤᠯᠲᠠ ᠶᠢᠨ ᠬᠠᠷᠢᠴᠠᠯ ᠢ ᠥᠷᠭᠡᠳᠬᠡᠵᠦ᠂ ᠪᠡᠯᠡ ᠤᠷᠤᠭᠤᠯᠤᠯᠲᠠ ᠶᠢᠨ ᠵᠤᠬᠢᠰᠲᠠᠢ ᠨᠡᠮᠡᠭᠳᠡᠯ ᠢ ᠪᠠᠳᠤᠯᠠᠨ᠎ᠠ᠃ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ᠂ ᠨᠢᠰᠦᠯᠲᠡ ᠶᠢᠨ ᠲᠣᠭᠤᠷᠢᠭ᠂ ᠢᠵᠢ ᠪᠥᠷᠢᠳᠦᠭᠦᠯᠬᠦ ᠲᠣᠭᠤᠷᠢᠭ ᠤᠨ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠵᠦ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠢᠨᠵᠧᠨᠧᠷᠢᠩ ᠢ ᠡᠬᠢᠯᠡᠨ ᠬᠡᠷᠡᠭᠵᠢᠬᠦᠯᠦᠨ᠎ᠡ᠃ ᠮᠤᠵᠢ ᠶᠢᠨ ᠵᠠᠮ ᠤᠨ 43 ᠱᠤᠭᠤᠮ ᠤᠨ ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ ᠮᠤᠵᠢ ᠶᠢᠨ ᠵᠠᠮ ᠤᠨ 29 ᠱᠤᠭᠤᠮ ᠤᠨ ᠬᠥᠬᠡᠬᠤᠲᠠ ᠠᠴᠠ ᠯᠢᠶᠠᠩᠴᠧᠩ ᠬᠥᠷᠬᠦ ᠲᠦᠷᠭᠡᠨ ᠤ ᠵᠠᠮ᠂ ᠮᠤᠵᠢ ᠶᠢᠨ ᠵᠠᠮ ᠤᠨ 311 ᠱᠤᠭᠤᠮ ᠤᠨ ᠦᠴᠤᠸᠠᠨ ᠠᠴᠠ ᠶᠠᠩ ᠱᠦ ᠪᠠ ᠳᠠᠪᠠᠭ᠎ᠠ ᠬᠦᠷᠬᠦ ᠵᠡᠷᠭᠡ ᠵᠠᠰᠠᠮᠠᠯ ᠵᠠᠮ ᠤᠨ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠥᠬᠡᠬᠤᠲᠠ ᠠᠴᠠ ᠪᠤᠭᠤᠲᠤ ᠬᠦᠷᠬᠦ᠂ ᠬᠥᠬᠡᠬᠤᠲᠠ — ᠱᠦᠸᠧᠵᠸᠦ — ᠲᠠᠶᠢᠶᠤᠸᠠᠨ ᠤ ᠲᠦᠷᠭᠡᠨ ᠤ ᠲᠡᠮᠦᠷ ᠵᠠᠮ᠂ ᠬᠥᠬᠡᠬᠤᠲᠠ — ᠤᠷᠳᠤᠰ ᠤᠨ ᠬᠤᠲᠠ ᠶᠢᠨ ᠬᠤᠭᠤᠷᠣᠨᠳᠣᠬᠢ ᠳᠡᠮᠤᠷ ᠵᠠᠮ᠂ ᠬᠤ᠋ ᠴᠢᠩ ᠲᠦᠷᠭᠡᠨ ᠤ ᠵᠠᠮ ᠵᠡᠷᠭᠡ ᠴᠢᠬᠤᠯᠠ ᠶᠡᠭᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤᠨ ᠠᠵᠢᠯ ᠢ ᠳᠥᠯᠭᠢᠨ ᠠᠬᠢᠭᠤᠯᠤᠨ᠎ᠠ  ᠃ ᠪᠦᠬᠦ ᠵᠢᠯ ᠳᠤ ᠬᠡᠷᠡᠭᠵᠢᠬᠦᠯᠬᠦ 5000 ᠲᠦᠮᠡᠨ ᠲᠥᠭᠦᠷᠢᠭ ᠠᠴᠠ ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ 300 ᠠᠴᠠ ᠪᠠᠭ᠎ᠠ ᠪᠠᠶᠢᠯᠭᠠᠬᠤ ᠦᠭᠡᠢ  ᠃      ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠬᠦᠴᠦᠲᠡᠶ ᠠᠬᠢᠭᠤᠯᠤᠨ᠎ᠠ᠃ ︽ᠬᠦᠭᠵᠢᠯᠲᠡ ᠪᠣᠯ ᠲᠡᠷᠢᠭᠦᠨ ᠴᠢᠬᠤᠯᠠ ᠡᠭᠦᠷᠭᠡ᠂ ᠲᠥᠷᠥᠯ ᠵᠦᠢᠯ ᠪᠣᠯ ᠨᠢᠭᠡᠳᠦᠭᠡᠷ ᠭᠠᠷᠳᠠᠴᠠ᠂ ᠬᠤᠳᠠᠯᠳᠤᠭᠠᠴᠢᠨ ᠤᠷᠢᠬᠤ ᠪᠣᠯ ᠨᠢᠭᠡᠳᠦᠭᠡᠷ ᠠᠷᠭ᠎ᠠ ᠵᠠᠮ ᠮᠥᠨ︾ ᠭᠡᠬᠦ ᠦᠵᠡᠯ ᠤᠬᠠᠮᠰᠠᠷ ᠢ ᠪᠣᠢ ᠪᠣᠯᠭᠠᠵᠤ᠂ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠤᠭᠤᠷᠢᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ︽ᠬᠤᠲᠠ ᠰᠢᠶᠠᠨ ᠤ ᠳᠠᠷᠤᠭ᠎ᠠ ᠶᠢᠨ ᠲᠥᠷᠥᠯ ᠵᠦᠢᠯ︾ ᠤᠨ ᠢᠨᠵᠧᠨᠧᠷᠢᠩ ᠢ ᠬᠡᠷᠡᠭᠵᠢᠭᠦᠯᠦᠨ᠂ ᠬᠢᠨᠠᠨ ᠰᠢᠯᠭᠠᠵᠤ ᠵᠣᠷᠢᠭᠵᠢᠭᠤᠯᠬᠤ ᠲᠣᠭᠲᠠᠴᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠵᠤ᠂ ︽ᠲᠥᠷᠥᠯ ᠵᠦᠢᠯ ᠢ ᠶᠡᠬᠡᠪᠡᠷ ᠠᠳᠬᠤᠵᠤ᠂ ᠶᠡᠭᠡ ᠲᠥᠷᠥᠯ ᠵᠦᠢᠯ ᠢ ᠠᠳᠬᠤᠬᠤ︾ ᠬᠦᠴᠦᠷᠬᠡᠭ ᠶᠡᠭᠡ ᠨᠡᠶᠢᠯᠡᠯ ᠬᠦᠴᠦᠨ ᠢ ᠪᠣᠶ ᠪᠣᠯᠭᠠᠨ᠎ᠠ᠃ ᠨᠠᠷᠢᠯᠢᠭ ᠣᠨᠣᠴᠠᠲᠠᠶ ᠪᠠᠷ ᠲᠥᠷᠥᠯ ᠵᠦᠢᠯ ᠢ ᠵᠣᠯᠭᠠᠭᠤᠯᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠣᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠳᠠᠶᠢᠴᠢᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠪᠡᠭᠡᠵᠢᠩ ᠲᠢᠶᠠᠨᠵᠢᠨ ᠡᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠪᠠᠶᠢᠩᠭᠤ ᠶᠢᠨ ᠴᠢᠨᠠᠷᠳᠠᠢ ᠥᠷᠨᠢᠬᠦᠯᠵᠦ᠂ ᠰᠢᠨ᠎ᠡ ᠪᠠᠷ ᠤᠷᠤᠭᠤᠯᠬᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ 100 ᠠᠴᠠ ᠪᠠᠭ᠎ᠠ ᠦᠭᠡᠢ ᠪᠠᠶᠢᠯᠭᠠᠵᠤ᠂ 200 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠮᠥᠩᠭᠦ ᠶᠢ ᠪᠡᠯᠡᠨ ᠪᠤᠯᠭᠠᠨ᠎ᠠ᠃ ︽ᠬᠤᠳᠠᠯᠳᠤᠭᠠᠴᠢᠨ ᠤᠷᠢᠬᠤ ᠲᠥᠷᠥᠯ ᠵᠦᠢᠯ ᠢ ᠪᠣᠳᠠᠲᠠᠶᠢᠵᠢᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠦᠷᠦᠯ ᠵᠦᠢᠯ ᠢ ᠬᠡᠯᠡᠯᠴᠡᠬᠦ᠂ ᠭᠡᠷ᠎ᠡ ᠲᠣᠭᠲᠠᠬᠤ᠂ ᠪᠤᠳᠠᠳᠠᠶᠢᠵᠢᠭᠤᠯᠬᠤ᠂ ᠠᠰᠢᠭᠯᠠᠯᠲᠠ ᠳᠤ ᠤᠷᠤᠭᠤᠯᠬᠤ ︽ᠪᠥᠬᠦ ᠴᠤᠪᠤᠷᠠᠯ ᠤᠨ ᠦᠢᠯᠡᠴᠢᠯᠡᠭᠡ︾ ᠶᠢ ᠰᠠᠶᠢᠳᠤᠷ ᠬᠢᠵᠦ᠂ ᠬᠢᠨᠠᠨ ᠵᠥᠪᠰᠢᠶᠡᠷᠡᠬᠦ ᠵᠦᠢᠯᠡᠰ ᠢ ᠳᠠᠭᠠᠭᠤᠯᠤᠨ ᠬᠦᠢᠴᠡᠳᠭᠡᠬᠦ᠂ ᠣᠷᠣᠯᠠᠨ ᠭᠦᠢᠴᠡᠳᠭᠡᠬᠦ ᠶᠢ ᠬᠡᠷᠡᠭᠵᠢᠬᠦᠯᠵᠦ᠂ ᠲᠥᠷᠥᠯ  ᠵᠦᠢᠯ ᠢ ᠪᠤᠳᠠᠳᠠᠶᠢᠵᠢᠭᠤᠯᠤᠨ  ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠪᠠᠳᠤᠯᠠᠨ᠎ᠠ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠪᠠ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ 9 ᠵᠣᠷᠪᠤᠰ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠭᠠᠷᠬᠤ᠂ ᠭᠠᠶᠢᠯᠢ ᠶᠢᠨ ᠶᠠᠪᠤᠳᠠᠯ᠂ ᠡᠮᠴᠢᠯᠡᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ ᠠᠦ᠋ᠲ᠋ᠤ᠋ ᠦᠢᠯᠡᠴᠢᠯᠡᠭᠡ ᠶᠢᠨ ᠦᠵᠦᠭᠦᠷᠯᠢᠭ ᠢ ᠡᠯ᠎ᠡ ᠱᠠᠲᠤᠨ ᠤ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ︽24 ᠴᠠᠭ ᠤᠨ ᠵᠠᠰᠠᠭ ᠤᠨ ᠶᠠᠪᠤᠳᠠᠯ ᠤᠨ ᠬᠡᠳᠦ ᠳᠡᠯᠭᠡᠭᠦᠷ︾ ᠢ ᠴᠤᠭᠴᠠᠯᠠᠨ᠎ᠠ︔ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠠᠴᠠ ᠠᠪᠤᠭᠠᠳ ᠤᠬᠤᠷᠢᠨ ᠭᠠᠷᠬᠤ ᠬᠦᠷᠲᠡᠯᠡᠬᠢ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠲᠣᠭᠤᠷᠢᠨ ᠳᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠬᠦᠢᠴᠡᠳᠭᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠭᠠᠷᠭᠠᠵᠤ ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠴᠠᠭ ᠢ ᠬᠠᠭᠠᠰ ᠠᠵᠢᠯ ᠤᠨ ᠡᠳᠦᠷ ᠪᠣᠯᠭᠠᠵᠤ ᠪᠣᠭᠤᠨᠢᠰᠬᠠᠨ᠎ᠠ︔ ᠠᠭᠤᠯᠵᠠᠬᠤ ᠦᠭᠡᠶ ᠪᠠᠷ ᠬᠢᠨᠠᠨ ᠵᠥᠪᠰᠢᠶᠡᠷᠡᠬᠦ ᠵᠦᠢᠯᠡᠰ ᠢ ᠥᠷᠭᠡᠳᠬᠡᠭᠡᠳ 100 ᠵᠦᠢᠯ ᠪᠣᠯᠭᠠᠵᠤ᠂ ᠣᠯᠠᠨ ᠨᠡᠶᠢᠲᠡ ᠶᠢᠨ ᠦᠢᠯᠡᠴᠢᠯᠡᠭᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 50 ᠵᠦᠢᠯᠡᠰ ᠢ ᠰᠢᠯᠵᠢᠮᠡᠯ ᠦᠵᠦᠭᠦᠷᠯᠢᠭ ᠲᠤ ᠭᠦᠢᠴᠡᠳᠭᠡᠬᠦ ᠶᠢ ᠪᠡᠶᠡᠯᠡᠭᠦᠯᠦᠨ᠎ᠡ︔ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠂ ᠢᠲᠡᠭᠡᠯ ᠠᠯᠳᠠᠭᠰᠠᠨ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠵᠦ ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠵᠤ᠂ ᠲᠥᠪ ᠭᠤᠣᠯᠴᠢ᠂ ᠡᠷᠬᠡ ᠲᠡᠭᠰᠢ᠂ ᠠᠮᠤᠷ ᠲᠦᠪᠰᠢᠨ᠂ ᠵᠢᠱᠢᠵᠦ ᠪᠣᠯᠬᠤᠶᠢᠴᠠ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ ᠃ ᠵᠠᠰᠠᠭ ᠤᠨ ᠣᠷᠳᠣᠨ ᠤ ᠪᠡᠶᠡᠯᠡᠭᠦᠯᠦᠭᠡᠳᠦᠢ ᠪᠤᠶ ᠪᠦᠬᠦᠢ ᠠᠮᠠᠯᠠᠯᠲᠠ ᠶᠢ ᠲᠦᠢᠯᠪᠤᠷᠢᠲᠠᠶ ᠣᠶᠢᠯᠠᠭᠠᠵᠤ᠂ ᠵᠦᠢ ᠶᠤᠰᠤᠨ ᠳᠤ ᠨᠡᠶᠢᠴᠡᠬᠦ ᠠᠮᠠᠯᠠᠯᠲᠠ ᠶᠢ ︽ᠣᠷᠢᠳᠠᠪᠡᠷ ᠪᠤᠷᠤᠭᠤ ᠪᠠᠨ ᠬᠦᠯᠢᠶᠡᠵᠦ ᠳᠠᠷᠠᠭ᠎ᠠ ᠨᠢ ᠪᠡᠶᠡᠯᠡᠭᠦᠯᠦᠨ᠎ᠡ︾︔ ᠵᠠᠰᠠᠭ ᠤᠨ ᠣᠷᠳᠣᠨ ᠤ ᠡᠭᠦᠷᠭᠡ ᠴᠢᠳᠠᠪᠬᠢᠲᠦ ᠰᠠᠯᠠᠭ᠎ᠠ ᠮᠦᠴᠢᠷ ᠠᠴᠠ ᠬᠠᠷᠢᠭᠤᠴᠠᠬᠤ ᠵᠠᠮ ᠱᠤᠭᠤᠮ ᠢ ᠰᠡᠯᠪᠢᠨ ᠵᠠᠰᠠᠬᠤ᠂ ᠨᠤᠷᠠᠭᠠᠵᠤ ᠨᠡᠭᠦᠯᠭᠡᠬᠦ ᠥᠭᠡᠷᠡᠴᠢᠯᠡᠬᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠵᠡᠷᠭᠡ ᠶᠢ ︽ᠤᠷᠢᠳᠠᠪᠠᠷ ᠵᠠᠷᠯᠠᠨ ᠨᠡᠶᠢᠲᠡᠯᠡᠵᠦ ᠳᠠᠷᠠᠭ᠎ᠠ ᠨᠢ ᠭᠦᠢᠴᠡᠳᠬᠡᠨ᠎ᠡ︾᠃ ᠠᠵᠤ ᠠᠬᠤᠶᠢᠯᠠᠯ ᠪᠠ ᠣᠯᠠᠨ ᠲᠦᠮᠡᠨ ᠳᠤ ᠤᠴᠢᠷ ᠶᠠᠪᠤᠳᠠᠯ ᠭᠦᠢᠴᠡᠳᠬᠡᠬᠦ ᠳᠤ ︽ᠨᠢᠭᠡ ᠤᠳᠠᠭ᠎ᠠ ᠳᠤ ᠮᠡᠳᠡᠭᠳᠡᠵᠦ ᠨᠢᠭᠡ ᠯᠡ ᠤᠳᠠᠭ᠎ᠠ ᠳᠤ ᠰᠢᠢᠳᠪᠦᠷᠢᠯᠡᠨ᠎ᠡ︾ ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠶᠠᠪᠤᠯᠴᠠᠭ᠎ᠠ ᠶᠢᠨ ᠵᠥᠪ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠦᠭᠴᠦ᠂ ᠰᠠᠶᠢᠳᠤᠷ ᠦᠢᠯᠡᠴᠢᠯᠡᠵᠦ᠂ ᠠᠵᠤ ᠠᠬᠤᠶᠢᠯᠠᠯ ᠢ ᠥᠯᠡᠳᠡᠭᠡᠨ ᠠᠪᠴᠤ᠂ ᠰᠠᠶᠢᠲᠤᠷ ᠬᠦᠭᠵᠢᠬᠦᠯᠦᠨ᠎ᠡ᠂ ᠮᠠᠨ ᠤ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠳᠤ ᠠᠯᠢ ᠲᠦᠷᠭᠡᠨ ᠢᠶᠠᠷ ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠵᠤ᠂ ᠤᠷᠤᠨ ᠤ ᠲᠥᠪ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ︽ᠡᠷᠬᠢᠯᠲᠡ ᠶᠢᠨ ᠲᠠᠶᠢᠯᠠᠯᠳᠤᠭᠠᠨ︾ ᠤ ᠢᠯᠠᠯᠲᠠ ᠶᠢ ᠵᠠᠪᠠᠯ ᠤᠯᠤᠨ᠎ᠠ᠃      ︵ᠬᠤᠶᠠᠷ︶ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠳᠤᠮᠳᠠ ᠤᠷᠤᠨ ᠤ ᠲᠥᠪ ᠤᠨ ᠰᠢᠨ᠎ᠡ ᠳᠠᠪᠠᠭᠤᠯᠢᠭ ᠢ ᠪᠣᠶ ᠪᠣᠯᠭᠠᠨ᠎ᠠ      ᠳᠠᠪᠠᠭᠤᠯᠢᠭ ᠤᠨᠴᠠᠯᠢᠭᠳᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠰᠦᠨ ᠤ ᠠᠵᠤ ᠦᠢᠯᠡᠰ ᠢᠯᠢ᠂ ᠮᠧᠩ ᠨᠢᠤ ᠶᠢᠨ ᠬᠤᠶᠠᠷ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠢᠯᠢ ᠶᠢᠨ ᠣᠲᠣ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠥᠨᠳᠡᠶ ᠶᠢᠨ ᠰᠢᠩᠭᠡᠨ ᠲᠥᠯᠦᠪᠲᠦ ᠰᠦ ᠶᠢᠨ ᠦᠢᠯᠡᠳᠪᠦᠷᠢ ᠶᠢᠨ ᠨᠢᠭᠡᠳᠦᠭᠡᠷ ᠬᠤᠭᠤᠴᠠᠭ᠎ᠠ ᠵᠢᠴᠢ ᠤᠯᠤᠰ ᠤᠨ ᠡᠭᠦᠳᠦᠯᠲᠡ ᠶᠢᠨ ᠲᠥᠪ᠂ ᠪᠠᠷᠠᠭᠠᠨ ᠤ ᠬᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠠᠵᠤ  ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠡᠬᠢᠯᠡᠵᠦ ᠪᠦᠲᠦᠭᠡᠨ ᠪᠠᠶᠢᠭᠤᠯᠤᠨ᠎ᠠ︔ ᠮᠧᠩ ᠨᠢᠦ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠪᠦᠬᠦ ᠪᠦᠮᠪᠦᠷᠴᠡᠩ ᠤᠨ ᠶᠠᠰᠤ ᠴᠢᠨᠠᠷ ᠤᠨ ᠲᠥᠪ᠂ ᠰᠤᠳᠤᠯᠤᠨ ᠨᠡᠭᠡᠭᠡᠬᠦ ᠲᠥᠪ ᠤᠨ ᠲᠦᠷᠦᠯ ᠵᠦᠢᠯ ᠢ ᠬᠡᠷᠡᠭᠵᠢᠬᠦᠯᠵᠦ᠂ ᠲᠤᠤᠷ᠎ᠠ ᠲᠤᠯᠠᠭᠠᠨ᠂ ᠲᠦᠭᠦᠬᠡᠢ ᠰᠦ᠂  ᠪᠢᠰᠢᠯᠠᠭ ᠤᠨ ᠭᠤᠷᠪᠠᠨ ᠦᠢᠯᠡᠳᠪᠦᠷᠢ ᠶᠢ ᠡᠬᠢᠯᠡᠵᠦ ᠪᠦᠲᠦᠭᠡᠨ ᠪᠠᠶᠢᠭᠤᠯᠤᠨ᠎ᠠ︔ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ10 ᠠᠴᠠ ᠲᠡᠭᠡᠭᠰᠢ ᠶᠢ ᠢᠵᠢᠯ ᠠᠯᠬᠤᠮ ᠢᠶᠠᠷ ᠰᠢᠨ᠎ᠡ ᠪᠠᠷ ᠪᠠᠶᠢᠭᠤᠯᠵᠤ᠂ 15 ᠶᠢ ᠦᠷᠭᠦᠯᠵᠢᠯᠡᠨ ᠪᠠᠶᠢᠭᠤᠯᠤᠨ᠂ ᠵᠢᠯ ᠤᠨ ᠳᠣᠲᠤᠷ᠎ᠠ ᠰᠠᠭᠠᠯᠢ ᠶᠢᠨ ᠦᠨᠢᠶ᠎ᠡ ᠶᠢ 5 ᠲᠦᠮᠡᠨ ᠲᠤᠯᠤᠭᠠᠢ ᠰᠢᠨ᠎ᠡ ᠪᠠᠷ ᠨᠡᠮᠡᠭᠳᠡᠭᠦᠯᠦᠨ᠎ᠡ᠃ ᠣᠳᠣ ᠥᠶ᠎ᠡ ᠶᠢᠨ ᠡᠨᠧᠷᠭᠢ ᠶᠢᠨ ᠠᠵᠤ ᠦᠢᠯᠡᠰ ︽ᠡᠨᠧᠷᠭᠢ ᠶᠢᠨ ᠬᠤᠷᠤᠭᠲᠠᠯ ᠤᠨ ᠬᠤᠣᠰ ᠡᠵᠡᠮᠳᠡᠯ︾ ᠤᠨ ᠱᠠᠭᠠᠷᠳᠠᠯᠭ᠎ᠠ ᠶᠣᠰᠣᠭᠠᠷ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠠᠷᠢᠭᠤᠨ ᠴᠡᠪᠡᠷ ᠦᠢᠯᠡᠳᠪᠦᠷᠢᠯᠡᠯ ᠢ ᠰᠠᠶᠢᠲᠤᠷ ᠠᠳᠬᠤᠵᠤ᠂ ᠵᠢᠤ ᠲᠠᠢ ᠶᠢᠨ 100 ᠲᠦᠮᠡᠨ ᠲᠣᠨ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠤᠢ ᠶᠠᠩ ᠵᠦᠩ ᠷᠠᠨ ᠤ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠠᠵᠤ ᠦᠢᠯᠡᠰ ᠤᠨ ᠬᠡᠯᠬᠢᠶ᠎ᠡ ᠶᠢᠨ ᠤᠷᠳᠤᠳᠬᠠᠯ ᠲᠥᠷᠥᠯ ᠵᠦᠢᠯ ᠢ ᠬᠡᠷᠡᠭᠵᠢᠬᠦᠯᠬᠦ ᠶᠢ ᠵᠣᠷᠢᠭᠵᠢᠭᠤᠯᠵᠤ ᠬᠦᠳᠦᠯᠦᠨ ᠲᠠᠭᠠᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠶᠢᠨ ᠢᠦᠶ ᠣᠯᠠᠨ ᠤᠯᠤᠰ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠡᠮ ᠤᠨ ᠦᠢᠯᠡᠳᠬᠡᠯ ᠲᠤᠷᠰᠢᠯᠲᠠ ᠶᠢᠨ ᠡᠮ᠂ ᠲᠠᠷᠢᠯᠭ᠎ᠠ ᠶᠢᠨ ᠡᠮ᠂ ᠦᠷᠢᠯ ᠡᠮ ᠵᠢᠴᠢ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠬᠡᠯᠪᠡᠷᠢ ᠲᠡᠶᠢᠰᠢ ᠰᠢᠯᠵᠢᠬᠦ ᠶᠢ ᠢᠳᠡᠪᠬᠢᠳᠡᠢ ᠠᠬᠢᠭᠤᠯᠵᠤ᠂ ᠳᠡᠯᠡᠬᠡᠶ ᠶᠢᠨ ᠳᠡᠰ ᠤᠨ ᠠᠮᠢᠲᠠᠨ ᠤ ᠸᠠᠺᠼᠢᠨ ᠢ ᠦᠢᠯᠡᠳᠪᠦᠷᠢᠯᠡᠬᠦ ᠪᠠ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠥᠯᠥᠪᠯᠡᠭᠡ ᠶᠢᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠵᠦᠩ ᠬᠤᠸᠠᠨ ᠤ ᠲᠠᠪᠤᠳᠤᠭᠠᠷ ᠬᠤᠭᠤᠴᠠᠭ᠎ᠠ ᠵᠢᠴᠢ ᠴᠢᠳᠠᠪᠤᠷᠢ ᠶᠢ ᠦᠷᠭᠡᠳᠭᠡᠬᠦ᠂ ᠬᠤᠸᠠ ᠶᠤᠤ ᠭᠡᠷᠡᠯ ᠴᠠᠬᠢᠯᠭᠠᠨ ᠦᠢᠯᠡᠳᠪᠦᠷᠢᠯᠡᠯ ᠢᠶᠠᠨ ᠪᠡᠶᠡᠯᠡᠭᠦᠯᠵᠦ ᠦᠷ᠎ᠡ ᠪᠦᠲᠦᠮᠵᠢ ᠣᠯᠬᠤ ᠶᠢ ᠪᠠᠳᠤᠯᠠᠵᠤ᠂ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠳᠣᠤᠷᠠᠳᠤ ᠤᠷᠤᠰᠬᠠᠯ ᠤᠨ ᠲᠦᠷᠦᠯ ᠵᠦᠢᠯ ᠢ ᠢᠵᠢ ᠪᠥᠷᠢᠳᠦᠭᠦᠯᠦᠨ ᠣᠷᠣᠭᠤᠯᠵᠤ ᠠᠪᠴᠢᠷᠠᠨ᠂ ᠪᠦᠬᠦ ᠤᠯᠤᠰ ᠤᠨ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ᠂ ᠮᠡᠷᠭᠡᠵᠢᠯ ᠢᠶᠠᠷ ᠬᠠᠮᠤᠭ ᠤᠨ ᠰᠢᠯᠢᠳᠡᠭ ᠭᠡᠷᠡᠯ ᠸᠣᠯᠲ ᠤᠨ ᠠᠵᠤ ᠦᠢᠯᠡᠰ ᠤᠨ ᠰᠠᠭᠤᠷᠢᠨ ᠢ ᠪᠠᠶᠢᠭᠤᠯᠤᠨ᠎ᠠ᠃ ᠲᠤᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ︽ᠪᠤᠳᠤᠵᠤ ᠬᠠᠳᠠᠭᠠᠯᠠᠬᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠲᠤᠮᠤ ᠳ᠋ᠡᠶᠢᠲ᠋ᠠ ᠶᠢᠨ ᠦᠢᠯᠡᠴᠢᠯᠡᠭᠦᠷ ᠢ 28 ᠲᠦᠮᠡ ᠶᠢ ᠰᠢᠨ᠎ᠡ ᠪᠠᠷ ᠨᠡᠮᠡᠵᠦ ᠤᠭᠰᠠᠷᠠᠨ᠎ᠠ︔ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ︾ ᠶᠢ ᠢᠳᠡᠪᠬᠢᠲᠡᠶ ᠬᠦᠭᠵᠢᠬᠦᠯᠵᠦ᠂ 2 —3 ᠭᠤᠤᠯᠳᠠᠯᠭ᠎ᠠ ᠲᠠᠢ ᠠᠵᠢᠯ ᠲᠥᠷᠥᠯ ᠤᠨ ᠬᠦᠲᠦᠴᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠳᠣᠲᠣᠭᠠᠳᠤ ᠰᠦᠯᠵᠢᠶ᠎ᠡ ᠶᠢ ᠥᠭᠡᠷᠡᠴᠢᠯᠡᠨ ᠲᠠᠰ ᠲᠡᠪᠰᠢᠬᠦᠯᠬᠦ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠤᠨ ᠡᠭᠦᠯᠡᠨ ᠳᠤ ᠭᠠᠷᠬᠤ ᠠᠵᠢᠯᠯᠠᠭ᠎ᠠ ᠶᠢ ᠢᠵᠢᠯ ᠠᠯᠬᠤᠮ ᠢᠶᠠᠷ ᠥᠷᠨᠢᠭᠦᠯᠵᠦ᠂ ᠲᠣᠭᠠᠴᠢᠯᠠᠭᠰᠠᠨ ᠠᠵᠤ ᠠᠬᠤᠶ ᠪᠠ ᠤᠯᠠᠮᠵᠢᠯᠠᠯᠲᠤ ᠠᠵᠤ ᠦᠢᠯᠡᠰ ᠤᠨ ᠬᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠤ ᠭᠠᠷᠬᠤ ︽ᠰᠠᠭᠠᠳ ᠦᠭᠡᠶ ᠨᠡᠪᠲᠡᠷᠡᠬᠦ ᠵᠠᠮ︾ ᠢ ᠪᠠᠶᠢᠭᠤᠯᠵᠤ᠂ ᠧᠤ ᠵᠢᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 5 ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠤ ᠭᠠᠷᠬᠤ ᠶᠢ ᠪᠤᠶᠢᠵᠢᠭᠤᠯᠤᠨ ᠠᠬᠢᠭᠤᠯᠤᠨ᠎ᠠ᠃      ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠭᠠᠯᠲᠤ ᠲᠡᠷᠭᠡᠨ ᠤ ᠵᠡᠭᠦᠨ ᠥᠷᠲᠡᠭᠡᠨ ᠤ ᠰᠢᠨ᠎ᠡ ᠬᠤᠳᠠᠯᠳᠤᠭᠠᠨ ᠤ ᠲᠣᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ 2 ᠢ ᠪᠠᠶᠢᠭᠤᠯᠵᠤ ᠠᠰᠢᠭᠯᠠᠯᠲᠠ ᠳᠤ ᠤᠷᠤᠭᠤᠯᠤᠨ᠂ ᠥᠪᠥᠷ ᠮᠣᠩᠭᠤᠯ ᠤᠨ SKP ᠶᠢᠨ ᠬᠤᠰᠢᠭᠤᠴᠢ ᠳᠡᠯᠭᠡᠭᠦᠷ ᠤᠨ ᠲᠥᠷᠥᠯ ᠵᠦᠢᠯ ᠢ ᠡᠬᠢᠯᠡᠭᠦᠯᠵᠦ᠂ ᠰᠢᠨ᠎ᠡ ᠪᠠᠷ ᠪᠠᠶᠢᠭᠤᠯᠬᠤ ᠲᠦᠷᠦᠯ ᠲᠡᠮᠳᠡᠭᠲᠦ ᠶᠢᠨ ᠬᠡᠯᠬᠢᠶᠡᠲᠦ ᠳᠦᠲᠡ ᠳᠡᠯᠭᠡᠭᠦᠷ ᠢ 100  ᠠᠴᠠ ᠲᠤᠤᠷ᠎ᠠ ᠪᠠᠶᠢᠯᠭᠠᠬᠤ ᠦᠭᠡᠢ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠦᠩ ᠨᠥᠩ ᠯᠢᠶᠠᠨ ᠤ ᠣᠯᠠᠨ ᠤᠯᠤᠰ ᠤᠨ  ᠬᠦᠢᠳᠡᠨ ᠬᠡᠯᠬᠢᠶᠡᠨ ᠤ ᠠᠵᠤ ᠦᠢᠯᠡᠰ ᠤᠨ ᠬᠦᠷᠢᠶᠡᠯᠡᠩ ᠢ ᠪᠤᠳᠠᠳᠠᠶᠢᠵᠢᠭᠤᠯᠬᠤ ᠶᠢ ᠲᠦᠷᠭᠡᠳᠬᠡᠵᠦ᠂ ᠶᠦᠨ ᠳ᠋ᠡ᠂ ᠱᠧᠨ ᠲᠦᠩ ᠵᠡᠷᠭᠡ ᠡᠯᠧᠺᠲᠷᠣᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃   ᠶᠢᠨ ᠴᠢᠶᠤᠤ᠂ ᠶᠢᠨ ᠴᠤᠸᠠᠨ ᠤ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠤᠷᠤᠨ ᠨᠤᠲᠤᠭ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ 5 ᠠᠴᠠ ᠳᠡᠭᠡᠭᠰᠢ ᠶᠢ ᠪᠤᠶᠢᠵᠢᠭᠤᠯᠤᠨ᠎ᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠣᠯᠠᠨ ᠤᠯᠤᠰ ᠤᠨ ᠰᠦ ᠶᠢᠨ ᠦᠢᠯᠡᠰ ᠤᠨ ᠶᠡᠭᠡ ᠬᠤᠷᠠᠯ ᠵᠡᠷᠭᠡ ᠬᠤᠷᠠᠯ ᠦᠵᠡᠰᠬᠦᠯᠡᠩ ᠤᠨ ᠠᠵᠢᠯᠯᠠᠭ᠎ᠠ ᠶᠢ ᠲᠠᠭᠠᠭᠠᠴᠢᠯᠠᠨ ᠡᠷᠬᠢᠯᠡᠵᠦ᠂ ᠵᠠᠬ᠎ᠠ ᠳᠡᠯᠭᠡᠭᠦᠷᠴᠢᠯᠡᠭᠰᠡᠨ ᠦᠵᠡᠰᠬᠦᠯᠡᠩ ᠡᠷᠬᠢᠯᠡᠬᠦ ᠬᠤᠷᠠᠯ ᠡᠷᠬᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃      ︵ᠭᠤᠷᠪᠠ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠳᠤᠮᠳᠠ ᠤᠷᠤᠨ ᠤ ᠲᠥᠪ ᠤᠨ ᠰᠢᠨ᠎ᠡ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ      ᠠᠮᠢ ᠠᠬᠤᠶ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠤᠭᠴᠠᠯᠠᠬᠤ ᠳᠤ ᠰᠠᠭᠤᠷᠢᠯᠠᠨ᠂ ︽ᠣᠶ ᠰᠢᠭᠤᠶ  ᠨᠤᠲᠤᠭ ᠪᠡᠯᠴᠢᠭᠡᠷ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠮᠡᠳᠡᠭᠡ ᠵᠠᠩᠭᠢᠴᠢᠯᠠᠯᠲᠠ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠶᠢ ᠲᠥᠷᠭᠡᠳᠭᠡᠵᠦ᠂ ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠰᠡᠷᠭᠦᠭᠡᠨ ᠵᠠᠰᠠᠬᠤ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠬᠦᠯᠦᠨ᠎ᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠤᠢ ᠰᠢᠭᠤᠢ ᠶᠢᠨ ᠬᠠᠮᠠᠭᠠᠯᠠᠯᠲᠠ ᠶᠢᠨ ᠬᠤᠶᠠᠳᠤᠭᠠᠷ ᠬᠤᠭᠤᠴᠠᠭ᠎ᠠ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠠᠷᠠᠳ ᠤᠨ ᠤᠯᠠᠨ ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ ᠠᠯᠪᠠᠨ ᠵᠢᠷᠤᠮ ᠤᠨ ᠮᠤᠳᠤ ᠲᠠᠷᠢᠬᠤ ᠳᠤ ᠤᠷᠤᠯᠴᠠᠬᠤ ᠶᠢ ᠰᠠᠨᠠᠭᠠᠴᠢᠯᠠᠨ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ 40 ᠲᠦᠮᠡᠨ ᠮᠦ ᠪᠡᠶᠡᠯᠡᠭᠦᠯᠦᠨ᠎ᠡ᠃      ︽ᠠᠭᠤᠯᠠ ᠨᠢᠷᠤᠭᠤ ᠭᠤᠣᠯ ᠨᠠᠭᠤᠷ︾ ᠢ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃      ᠳᠠᠯᠠᠨ ᠬᠠᠷ᠎ᠠ ᠠᠭᠤᠯᠠ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠨᠢᠭᠡᠨᠲᠡ ᠤᠬᠤᠷᠢᠭᠤᠯᠤᠨ ᠭᠠᠷᠭᠠᠭᠰᠠᠨ ᠠᠮᠢ ᠠᠬᠤᠢ ᠶᠢᠨ ᠰᠡᠷᠭᠦᠭᠡᠯᠲᠡ ᠪᠠ ᠵᠠᠰᠠᠯᠲᠠ ᠶᠢ ᠭᠤᠤᠯᠳᠠᠯᠭ᠎ᠠ ᠲᠠᠢ ᠠᠳᠬᠤᠵᠤ᠂ ᠤᠷᠤᠨ ᠤ ᠲᠥᠪ ᠤᠨ ᠨᠣᠮᠢᠨ ᠨᠤᠭᠤᠭᠠᠨ ︽ᠠᠷᠤ ᠴᠡᠴᠡᠷᠯᠢᠭ︾ ᠢ ᠴᠤᠭᠴᠠᠯᠠᠨ᠎ᠠ᠃ ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠲᠠᠯ᠎ᠠ ᠨᠤᠲᠤᠭ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠴᠡᠯᠡᠭᠡᠷ ᠲᠠᠯ᠎ᠠ ᠶᠢᠨ ᠪᠠᠷᠠᠭᠤᠨᠰᠢ ᠥᠷᠬᠦᠯᠵᠢᠯᠡᠭᠰᠡᠨ ᠬᠡᠰᠡᠭ ᠤᠨ ᠰᠡᠷᠭᠦᠭᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠴᠡᠯᠡᠭᠡᠷ ᠲᠠᠯ᠎ᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠠᠶᠢᠷᠭᠠᠯ ᠤᠨ ᠰᠠᠭᠤᠭᠠᠯᠢ ᠠᠷᠠᠳ ᠢ ᠨᠡᠭᠦᠯᠭᠡᠨ ᠳᠠᠬᠢᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠭᠤᠤᠯ ᠳᠤ ᠤᠷᠤᠭᠰᠠᠨ ᠪᠤᠬᠢᠷᠳᠤᠯ ᠭᠠᠳᠠᠭᠰᠢᠯᠠᠭᠤᠯᠬᠤ ᠠᠮᠠᠰᠠᠷ ᠤᠨ ᠵᠢᠭᠰᠠᠭᠠᠨ ᠪᠠᠶᠢᠴᠠᠭᠠᠯᠳᠠ ᠴᠡᠭᠴᠡᠯᠡᠨ ᠵᠠᠰᠠᠯᠲᠠ ᠶᠢ ᠥᠷᠨᠢᠬᠦᠯᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠥᠷᠭᠡᠬᠦ ᠶᠢ ᠦᠨᠡᠨᠬᠦ ᠪᠠᠲᠤᠯᠠᠨ᠎ᠠ᠃ ᠬᠠᠷ᠎ᠠ ᠤᠰᠤ ᠨᠠᠭᠤᠷ  ᠤᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠰᠤ ᠲᠠᠲᠠᠵᠤ ᠤᠰᠤ ᠨᠦᠬᠦᠪᠦᠷᠢᠯᠡᠬᠦ᠂ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠪᠣᠭᠤᠮᠲᠠ ᠶᠢᠨ ᠭᠠᠳᠠᠨᠠᠬᠢ ᠰᠢ ᠬᠤ᠋ ᠨᠠᠭᠤᠷ︾ ᠤᠨ ᠭᠤᠶᠤ ᠦᠵᠡᠮᠵᠢ ᠶᠢ ᠳᠠᠬᠢᠨᠲᠠ ᠢᠯᠡᠷᠡᠭᠦᠯᠦᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠠᠭᠠᠷ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠬᠦᠯᠵᠦ᠂ 57 ᠲᠣᠰᠬᠤᠨ᠂ 6.35 ᠲᠦᠮᠡᠨ ᠡᠷᠤᠭᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ︔ ᠳ᠋ᠠ ᠲᠠᠩ ᠤᠨ ᠲᠤᠭᠲᠠᠬᠤ ᠴᠠᠬᠢᠯᠭᠠᠨ ᠭᠠᠷᠭᠠᠬᠤ ᠦᠢᠯᠡᠳᠪᠦᠷᠢ᠂ ᠵᠢᠰᠢᠶ᠎ᠠ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠡᠬᠢᠯᠡᠭᠦᠯᠵᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ 64 ᠺᠢᠯᠣᠮᠧᠲᠷ ᠬᠤᠯᠪᠤᠵᠤ ᠨᠡᠪᠳᠡᠷᠡᠭᠦᠯᠦᠨ᠂ ᠢᠯᠴᠢ ᠬᠠᠩᠭᠠᠬᠤ ᠠᠵᠤ ᠠᠬᠤᠶᠢᠯᠠᠯ ᠢ ᠡᠮᠬᠢᠯᠡᠨ ᠨᠡᠶᠢᠳᠬᠡᠬᠦ ᠶᠢ ᠳᠥᠯᠭᠢᠨ ᠠᠬᠢᠭᠤᠯᠵᠤ᠂ ᠬᠤᠲᠠ ᠶᠢᠨ ᠲᠣᠭᠤᠷᠢᠭ ᠲᠤ ︽ᠨᠢᠭᠡ ᠲᠤᠤᠷ ᠢᠶᠠᠷ ᠢᠯᠴᠢ ᠬᠠᠩᠭᠠᠬᠤ︾ ᠶᠢ ᠪᠡᠶᠡᠯᠡᠭᠦᠯᠦᠨ᠎ᠡ︔ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠸᠠᠷ ᠫᠤᠤᠵᠢᠩ ᠪᠤᠷᠤᠯᠠᠭᠤᠯᠬᠤ ᠲᠠᠯᠪᠢᠬᠤ ᠪᠠ ᠠᠵᠤ ᠦᠢᠯᠡᠳᠪᠦᠷᠢ ᠶᠢᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠷᠤᠨ ᠤ ᠲᠥᠪ ᠤᠨ ᠠᠭᠠᠷ ᠤᠨ ᠴᠢᠨᠠᠷ ᠴᠢᠨᠰᠠᠭ᠎ᠠ ᠶᠢ ᠦᠷᠭᠦᠯᠵᠢᠯᠡᠨ  ᠰᠠᠶᠢᠵᠢᠷᠠᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠬᠡᠷᠡᠭᠵᠢᠭᠦᠯᠵᠦ᠂ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠲᠦᠷᠢᠮ︾ ᠢ ᠲᠤᠭᠲᠠᠭᠠᠵᠤ᠂ ᠭᠤᠣᠯ ᠨᠠᠭᠤᠷ ᠤᠨ ᠡᠷᠭᠢ ᠶᠢᠨ ᠱᠤᠭᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠣᠷᠣᠨ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠬᠠᠯᠢᠭᠤᠲᠤ ᠤᠰᠤᠨ ᠴᠥᠭᠦᠷᠥᠮ᠂ ᠶᠡᠭᠡ ᠲᠥᠷᠭᠡᠨ ᠭᠤᠣᠯ ᠤᠨ ᠬᠠᠭᠤᠴᠢᠨ ᠵᠠᠮ ᠤᠨ ᠬᠥᠮᠦᠨ ᠤ ᠬᠦᠴᠦᠨ ᠤ ᠨᠤᠭᠤ ᠭᠠᠵᠠᠷ ᠢ ᠴᠡᠪᠡᠷᠰᠢᠭᠦᠯᠬᠦ ᠵᠡᠷᠭᠡ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠬᠡᠷᠡᠭᠵᠢᠬᠦᠯᠦᠨ᠎ᠡ︔      ᠲᠤᠭᠲᠠᠬᠤ ᠴᠢᠩ ᠱᠦᠢ ᠡᠾᠧ ᠤᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤᠨ ᠬᠤᠭᠤᠯᠠᠶ ᠶᠢᠨ ᠲᠣᠤᠷ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠠᠲᠤᠨ ᠭᠤᠤᠯ ᠤᠨ ᠤᠰᠤ ᠶᠢ ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠴᠢᠨᠠᠷ ᠬᠤᠪᠢᠶᠠᠨ ᠲᠥᠷᠥᠯ ᠬᠤᠪᠢᠶᠠᠨ ᠤᠰᠤ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠠᠨᠳᠢ ᠶᠢᠨ ᠠᠶᠢᠯ  ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠦ᠂ ᠪᠣᠬᠢᠷ ᠤᠰᠤ ᠰᠢᠢᠳᠪᠦᠷᠢᠯᠡᠬᠦ ᠳᠤ ︽ᠬᠦᠯᠦᠰᠢ ᠮᠠᠭᠤ ᠠᠴᠢᠶ᠎ᠠ ᠬᠦᠨᠳᠦ︾ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠳᠡᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠦᠷᠦᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯᠯᠠᠭ᠎ᠠ ᠶᠢ ᠬᠡᠷᠡᠭᠵᠢᠭᠦᠯᠵᠦ᠂ ᠬᠢᠮᠢ ᠶᠢᠨ ᠪᠤᠷᠳᠤᠭᠤᠷ ᠢ 3. 45% ᠪᠠᠷ ᠪᠠᠭᠠᠰᠬᠠᠵᠤ᠂ ᠲᠠᠷᠢᠶᠠᠨ ᠡᠮ ᠢ 2% ᠢᠶᠠᠷ ᠪᠠᠭᠠᠰᠬᠠᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ 81% ᠠᠴᠠ ᠲᠡᠭᠡᠭᠰᠢ ᠳᠤ ᠬᠦᠷᠦᠭᠦᠯᠦᠨ᠎ᠡ᠃      ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤᠮᠳᠠ ᠤᠷᠤᠨ ᠤ ᠲᠥᠪ ᠤᠨ ᠰᠢᠨ᠎ᠡ ᠣᠷᠣᠨ ᠵᠠᠢ ᠶᠢ ᠥᠷᠭᠡᠳᠬᠡᠨ᠎ᠡ      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠬᠢᠨ᠎ᠡ᠃ ︽ᠲᠠᠪᠤᠨ ᠵᠢᠯ ᠤᠨ ᠰᠢᠯᠵᠢᠯᠲᠡ ᠶᠢᠨ ᠬᠤᠭᠤᠴᠠᠭ᠎ᠠ︾ ᠶᠢᠨ ᠱᠠᠭᠠᠷᠳᠠᠯᠭ᠎ᠠ ᠶᠣᠰᠤᠭᠠᠷ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠵᠦ ᠥᠷᠭᠡᠳᠭᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠤᠭᠲᠠᠴᠠ ᠶᠢ ᠪᠦᠷᠢᠨᠰᠢᠬᠦᠯᠦᠨ ᠲᠡᠭᠦᠯᠳᠡᠷᠵᠢᠬᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠰᠢᠰᠲ᠋ᠧᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠶᠢᠰᠢ ᠪᠥᠬᠦ ᠲᠠᠯ᠎ᠠ ᠪᠠᠷ ᠰᠢᠯᠵᠢᠬᠦᠯᠬᠦ᠂ ᠬᠦᠳᠡᠭᠡ ᠲᠣᠰᠬᠤᠨ ᠤ ᠳᠤᠤᠷ᠎ᠠ ᠤᠷᠤᠯᠭ᠎ᠠ ᠲᠠᠢ ᠬᠥᠮᠦᠨ ᠠᠮᠠ ᠶᠢ ᠪᠠᠶᠢᠩᠭᠤ ᠶᠢᠨ ᠴᠢᠨᠠᠷᠳᠠᠢ ᠬᠠᠪᠰᠤᠷᠤᠨ ᠲᠡᠳᠬᠦᠬᠦ ᠲᠣᠭᠲᠠᠴᠠ ᠶᠢ  ᠪᠦᠷᠢᠨᠰᠢᠭᠦᠯᠬᠦ ᠭᠤᠷᠪᠠᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠠᠵᠢᠯ ᠤᠨ ᠪᠠᠶᠢᠭᠤᠯᠤᠮᠵᠢ᠂ ᠶᠠᠳᠠᠭᠤ ᠶᠢ ᠲᠡᠳᠬᠦᠬᠦ ᠺᠠᠳ᠋ᠷ᠂ ᠲᠣᠰᠬᠤᠨ ᠳᠤ ᠰᠠᠭᠤᠬᠤ ᠺᠠᠳ᠋ᠷ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠬᠢᠨᠠᠨ ᠰᠢᠯᠭᠠᠵᠤ ᠬᠠᠪᠰᠤᠷᠤᠨ ᠲᠡᠳᠬᠦᠬᠦ ᠵᠡᠷᠭᠡ ᠠᠵᠢᠯ ᠢ ᠲᠤᠬᠢᠷᠠᠭᠤᠯᠵᠤ ᠵᠤᠯᠭᠠᠭᠤᠯᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠰᠢᠶᠠᠨ ᠨᠢᠭᠡᠪᠦᠷᠢ 2 — 3 ᠭᠤᠣᠯᠯᠠᠬᠤ ᠤᠨᠴᠠᠯᠢᠭᠳᠤ ᠠᠵᠤ ᠦᠢᠯᠡᠰ ᠢ ᠲᠥᠪᠯᠡᠷᠡᠭᠦᠯᠦᠨ ᠪᠤᠶ ᠪᠣᠯᠭᠠᠵᠤ᠂ ᠬᠡᠪᠴᠢᠶᠡᠨ ᠤ ᠨᠦᠯᠦᠭᠡ ᠶᠢ ᠪᠤᠶ ᠪᠣᠯᠭᠠᠵᠤ᠂ ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠠᠩ ᠥᠷᠭᠡᠨ ᠬᠦᠷᠢᠶ᠎ᠡ ᠴᠠᠷᠠᠭ᠎ᠠ᠂ ᠨᠠᠩ ᠥᠨᠳᠥᠷ ᠲᠠᠰ ᠳᠠᠪᠬᠤᠷᠭ᠎ᠠ ᠶᠢᠨ ᠬᠦᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃      ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ᠎ᠡ᠃  51.2 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠡᠬᠢᠯᠡᠭᠦᠯᠵᠦ᠂ 15 ᠲᠦᠮᠡᠨ ᠮᠥ ᠲᠠᠷᠢᠶᠠᠨ ᠭᠠᠵᠠᠷ ᠲᠤ ᠡᠭᠡᠯᠵᠢᠯᠡᠨ ᠳᠠᠷᠢᠬᠤ ᠲᠥᠷᠥᠯ ᠵᠦᠢᠯ ᠢ ᠬᠡᠷᠡᠭᠵᠢᠭᠦᠯᠵᠦ᠂ 8 ︽ᠵᠠᠭᠤᠨ ᠲᠦᠮᠡᠨ ᠤ ᠲᠠᠰ︾ ᠤᠨ ᠠᠮᠢ ᠠᠬᠤᠶ ᠶᠢᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠬᠡᠰᠡᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ᠂ ᠡᠷᠴᠢᠮᠵᠢᠭᠰᠡᠨ᠂ ᠬᠡᠪᠴᠢᠶᠡᠵᠢᠭᠰᠡᠨ ᠬᠦᠭᠵᠢᠯᠲᠡ ᠶᠢ ᠠᠬᠢᠭᠤᠯᠤᠨ᠎ᠠ᠃ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠲᠥᠬᠦᠭᠡᠷᠦᠮᠵᠢᠲᠦ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 1000 ᠮᠥ᠂ ᠵᠠᠳᠠᠭᠠᠶ ᠭᠠᠵᠠᠷ ᠤᠨ ᠨᠣᠭᠤᠭ᠎ᠠ ᠶᠢ 3 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠎ᠡ᠃ ᠨᠢᠭᠡ ᠪᠦᠯᠦᠭ ᠲᠠᠷᠢᠶᠠᠯᠠᠩ ᠤᠨ ᠴᠢᠨᠠᠷ ᠰᠠᠶᠢᠲᠠᠶ ᠡᠭᠦᠯᠳᠡᠷ ᠢ ᠣᠷᠣᠭᠤᠯᠤᠨ ᠳᠡᠯᠭᠡᠷᠡᠭᠦᠯᠵᠦ᠂ ᠨᠢᠭᠡ ᠪᠦᠯᠦᠭ ᠤᠢᠢᠷ᠎ᠠ ᠲᠡᠬᠦᠷᠭᠡ ᠶᠢᠨ ᠤᠯᠠᠨ ᠴᠢᠳᠠᠪᠬᠢᠲᠦ ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠨᠠᠷᠢᠨ ᠨᠢᠮᠪᠠᠶ ᠪᠠᠶᠢᠭᠤᠯᠤᠨ᠎ᠠ᠃ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠲᠥᠷᠥᠯ ᠤᠨ ᠴᠢᠨᠠᠷ ᠰᠠᠶᠢᠲᠠᠶ ᠡᠪᠡᠰᠦ ᠪᠣᠷᠳᠣᠭᠠᠨ ᠤ  ᠲᠠᠯᠠᠪᠠᠢ ᠶᠢ 25 ᠲᠦᠮᠡᠨ ᠮᠥ ᠤᠷᠴᠢᠮ ᠪᠣᠯᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠤᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 99% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠧᠬᠠᠨᠢᠭᠵᠢᠯᠲᠠ ᠶᠢ 92.5% ᠠᠴᠠ ᠳᠡᠭᠡᠭᠰᠢ ᠳᠤ ᠬᠦᠷᠦᠭᠦᠯᠦᠨ᠎ᠡ᠃ ᠡᠰᠢ ᠰᠦᠷᠡᠯ ᠢ ︽ᠲᠠᠪᠤᠵᠢᠭᠤᠯᠵᠤ︾ ᠶᠡᠷᠦᠩᠬᠡᠶᠢᠯᠡᠨ ᠠᠰᠢᠭᠯᠠᠬᠤ ᠵᠠᠭᠪᠤᠷ ᠢ ᠳᠡᠯᠭᠡᠷᠡᠭᠦᠯᠵᠦ᠂ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 86% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠤᠨ ᠲᠦᠷᠦᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠴᠡᠯᠡᠭᠡᠷ ᠲᠠᠯ᠎ᠠ ᠶᠢᠨ ᠦᠨᠦᠷ ᠠᠮᠲᠠ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠦᠷᠭᠡᠳᠬᠡᠨ᠎ᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠦᠨᠵᠡᠭᠡᠢ ᠬᠡᠷᠡᠭᠵᠢᠭᠦᠯᠵᠦ᠂ ︽ᠬᠠᠪᠤᠷ ᠵᠤᠨ ᠨᠠᠮᠤᠷ ᠡᠪᠦᠯ︾  4 ᠤᠯᠠᠷᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠣᠬᠢᠶᠠᠨ ᠪᠠᠶᠢᠭᠤᠯᠤᠨ ᠬᠡᠷᠡᠭᠵᠢᠬᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠦᠢᠯᠪᠤᠷᠢᠲᠠᠶ ᠰᠠᠶᠢᠵᠢᠷᠠᠭᠤᠯᠤᠨ᠎ᠠ᠃      ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠬᠡᠢ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ᠂ ᠪᠠᠷᠠᠭᠠᠨ ᠤ ᠭᠦᠢᠯᠭᠡᠭᠡ ᠵᠡᠷᠭᠡ 7 ᠵᠦᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ︔ ᠰᠢᠶᠠᠨ ᠰᠢᠶᠠᠩ ᠲᠣᠰᠬᠤᠨ ᠤ ᠴᠢᠳᠠᠪᠬᠢ ᠵᠤᠯᠭᠠᠯᠳᠤᠵᠤ ᠬᠠᠷᠢᠯᠴᠠᠨ ᠨᠥᠬᠦᠪᠥᠷᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠲᠦᠷᠭᠡᠨ ᠰᠠᠶᠢᠵᠢᠷᠠᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠵᠦ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰ ᠭᠠᠵᠠᠷ ᠲᠠᠭᠠᠨ ᠬᠥᠮᠦᠵᠢᠭᠦᠯᠬᠦ ᠪᠠ ᠣᠷᠣᠭᠤᠯᠵᠤ ᠠᠪᠴᠢᠷᠠᠬᠤ ᠶᠢ ᠬᠠᠷᠢᠯᠴᠠᠨ ᠤᠶᠠᠯᠳᠤᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠢ 1200 ᠠᠴᠠ ᠳᠡᠭᠡᠭᠰᠢ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠯᠠᠭᠤ ᠡᠵᠡᠨ ᠪᠠ ᠪᠠᠶᠠᠵᠢᠯ ᠤᠨ ︽ᠲᠦᠷᠦᠬᠦᠴᠢ ᠭᠠᠯᠠᠭᠤ︾ ᠶᠢ 100 ᠬᠦᠮᠦᠨ ᠠᠴᠠ ᠳᠡᠭᠡᠭᠰᠢ ᠬᠦᠮᠦᠵᠢᠭᠦᠯᠦᠨ᠎ᠡ︔ ᠣᠶᠤᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ᠂ ᠴᠡᠷᠢᠭ ᠠᠴᠠ ᠬᠠᠯᠠᠭᠳᠠᠭᠰᠠᠳ ᠤᠨ ᠬᠥᠳᠡᠭᠡ ᠲᠣᠰᠬᠤᠨ ᠳᠤ ᠦᠢᠯᠡᠰ ᠪᠦᠳᠦᠭᠡᠵᠦ ᠠᠵᠢᠯ ᠤᠯᠬᠤ ᠶᠢ ᠵᠣᠷᠢᠭᠵᠢᠭᠤᠯᠤᠨ᠂ ᠲᠠᠷᠢᠶᠠᠯᠠᠩ ᠤᠨ ᠮᠡᠷᠭᠡᠵᠢᠯ ᠤᠨ ᠭᠤᠣᠯᠯᠠᠭᠴᠢ ᠴᠢᠳᠠᠪᠤᠷᠢᠲᠠᠨ ᠢ 60 ᠣᠷᠴᠢᠮ ᠢ᠂ ᠲᠠᠷᠢᠶᠠᠯᠠᠩ ᠤᠨ ᠮᠡᠷᠭᠡᠵᠢᠯ ᠢ ᠲᠦᠭᠡᠮᠡᠯᠵᠢᠬᠦᠯᠬᠦ ᠴᠢᠳᠠᠪᠤᠷᠢᠳᠠᠨ ᠢ 400 ᠣᠷᠴᠢᠮ ᠢ ᠲᠣᠭᠲᠠᠭᠤᠨ ᠢᠶᠠᠷ ᠬᠥᠮᠦᠵᠢᠭᠦᠯᠦᠨ᠎ᠡ  ᠃      ︵ᠲᠠᠪᠤ︶ ᠴᠢᠳᠠᠪᠬᠢ ᠶᠢ ᠲᠡᠭᠦᠯᠳᠡᠷᠵᠢᠭᠦᠯᠦᠨ ᠴᠢᠨᠠᠷ ᠳᠡᠰ ᠢ ᠳᠡᠭᠡᠭᠰᠢᠯᠡᠭᠦᠯᠬᠦ ᠳᠤᠮᠳᠠ ᠤᠷᠤᠨ ᠤ ᠲᠥᠪ ᠤᠨ ᠰᠢᠨ᠎ᠡ ᠲᠦᠷᠢ ᠲᠥᠷᠬᠦ ᠶᠢ ᠴᠢᠮᠡᠭᠯᠡᠨ᠎ᠡ      ᠬᠤᠲᠠ ᠶᠢ ᠥᠨᠳᠥᠷ ᠬᠢᠷᠢ ᠲᠥᠪᠰᠢᠨ ᠲᠠᠢ ᠲᠥᠯᠥᠪᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠶᠡᠷᠦᠩᠬᠡᠶ ᠲᠥᠯᠦᠪᠵᠢᠭᠦᠯᠭᠡ ᠶᠢᠨ ᠵᠢᠯᠣᠭᠤᠳᠣᠯᠭ᠎ᠠ ᠬᠢᠵᠠᠭᠠᠷᠯᠠᠯ ᠳᠣᠤᠷ᠎ᠠ᠂ ᠭᠤᠣᠯ ᠬᠤᠲᠠ ᠶᠢᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠢᠶᠠᠨ ᠢ ᠤᠨᠴᠠᠯᠢᠭ ᠲᠠᠢ ᠪᠦᠳᠦᠭᠡᠨ ᠪᠠᠶᠢᠭᠤᠯᠵᠤ ᠬᠦᠭᠵᠢᠬᠦᠯᠬᠦ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠡᠯ᠎ᠡ ᠲᠥᠷᠥᠯ ᠤᠨ ᠲᠤᠰᠬᠠᠶ ᠲᠥᠯᠥᠪᠵᠢᠭᠦᠯᠭᠡ᠂ ᠨᠠᠷᠢᠯᠢᠭ ᠲᠦᠯᠦᠪᠵᠢᠬᠦᠯᠭᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ ᠡᠷᠴᠢᠮᠯᠢᠭ ᠠᠪᠴᠠᠯᠳᠤᠭ᠎ᠠ ᠰᠠᠶᠢᠲᠠᠢ᠂ ᠨᠢᠭᠲᠠ ᠰᠡᠶᠢᠷᠡᠭ ᠨᠢ ᠵᠤᠬᠢᠰᠲᠠᠢ ᠣᠷᠣᠨ ᠵᠠᠶ ᠶᠢᠨ ᠪᠠᠶᠢᠷᠢᠰᠢᠯ ᠢ ᠪᠣᠶ ᠪᠣᠯᠭᠠᠬᠤ ᠶᠢ ᠳᠥᠯᠭᠢᠨ ᠠᠬᠢᠭᠤᠯᠤᠨ᠎ᠠ᠃ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠲᠥᠯᠥᠪᠵᠢᠭᠦᠯᠭᠡ ᠶᠢᠨ ᠬᠠᠤᠯᠢ ᠪᠠᠷ ᠲᠣᠭᠲᠠᠭᠠᠭᠰᠠᠨ ᠴᠢᠨᠠᠷ᠂ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ᠂ ᠪᠥᠬᠦ ᠬᠤᠲᠠ ᠶᠢᠨ ︽ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ︾ ᠶᠢ ᠦᠨᠡᠨᠬᠦ ᠪᠠᠲᠤᠯᠠᠨ᠎ᠠ᠃      ᠬᠤᠳᠠ ᠶᠢ ᠴᠢᠨᠠᠷ ᠰᠠᠶᠢᠲᠠᠶ ᠪᠦᠳᠦᠭᠡᠨ ᠪᠠᠶᠢᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠲᠦᠷᠭᠡᠳᠬᠡᠨ ᠠᠬᠢᠭᠤᠯᠵᠤ᠂ 63 ᠵᠤᠷᠪᠤᠰ ᠵᠠᠮ ᠱᠤᠭᠤᠮ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠪᠠᠶᠢᠭᠤᠯᠵᠤ᠂ 31 ᠵᠤᠷᠪᠤᠰ ᠲᠠᠰᠤᠷᠬᠠᠶ ᠵᠠᠮ ᠢ ᠨᠡᠪᠲᠡᠷᠡᠭᠦᠯᠵᠦ᠂ 39 ᠵᠤᠷᠪᠤᠰ ᠵᠡᠭᠡᠯᠢ ᠭᠤᠳᠤᠮᠵᠢ ᠶᠢ ᠥᠭᠡᠷᠡᠴᠢᠯᠡᠨ᠎ᠡ︔ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ 5 ᠶᠢ ᠰᠢᠨ᠎ᠡ ᠪᠠᠷ ᠪᠠᠶᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ 294 ᠶᠢ ᠰᠢᠨ᠎ᠡ ᠪᠠᠷ ᠨᠡᠮᠡᠵᠦ᠂ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ 5 ᠵᠤᠷᠪᠤᠰ ᠰᠢᠨ᠎ᠡ ᠪᠠᠷ ᠨᠡᠪᠳᠡᠷᠡᠭᠦᠯᠵᠦ᠂15 ᠵᠤᠷᠪᠤᠰ ᠵᠠᠮ ᠢ ᠰᠢᠯᠢᠳᠡᠭᠵᠢᠭᠦᠯᠦᠨ ᠳᠣᠭᠢᠷᠠᠭᠤᠯᠤᠨ᠎ᠠ︔ 333 ᠬᠠᠭᠤᠴᠢᠨ ᠬᠤᠷᠢᠶᠠᠯᠠᠯ᠂ 466 ᠲᠦᠮᠡᠨ ᠲᠡᠭᠰᠢ ᠳᠥᠷᠪᠡᠯᠵᠢᠨ ᠮᠧᠲᠷ ᠢ ᠦᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ 23 ᠬᠡᠰᠡᠭ ᠤᠨ1.33 ᠲᠦᠮᠡᠨ ᠡᠷᠦᠬᠡ ᠶᠢᠨ ᠳᠥᠭᠦᠮ ᠪᠦᠳᠦᠴᠡᠳᠦ ᠣᠷᠣᠨ ᠰᠠᠭᠤᠴᠠ ᠶᠢ ᠦᠭᠡᠷᠡᠴᠢᠯᠡᠨ ᠰᠢᠨᠡᠳᠬᠡᠨ᠎ᠡ︔ ᠬᠤᠲᠠ ᠶᠢᠨ ᠲᠣᠭᠤᠷᠢᠭ ᠤᠨ ᠬᠠᠭᠤᠴᠢᠷᠬᠠᠰᠠᠨ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠨᠡᠶᠢᠳᠡᠮ ᠪᠡᠶᠡᠯᠡᠭᠦᠯᠵᠦ᠂ ᠬᠤᠲᠠ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠮᠧᠲᠷᠤ᠋ ᠶᠢᠨ TOD ᠶᠢ ᠨᠡᠭᠡᠭᠡᠨ ᠬᠦᠭᠵᠢᠬᠦᠯᠬᠦ ᠶᠢ ᠲᠦᠷᠭᠡᠳᠭᠡᠵᠦ᠂ ᠮᠧᠲᠷᠤ᠋ ᠶᠢᠨ ᠵᠢᠵᠢᠭ ᠪᠠᠯᠭᠠᠰᠤ ᠶᠢ ᠪᠠᠶᠢᠭᠤᠯᠤᠨ᠎ᠠ᠃ ᠴᠡᠴᠡᠷᠯᠢᠭ ᠨᠤᠭᠤᠭᠠᠨ ᠭᠠᠵᠠᠷ ᠢ ᠲᠡᠩᠴᠡᠭᠦᠷᠢᠲᠡᠶ ᠪᠠᠶᠢᠷᠢᠯᠠᠭᠤᠯᠵᠤ᠂ ᠬᠤᠲᠠ ᠶᠢᠨ ᠨᠣᠭᠤᠭᠠᠨ ᠵᠠᠮ ᠢ 220 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ ᠪᠢᠴᠢᠬᠠᠨ ᠴᠡᠴᠡᠷᠯᠢᠭ᠂ ᠨᠡᠶᠢᠭᠡᠮ ᠲᠤᠭᠤᠷᠢᠭ ᠤᠨ ᠵᠤᠭᠠᠴᠠᠨ ᠲᠣᠭᠤᠷᠢᠬᠤ ᠬᠦᠷᠢᠶᠡᠯᠡᠩ 92 ᠢ ᠰᠢᠨ᠎ᠡ ᠪᠠᠷ ᠪᠠᠶᠢᠭᠤᠯᠵᠤ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠲᠠ ᠶᠢ ᠦᠨᠳᠦᠷ ᠪᠠᠷᠢᠮᠵᠢᠶ᠎ᠠ ᠪᠠᠷ ᠬᠠᠮᠢᠶᠠᠷᠣᠨ᠎ᠠ      ︽ᠴᠡᠪᠡᠷ ᠳᠦᠷᠢᠮᠵᠢᠭᠦᠨ᠂ ᠬᠠᠷᠠᠭ᠎ᠠ ᠲᠣᠳᠤᠷᠠᠭᠤᠨ︾ ᠬᠠᠷᠠᠯᠲᠠ ᠶᠢᠨ ᠲᠣᠭᠤᠷᠢᠨ ᠳᠤ ᠬᠤᠲᠠ ᠶᠢᠨ ᠪᠠᠷᠢᠯᠭ᠎ᠠ ᠶᠢᠨ ᠭᠠᠳᠠᠷ ᠬᠡᠷᠡᠮ᠂ ᠪᠦᠬᠦ ᠦᠵᠡᠮᠵᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠲᠦᠪᠯᠡᠷᠡᠭᠦᠯᠦᠨ ᠥᠷᠨᠢᠭᠦᠯᠵᠦ᠂ ᠲᠠᠯ᠎ᠠ ᠨᠤᠲᠤᠭ ᠤᠨ ᠬᠤᠲᠠ ᠯᠤᠭ᠎ᠠ ᠨᠡᠶᠢᠴᠡᠭᠰᠡᠨ ᠪᠠᠷᠢᠯᠭ᠎ᠠ ᠶᠢᠨ ᠬᠡᠪ ᠨᠠᠮᠪᠠ ᠪᠣᠯᠣᠨ ᠬᠤᠲᠠ ᠶᠢᠨ ᠳᠦᠷᠢ ᠳᠥᠷᠬᠦ ᠶᠢ ᠪᠦᠷᠢᠯᠳᠦᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠦᠷᠥᠯ ᠬᠤᠪᠢᠶᠠᠨ ᠬᠠᠶᠠᠬᠤ᠂ ᠴᠣᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠪᠦᠬᠦ ᠶᠠᠪᠣᠴᠠ ᠶᠢᠨ ᠬᠠᠮᠢᠶᠠᠷᠣᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠬᠤᠭ ᠨᠣᠪᠰᠢ ᠢ ᠰᠢᠳᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ᠂ ᠪᠣᠵᠠᠷ ᠰᠢᠪᠠᠷ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠵᠡᠷᠭᠡ ᠭᠤᠣᠯᠳᠠᠯᠭ᠎ᠠ ᠲᠠᠢ ᠲᠦᠷᠥᠯ ᠵᠦᠢᠯ ᠢ ᠠᠰᠢᠭᠯᠠᠯᠲᠠ ᠳᠤ ᠣᠷᠣᠭᠤᠯᠣᠨ᠎ᠠ᠃ ᠬᠤᠲᠠ ᠶᠢᠨ ᠳᠦᠷᠢ ᠳᠥᠷᠬᠦ ᠶᠢᠨ ᠬᠠᠮᠢᠶᠠᠷᠣᠯᠲᠠ ᠶᠢ ᠴᠢᠩᠭᠠᠳᠬᠠᠵᠤ᠂ ︽ᠬᠤᠶᠠᠷ ᠲᠤᠰᠬᠤᠨ᠂ ᠬᠤᠶᠠᠷ ᠲᠤᠭᠤᠷᠢᠭ᠂ ᠨᠢᠭᠡ ᠠᠭᠤᠯᠵᠠᠷ ᠬᠡᠰᠡᠭ︾ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ᠂ ᠪᠠᠶᠢᠩᠭᠤᠵᠢᠭᠰᠠᠨ ᠶᠡᠭᠡ ᠬᠡᠪᠴᠢᠶᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠭᠡᠷ ᠭᠠᠵᠠᠷ ᠤᠨ ᠬᠦᠷᠦᠩᠭᠡ ᠶᠢᠨ ᠲᠦᠷᠥᠯ ᠵᠦᠢᠯ ᠤᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠦᠯᠡᠳᠡᠭᠳᠡᠯ ᠲᠦᠷᠥᠯ ᠵᠦᠢᠯ ᠤᠨ ᠦᠯᠦ ᠬᠦᠳᠡᠯᠬᠦ ᠬᠦᠷᠦᠩᠭᠡ ᠶᠢ ᠡᠷᠦᠬᠡ ᠬᠤᠪᠢᠶᠠᠨ ᠳᠠᠩᠰᠠᠯᠠᠵᠤ ᠭᠡᠷᠡᠴᠢ ᠬᠢᠬᠦ ᠠᠵᠢᠯ ᠢ ᠲᠦᠷᠭᠡᠳᠬᠡᠨ᠎ᠡ᠃ ︽ᠣᠶᠣᠨᠲᠣ ᠬᠥᠬᠡ ᠬᠤᠲᠠ︾ ᠶᠢᠨ ᠨᠢᠭᠡᠳᠦᠭᠡᠷ ᠬᠤᠭᠤᠴᠠᠭ᠎ᠠ ᠶᠢᠨ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠪᠡᠶᠡᠯᠡᠭᠦᠯᠵᠦ᠂ ᠠᠯᠢᠪᠠ ᠬᠡᠷᠡᠭᠯᠡᠯᠲᠡ ᠶᠢᠨ ᠲᠦᠷᠥᠯ ᠵᠦᠢᠯ ᠢ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠬᠡᠷᠡᠭᠯᠡᠵᠦ᠂ ᠬᠤᠲᠠ ᠶᠢ ᠨᠡᠩ ᠰᠡᠴᠡᠨ ᠰᠡᠷᠭᠦᠯᠡᠩ᠂ ᠨᠡᠩ ᠦᠷ᠎ᠡ ᠪᠦᠲᠦᠮᠵᠢ ᠲᠠᠢ ᠪᠣᠯᠭᠠᠨ᠎ᠠ᠃      ︵ᠵᠢᠷᠭᠤᠭ᠎ᠠ︶ ᠰᠣᠶᠣᠯ ᠢᠶᠠᠷ ᠬᠤᠲᠠ ᠶᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠣᠯᠲᠠ ᠶᠢ ᠠᠬᠢᠭᠤᠯᠬᠤ ᠳᠤᠮᠳᠠ ᠣᠷᠣᠨ ᠤ ᠲᠥᠪ ᠤᠨ ᠰᠢᠨ᠎ᠡ ᠠᠭᠤᠯᠬᠤᠨ ᠢ ᠲᠠᠶᠢᠯᠪᠤᠷᠢᠯᠠᠨ᠎ᠠ      ᠪᠦᠬᠦ ᠤᠯᠤᠰ ᠤᠨ ᠪᠣᠯᠪᠠᠰᠣᠨ ᠬᠤᠲᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠣᠨ᠎ᠠ᠃ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠱᠤᠭᠤᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠵᠣ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠣᠨ᠂ ᠴᠡᠯᠡᠭᠡᠷ ᠲᠠᠯ᠎ᠠ ᠶᠢᠨ ᠰᠣᠶᠣᠯ ᠤᠨ ᠲᠦᠷᠥᠯ ᠲᠡᠮᠳᠡᠭᠲᠦ ᠶᠢ ᠴᠣᠭᠴᠠᠯᠠᠨ᠎ᠠ᠃ ︽ᠲᠣᠭᠤᠷᠢᠭ ᠬᠤᠲᠠ ᠶᠢ ᠬᠠᠮᠲᠣ ᠪᠠᠶᠢᠭᠤᠯᠬᠤ︾ ᠶᠢ ᠪᠠᠷᠢᠮᠲᠠᠯᠠᠵᠤ᠂ ᠬᠤᠲᠠ ᠶᠢᠨ ᠱᠠᠲᠣᠨ ᠤ ᠤᠳᠤᠷᠢᠳᠤᠯᠭ᠎ᠠ ᠵᠡᠭᠡᠯᠢ ᠭᠤᠳᠤᠮᠵᠢ ᠶᠢ ᠳᠠᠭᠠᠭᠠᠴᠢᠯᠠᠵᠤ᠂ ᠪᠠᠶᠢᠭᠤᠯᠭ᠎ᠠ ᠨᠢᠭᠡᠴᠡ ᠨᠡᠶᠢᠭᠡᠮ ᠲᠣᠭᠤᠷᠢᠭ ᠢ ᠳᠠᠭᠠᠭᠠᠴᠢᠯᠠᠵᠤ᠂ ᠨᠠᠮ ᠤᠨ ᠭᠡᠰᠢᠭᠦᠨ ᠺᠠᠳ᠋ᠷ ᠰᠠᠭᠤᠭ᠎ᠠ ᠠᠰᠠᠷ ᠢ ᠳᠠᠭᠠᠭᠠᠴᠢᠯᠠᠨ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠠᠬᠢᠭᠤᠯᠣᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠤᠷᠲᠤ ᠬᠤᠭᠤᠴᠠᠭᠠᠨ ᠤ ᠬᠠᠮᠢᠶᠠᠷᠣᠯᠲᠠ ᠶᠢᠨ ᠲᠣᠭᠲᠠᠴᠠ ᠶᠢ ᠪᠠᠶᠢᠭᠤᠯᠵᠤ᠂ ᠡᠨᠡᠬᠦ ᠬᠢᠯᠪᠠᠷ ᠪᠣᠰᠤ ᠪᠠᠷ ᠣᠯᠣᠭᠰᠠᠨ ᠬᠤᠲᠠ ᠶᠢᠨ ᠨᠡᠷ᠎ᠡ ᠶᠢᠨ ᠬᠠᠭᠤᠲᠠᠰᠣ ᠪᠠᠨ ᠰᠠᠶᠢᠲᠣᠷ ᠬᠠᠮᠠᠭᠠᠯᠠᠨ᠎ᠠ᠃ ᠠᠷᠠᠳ ᠢᠷᠭᠡᠨ ᠤ ᠶᠣᠰᠣ ᠰᠤᠷᠲᠠᠬᠤᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ᠲᠥᠪ ᠬᠤᠲᠠ ᠪᠣᠯ ᠮᠢᠨᠤ ᠭᠡᠷ᠂ ᠪᠣᠯᠪᠠᠰᠣᠨ ᠬᠤᠲᠠ ᠶᠢ ᠪᠠᠶᠢᠭᠤᠯᠬᠤ ᠳᠤ ᠣᠯᠠᠨ ᠢ ᠲᠦᠰᠢᠨ᠎ᠡ︾ ᠪᠣᠯᠪᠠᠰᠣᠨ ᠤ ᠡᠭᠦᠳᠦᠯᠲᠡ ᠶᠢᠨ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠰᠣᠶᠣᠯ ᠤᠨ ᠦᠢᠯᠡᠴᠢᠯᠡᠭᠡ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠨᠢᠭᠡ ᠪᠦᠯᠦᠭ ᠨᠠᠮ ᠪᠠᠶᠢᠭᠤᠯᠣᠭᠳᠠᠭᠰᠠᠨ100 ᠵᠢᠯ ᠤᠨ ᠣᠢ ᠶᠢ ᠪᠡᠯᠭᠡᠯᠡᠬᠦ ᠰᠣᠳᠣᠨ ᠪᠦᠲᠦᠭᠡᠯ ᠢ ᠵᠣᠭᠢᠶᠠᠨ ᠪᠦᠲᠦᠭᠡᠵᠦ᠂ ᠴᠡᠯᠡᠭᠡᠷ ᠲᠠᠯ᠎ᠠ ᠶᠢᠨ ᠰᠣᠶᠣᠯ ᠤᠨ ᠨᠠᠶᠢᠷ ᠵᠢᠴᠢ ᠵᠣᠣ ᠵᠢᠶᠦ᠋ᠨ ᠰᠣᠶᠣᠯ ᠤᠨ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠢ ᠦᠷᠭᠦᠯᠵᠢᠯᠡᠨ ᠰᠠᠶᠢᠲᠤᠷ ᠡᠷᠬᠢᠯᠡᠵᠦ᠂ ᠡᠯ᠎ᠡ ᠲᠥᠷᠥᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ1400 ᠲᠠᠯᠠᠪᠠᠢ ᠠᠴᠠ ᠳᠡᠭᠡᠭᠰᠢ ᠡᠷᠬᠢᠯᠡᠨ ᠶᠠᠪᠣᠭᠳᠠᠭᠤᠯᠣᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠠᠭᠤᠷᠢ ᠦᠯᠡᠳᠡᠭᠳᠡᠯ ᠢ ᠪᠦᠬᠦ ᠲᠠᠯ᠎ᠠ ᠪᠠᠷ ᠬᠠᠮᠠᠭᠠᠯᠠᠵᠤ᠂ ᠤᠰᠤᠲᠤ ᠵᠤᠤ ᠶᠢᠨ ᠬᠠᠨ᠎ᠠ ᠶᠢᠨ ᠵᠢᠷᠤᠭ᠂ ᠬᠤᠷᠢᠨᠭᠡᠷ ᠤᠨ ᠵᠡᠭᠦᠨ ᠬᠠᠨ ᠤ ᠬᠠᠨ᠎ᠠ ᠶᠢᠨ ᠵᠢᠷᠤᠭᠲᠤ ᠣᠩᠭᠤᠨ ᠵᠡᠷᠭᠡ ᠡᠷᠲᠡᠨ ᠤ ᠦᠯᠡᠳᠡᠭᠳᠡᠯ᠂ ᠡᠷᠲᠡᠨ ᠤ ᠪᠠᠷᠢᠯᠭ᠎ᠠ ᠵᠡᠷᠭᠡ ᠶᠢ ᠵᠠᠰᠠᠨ ᠬᠠᠮᠠᠭᠠᠯᠠᠬᠤ ᠶᠢ ᠥᠷᠨᠢᠭᠦᠯᠦᠨ᠎ᠡ᠃ ᠨᠢᠭᠡ ᠪᠦᠯᠦᠭ ᠭᠤᠣᠯᠳᠠᠯᠭ᠎ᠠ ᠲᠠᠢ ᠲᠦᠷᠥᠯ ᠵᠦᠢᠯ ᠢ ᠲᠦᠷᠭᠡᠳᠬᠡᠨ ᠪᠠᠶᠢᠭᠤᠯᠵᠤ᠂ ᠣᠷᠲᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠪᠣᠯᠣᠨ ᠬᠠᠲᠤᠨ ᠭᠤᠣᠯ ᠤᠨ ᠰᠣᠶᠣᠯ ᠤᠨ ᠴᠡᠴᠡᠷᠯᠢᠭ ᠤᠨ ᠲᠦᠷᠥᠯ ᠵᠦᠢᠯ ᠢ ᠡᠬᠢᠯᠡᠭᠦᠯᠵᠦ᠂ ᠲᠡᠥᠬᠡ ᠶᠢᠨ ᠰᠣᠶᠣᠯ ᠤᠨ ᠰᠣᠳᠠᠰᠣ ᠶᠢ ᠤᠯᠠᠮᠵᠢᠯᠠᠵᠤ᠂ ᠬᠤᠲᠠ ᠶᠢᠨ ᠴᠡᠭᠡᠵᠢᠯᠡᠬᠦᠢ ᠶᠢ ᠦᠯᠡᠳᠡᠭᠡᠨ᠎ᠡ᠃      ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠣᠯᠴᠠᠯ ᠢ ᠠᠬᠢᠭᠤᠯᠤᠨ᠎ᠠ᠃ ᠪᠡᠭᠡᠵᠢᠩ ᠲᠢᠶᠠᠨᠵᠢᠨ ᠡᠾᠧᠪᠸᠢ ᠶᠢᠨ ᠰᠡᠯᠡᠭᠦᠴᠡᠨ ᠵᠣᠭᠠᠴᠠᠬᠤ ︽ᠠᠷᠤ ᠴᠡᠴᠡᠷᠯᠢᠭ︾ ᠢ ᠪᠠᠶᠢᠭᠤᠯᠬᠤ ᠶᠢᠨ ᠲᠣᠭᠤᠷᠢᠨ ᠳᠤ᠂ ︽ᠨᠢᠭᠡ ᠬᠤᠶᠢᠨ᠎ᠠ ᠨᠢᠭᠡ ᠡᠮᠦᠨ᠎ᠡ︾ ᠬᠤᠶᠠᠷ ᠰᠣᠶᠣᠯ ᠵᠢᠭᠤᠯᠴᠢᠯᠠᠯ ᠤᠨ ᠣᠷᠣᠨ ᠢ ᠭᠤᠣᠯᠳᠠᠯᠭ᠎ᠠ ᠲᠠᠢ ᠪᠠᠶᠢᠭᠤᠯᠣᠨ᠎ᠠ᠃ ᠬᠤᠶᠢᠲᠣ ᠬᠡᠰᠡᠭ ᠤᠨ ᠴᠡᠯᠡᠭᠡᠷ ᠲᠠᠯ᠎ᠠ ᠶᠢᠨ ᠦᠵᠡᠮᠵᠢᠲᠦ ᠰᠣᠶᠣᠯ ᠵᠢᠭᠤᠯᠴᠢᠯᠠᠯ ᠤᠨ ᠣᠷᠣᠨ ᠳᠤ ᠳᠠᠯᠠᠨ ᠬᠠᠷ᠎ᠠ ᠳᠠᠭᠠᠤ ᠣᠷᠣᠨ ᠪᠦᠰᠡ ᠳᠤ ᠨᠢᠭᠡ ᠪᠦᠯᠦᠭ ︽ᠢᠳᠡᠬᠦ᠂ ᠬᠤᠨᠣᠬᠤ᠂ ᠵᠣᠭᠠᠴᠠᠬᠤ᠂ ᠨᠠᠭᠠᠳᠬᠤ︾ ᠶᠢ ᠨᠢᠭᠡ ᠴᠣᠭᠴᠠᠵᠢᠭᠤᠯᠣᠭᠰᠠᠨ ︽ᠴᠡᠯᠡᠭᠡᠷ ᠲᠠᠯ᠎ᠠ ᠵᠢᠵᠢᠭ ᠪᠠᠯᠭᠠᠰᠤ︾ ︽ᠴᠡᠯᠡᠭᠡᠷ ᠲᠠᠯ᠎ᠠ ᠠᠶᠢᠮᠠᠭ︾ ᠢ ᠴᠣᠭᠴᠠᠯᠠᠨ ᠪᠠᠶᠢᠭᠤᠯᠣᠨ᠎ᠠ︔ ᠡᠮᠦᠨᠡᠲᠦ ᠬᠡᠰᠡᠭ ᠤᠨ ᠬᠠᠲᠣᠨ ᠭᠤᠣᠯ ᠤᠨ ᠦᠵᠡᠮᠵᠢᠲᠦ ᠰᠣᠶᠣᠯ ᠵᠢᠭᠤᠯᠴᠢᠯᠠᠯ ᠤᠨ ᠣᠷᠣᠨ ᠳᠤ ᠬᠠᠲᠣᠨ ᠭᠤᠣᠯ ᠤᠨ ᠬᠥᠪᠡᠭᠡ ᠳᠠᠭᠠᠤ ᠶᠢᠨ ᠪᠠᠶᠢᠭᠠᠯᠢ ᠶᠢᠨ ᠦᠵᠡᠮᠵᠢ ᠪᠣᠯᠣᠨ ᠰᠣᠶᠣᠯ ᠢᠷᠭᠡᠨᠰᠢᠯ ᠲᠡᠥᠬᠡ ᠶᠢᠨ ᠡᠬᠢ ᠪᠠᠶᠠᠯᠢᠭ ᠢ ᠣᠷᠭᠠᠨᠢᠭ ᠢᠶᠠᠷ ᠤᠶᠠᠯᠳᠣᠭᠤᠯᠤᠨ᠂ ᠬᠠᠲᠤᠨ ᠭᠤᠣᠯ ᠤᠨ ᠶᠡᠭᠡ ᠬᠠᠪᠴᠢᠯ ᠭᠤᠤ ᠶᠢᠨ ᠯᠤᠤ ᠨᠢᠦ ᠸᠠᠨ ᠵᠢᠭᠤᠯᠴᠢᠯᠠᠯ ᠤᠨ ᠣᠷᠣᠨ ᠤ 5A ᠳᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠱᠧᠨ ᠴᠢᠣᠸᠠᠨ ᠠᠮᠢ ᠠᠬᠤᠢ ᠰᠣᠶᠣᠯ ᠵᠢᠭᠤᠯᠴᠢᠯᠠᠯ ᠤᠨ ᠣᠷᠣᠨ ᠤ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠎ᠡ᠃ ᠢᠯᠢ᠂ ᠮᠧᠩ ᠨᠢᠦ᠂ ᠮᠧᠩ ᠼᠣᠣ ᠵᠡᠷᠭᠡ ᠠᠵᠣ ᠠᠬᠤᠶᠢᠯᠠᠯ ᠳᠤ ᠲᠦᠰᠢᠭᠯᠡᠵᠦ᠂ ᠠᠵᠣ ᠠᠬᠤᠶᠢᠯᠠᠯ ᠤᠨ ᠵᠢᠭᠤᠯᠴᠢᠯᠠᠯ ᠢ ᠶᠡᠬᠡᠪᠡᠷ ᠬᠦᠭᠵᠢᠭᠦᠯᠦᠨ᠂ ᠠᠮᠢ ᠠᠬᠤᠢ ᠶᠢᠨ ᠵᠢᠭᠤᠯᠴᠢᠯᠠᠯ᠂ ᠰᠣᠳᠣᠯᠤᠨ ᠰᠣᠷᠣᠯᠴᠠᠯᠭ᠎ᠠ ᠶᠢᠨ ᠵᠢᠭᠤᠯᠴᠢᠯᠠᠯ᠂ ᠲᠦᠷᠭᠡᠨ ᠠᠶᠠᠯᠠᠵᠤ ᠠᠭᠠᠵᠢᠮ ᠵᠣᠭᠠᠴᠠᠬᠤ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠬᠦᠭᠵᠢᠭᠦᠯᠵᠦ᠂ ᠵᠤᠭᠠᠴᠠᠭᠰᠠᠳ ᠲᠤ ᠨᠡᠩ ᠡᠯᠪᠡᠭ ᠪᠠᠶᠠᠯᠢᠭ᠂ ᠣᠯᠠᠨ ᠶᠠᠩᠵᠤᠲᠤ ᠵᠢᠭᠤᠯᠴᠢᠯᠠᠯ ᠤᠨ ᠪᠦᠲᠦᠭᠡᠭᠳᠡᠭᠦᠨ ᠢ ᠬᠠᠩᠭᠠᠨ᠎ᠠ᠃ ᠪᠦᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠂ ︽ᠨᠢᠭᠡ ᠯᠠ ᠭᠠᠷ ᠤᠲᠠᠰᠤ ᠪᠠᠷ ᠬᠥᠬᠡ ᠬᠤᠲᠠ ᠳᠤ ᠠᠮᠢᠳᠤᠷᠠᠬᠤ︾ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠣᠨ᠎ᠠ᠃      ︵ᠳᠣᠯᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠳᠤᠮᠳᠠ ᠣᠷᠣᠨ ᠤ ᠲᠥᠪ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠣᠨ᠎ᠠ      ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠠᠬᠢᠭᠤᠯᠣᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠣᠯᠢᠯᠴᠠᠭ᠎ᠠ ᠶᠢᠨ ᠭᠠᠷᠴᠠᠭ ᠤᠨ ᠨᠠᠷᠢᠨ ᠬᠠᠭᠤᠲᠠᠰᠤ ᠶᠢᠨ ᠬᠠᠮᠢᠶᠠᠷᠣᠯᠲᠠ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭ᠎ᠠ ᠶᠢᠨ ︽ᠣᠷᠣᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠠᠬᠢᠭᠤᠯᠣᠨ᠎ᠠ᠃ ᠠᠵᠣ ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠤ ᠬᠦᠷᠢᠶᠡᠯᠡᠩ ᠲᠣᠭᠤᠷᠢᠭ ᠤᠨ ︽ᠮᠦ ᠪᠦᠷᠢ ᠪᠠᠷ ᠪᠠᠭᠠᠲᠣᠷ ᠢ ᠦᠨᠡᠯᠡᠬᠦ︾ ᠥᠭᠡᠷᠡᠴᠢᠯᠡᠯᠲᠡ ᠶᠢ ᠰᠥᠪᠡᠭᠴᠢᠯᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠤ ᠪᠣᠬᠢᠷᠳᠣᠯ ᠦᠭᠡᠢ ᠬᠦᠭᠵᠢᠯᠲᠡ ᠶᠢᠨ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠳᠦᠷᠢᠮ ᠢ ᠰᠦᠪᠡᠭᠴᠢᠯᠡᠨ ᠠᠬᠢᠭᠤᠯᠵᠤ᠂ ᠲᠦᠷᠥᠯ ᠵᠦᠢᠯ ᠤᠨ ᠬᠦᠷᠢᠶ᠎ᠡ ᠴᠠᠷᠠᠭ᠎ᠠ ᠳᠤ ︽ᠭᠠᠵᠠᠷ ᠠᠪᠤᠪᠠᠯ ᠳᠣᠣᠷ᠎ᠠ  ᠨᠢ ᠠᠵᠢᠯ ᠡᠬᠢᠯᠡᠭᠦᠯᠬᠦ︾ ︽ᠣᠷᠣᠨ ᠪᠦᠰᠡ ᠶᠢᠨ ᠦᠨᠡᠯᠡᠨ ᠵᠢᠱᠢᠯᠲᠡ︾ ︽ᠪᠠᠷᠢᠮᠵᠢᠶᠠᠲᠣ ᠭᠠᠵᠠᠷ︾ ᠵᠡᠷᠭᠡ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠰᠣᠯᠢᠯᠴᠠᠭ᠎ᠠ ᠶᠢᠨ ︽ᠪᠦᠬᠦ ᠣᠷᠣᠨ ᠨᠢᠭᠡ ᠰᠦᠯᠵᠢᠶ᠎ᠡ ᠪᠠᠷ︾ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠭᠠᠵᠠᠷ ᠰᠢᠷᠣᠢ ᠶᠢ ᠰᠢᠯᠵᠢᠭᠦᠯᠦᠨ ᠥᠭᠬᠦ ᠮᠡᠳᠡᠭᠡ ᠵᠠᠩᠭᠢ ᠶᠢᠨ ᠬᠠᠷᠢᠯᠴᠠᠨ ᠬᠤᠯᠪᠣᠯᠳᠣᠵᠣ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ ᠢ ᠬᠠᠮᠲᠣ ᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠷᠦᠬᠡ ᠠᠮᠠ ᠶᠢᠨ ᠳᠠᠩᠰᠠ ᠶᠢᠨ ᠥᠭᠡᠷᠡᠴᠢᠯᠡᠯᠲᠡ ᠶᠢᠨ ᠬᠦᠴᠦᠯᠡᠴᠡ ᠶᠢ ᠨᠡᠮᠡᠭᠳᠡᠭᠦᠯᠵᠦ᠂ ᠴᠢᠳᠠᠪᠣᠷᠢᠲᠠᠨ ᠤ ᠡᠷᠦᠬᠡ ᠠᠮᠠ ᠶᠢ ᠨᠥᠬᠦᠴᠡᠯ ᠦᠭᠡᠢ ᠪᠠᠷ ᠣᠷᠣᠭᠤᠯᠬᠤ ᠶᠢ ᠪᠡᠶᠡᠯᠡᠭᠦᠯᠦᠨ᠎ᠡ᠃ ᠤᠯᠤᠰ ᠤᠨ ᠦᠮᠴᠢᠯᠡᠯᠲᠦ ᠠᠵᠣ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯ ᠤᠨ ᠠᠵᠣ ᠠᠬᠤᠶᠢᠯᠠᠯ ᠤᠨ ᠴᠠᠯᠢᠩ ᠬᠦᠯᠦᠰᠦ ᠬᠢᠭᠡᠳ ᠠᠵᠢᠯ ᠤᠨ ᠦᠷ᠎ᠡ ᠪᠦᠲᠦᠮᠵᠢ ᠶᠢ ᠬᠤᠯᠪᠣᠭᠳᠠᠭᠤᠯᠬᠤ ᠳᠦᠷᠢᠮ ᠢ ᠪᠦᠷᠢᠨᠰᠢᠭᠦᠯᠦᠨ᠎ᠡ᠃ ᠬᠦᠳᠡᠭᠡ ᠲᠤᠰᠬᠤᠨ ᠤ ᠲᠠᠷᠢᠶᠠᠨ ᠭᠠᠵᠠᠷ ᠤᠨ ᠭᠤᠷᠪᠠᠨ ᠡᠷᠬᠡ ᠶᠢ ᠰᠠᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠣ᠂ ᠲᠤᠰᠬᠤᠨ ᠭᠤᠷᠪᠠᠨ ᠱᠠᠲᠣᠨ ᠤ ᠭᠠᠵᠠᠷ ᠰᠢᠷᠣᠢ ᠶᠢᠨ ᠡᠷᠭᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠨ ᠂ ᠬᠦᠳᠡᠭᠡ ᠲᠣᠰᠬᠤᠨ ᠤ ᠭᠠᠵᠠᠷ ᠰᠢᠷᠤᠢ ᠶᠢᠨ ᠳᠦᠷᠢᠮᠵᠢᠭᠦᠨ ᠡᠮᠬᠢ ᠵᠢᠷᠤᠮ ᠲᠠᠢ ᠡᠷᠭᠢᠯᠳᠦᠬᠦ ᠪᠠ ᠵᠣᠬᠢᠬᠤ ᠬᠡᠮᠵᠢᠶᠡᠨ ᠳᠤ ᠬᠡᠪᠴᠢᠶᠡᠵᠢᠭᠦᠯᠦᠨ ᠡᠵᠡᠩᠨᠡᠬᠦ ᠶᠢ ᠳᠠᠭᠠᠭᠤᠯᠣᠨ ᠵᠢᠯᠣᠭᠤᠳᠴᠣ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠯᠠᠪᠳᠠᠭᠤᠨ ᠪᠣᠯᠭᠤᠮᠵᠢᠲᠠᠢ ᠠᠬᠢᠭᠤᠯᠣᠨ᠎ᠠ᠃      ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠡᠭᠦᠨᠰᠢ ᠠᠭᠤᠰᠣᠯᠴᠠᠵᠤ᠂ ᠪᠠᠷᠠᠭᠤᠨᠰᠢ ᠬᠤᠯᠪᠣᠯᠳᠣᠵᠣ᠂ ᠡᠮᠦᠨᠡᠰᠢ ᠨᠡᠪᠲᠡᠷᠡᠯᠴᠡᠵᠦ᠂ ᠤᠮᠠᠷᠠᠰᠢ ᠨᠡᠭᠡᠭᠡᠬᠦ︾ ᠨᠡᠭᠡᠭᠡᠯᠳᠡᠲᠦ ᠬᠦᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠬᠦᠬᠡᠬᠤᠲᠠ· ᠪᠡᠭᠡᠵᠢᠩ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠲᠥᠪ ᠲᠤ ᠲᠦᠰᠢᠭᠯᠡᠵᠦ᠂ ᠰᠠᠨᠠᠭᠠᠴᠢᠯᠠᠭ᠎ᠠ ᠠᠴᠠ ᠪᠠᠨ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠨ ᠬᠦᠭᠵᠢᠬᠦ ᠳᠤ ᠠᠭᠤᠰᠣᠯᠴᠠᠨ ᠦᠢᠯᠡᠴᠢᠯᠡᠵᠦ᠂ ᠪᠡᠭᠡᠵᠢᠩ ᠲᠢᠶᠠᠨᠵᠢᠨ ᠡᠾᠧᠪᠸᠢ ᠶᠢᠨ ᠠᠵᠤ ᠦᠢᠯᠡᠰ ᠤᠨ ᠰᠢᠯᠵᠢᠯᠲᠠ ᠶᠢ ᠣᠨᠣᠪᠴᠢᠲᠠᠢ ᠬᠦᠯᠢᠶᠡᠨ ᠠᠪᠴᠣ᠂ ᠪᠡᠭᠡᠵᠢᠩ ᠲᠢᠶᠠᠨᠵᠢᠨ ᠡᠾᠧᠪᠸᠢ ᠳᠤ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ᠂ ᠪᠣᠬᠢᠷᠳᠣᠯ ᠦᠭᠡᠢ ᠠᠮᠢ ᠠᠬᠤᠢ ᠶᠢᠨ ᠪᠦᠲᠦᠭᠡᠭᠳᠡᠭᠦᠨ ᠢ ᠬᠠᠩᠭᠠᠨ᠎ᠠ᠃ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠦᠭᠵᠢᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠤᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠶᠢ ᠲᠦᠯᠬᠢᠨ ᠠᠬᠢᠭᠤᠯᠣᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠮᠤᠵᠢ ᠶᠢᠨ ᠲᠥᠪ ᠬᠤᠲᠠ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠤᠯᠪᠣᠭᠠᠯᠠᠯ ᠳᠤ ᠲᠦᠰᠢᠵᠦ᠂ ᠬᠠᠲᠤᠨ ᠭᠤᠣᠯ ᠳᠠᠭᠠᠣ ᠶᠢᠨ ᠬᠤᠲᠠᠳ ᠯᠤᠭ᠎ᠠ ᠶᠢᠨ ᠰᠣᠯᠢᠯᠴᠠᠭ᠎ᠠ ᠬᠠᠮᠲᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠳᠠᠯᠳᠤᠭᠠᠨ ᠤ ᠶᠠᠪᠣᠳᠠᠯ ᠤᠨ ᠳᠠᠩᠰᠠᠯᠠᠯᠲᠠ ᠶᠢᠨ ᠨᠡᠩ ᠣᠯᠠᠨ ᠦᠨᠳᠦᠷ ᠲᠠᠪᠲᠠᠮᠵᠢᠲᠤ ᠵᠦᠢᠯᠡᠰ ᠤᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠶᠢ ᠪᠡᠶᠡᠯᠡᠭᠦᠯᠬᠦ ᠶᠢ ᠠᠬᠢᠭᠤᠯᠣᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠶᠠᠪᠤᠯᠴᠠᠭ᠎ᠠ ᠪᠠᠨ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠣᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠣ᠂ ᠶᠡᠷᠦᠩᠬᠡᠶᠢᠯᠡᠭᠰᠡᠨ ᠭᠠᠶᠢᠯᠢ ᠪᠠᠲᠣᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠶᠡᠷᠦᠩᠬᠡᠶᠢᠯᠡᠭᠰᠡᠨ ᠲᠣᠷᠰᠢᠯᠲᠠ ᠶᠢᠨ ᠣᠷᠣᠨ ᠵᠡᠷᠭᠡ ᠨᠡᠭᠡᠭᠡᠯᠲᠡᠲᠦ ᠲᠠᠪᠴᠠᠩ ᠤᠨ ᠰᠢᠨ᠎ᠡ ᠶᠢ ᠡᠭᠦᠳᠬᠦ ᠬᠦᠭᠵᠢᠯᠲᠡ ᠶᠢ ᠲᠦᠯᠬᠢᠨ ᠠᠬᠢᠭᠤᠯᠤᠨ᠎ᠠ᠃      ︵ᠨᠠᠢᠮᠠ︶ ᠥᠷᠭᠡᠨ ᠣᠯᠠᠨ ᠲᠦᠮᠡᠨ ᠤ ᠬᠦᠰᠡᠯ ᠡᠷᠡᠮᠡᠯᠵᠡᠯ ᠢ ᠬᠠᠩᠭᠠᠬᠤ ᠳᠤᠮᠳᠠ ᠣᠷᠣᠨ ᠤ ᠲᠥᠪ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠬᠠᠷᠠᠭᠤᠯᠣᠨ᠎ᠠ      ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠨ᠎ᠡ᠃ᠨᠡᠩ ᠢᠳᠡᠪᠬᠢᠲᠡᠢ ᠠᠵᠢᠯ ᠣᠯᠭᠤᠯᠲᠠ ᠶᠢᠨ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠶᠢ ᠵᠣᠷᠢᠭᠵᠢᠭᠤᠯᠣᠨ᠂ ᠰᠦᠯᠵᠢᠶᠡᠨ ᠳᠡᠭᠡᠷᠡᠬᠢ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷ᠎ᠡ ᠠᠵᠢᠯ ᠰᠣᠩᠭᠤᠬᠤ ᠬᠡᠪ ᠤᠨ ᠪᠠᠶᠢᠳᠠᠯ ᠢ ᠪᠡᠶᠡᠯᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠣᠲᠠᠳ ᠤᠨ ︽ᠠᠵᠢᠯ ᠣᠯᠬᠤ ᠦᠢᠯᠡᠰ ᠪᠦᠲᠦᠭᠡᠬᠦ ᠶᠢ ᠠᠬᠢᠭᠤᠯᠬᠤ ᠲᠦᠯᠦᠪᠯᠡᠭᠡ︾᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ︽ᠠᠵᠢᠯ ᠣᠯᠭᠤᠯᠲᠠ ᠶᠢᠨ ᠤᠷᠢᠬᠠᠨ ᠰᠠᠯᠬᠢ ᠠᠵᠢᠯᠯᠠᠭᠠᠨ ᠤ ᠲᠦᠯᠦᠪᠯᠡᠭᠡ︾᠂ ᠴᠡᠷᠢᠭ ᠠᠴᠠ ᠬᠠᠯᠠᠭᠳᠠᠭᠰᠠᠳ ᠤᠨ ︽ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠲᠠᠢ ᠬᠠᠷᠢᠯᠴᠠᠬᠤ ᠲᠦᠯᠦᠪᠯᠡᠭᠡ︾ ᠶᠢ ᠥᠷᠨᠢᠭᠦᠯᠦᠨ᠎ᠡ᠃ ᠠᠵᠢᠯ ᠮᠡᠷᠭᠡᠵᠢᠯ ᠤᠨ ᠨᠠᠰᠤᠨ ᠲᠤᠷᠰᠢᠲᠠ ᠶᠢᠨ ᠪᠣᠯᠪᠠᠰᠤᠷᠠᠭᠤᠯᠤᠯ ᠤᠨ ᠳᠦᠷᠢᠮ ᠢ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠪᠣᠯᠪᠠᠰᠣᠷᠠᠭᠤᠯᠣᠯ︾ ᠤᠨ ᠲᠦᠯᠦᠪᠯᠡᠭᠡ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠠᠵᠢᠯᠴᠢᠨ ᠤ ᠠᠵᠢᠯ ᠮᠡᠷᠭᠡᠵᠢᠯ ᠤᠨ ᠳᠡᠭᠡᠭᠰᠢᠯᠡᠭᠦᠯᠦᠯᠲᠡ ᠶᠢᠨ ᠪᠣᠯᠪᠠᠰᠤᠷᠠᠭᠤᠯᠤᠯ ᠤᠨ ᠲᠦᠯᠦᠪᠯᠡᠭᠡ ᠶᠢ ᠬᠡᠷᠡᠭᠵᠢᠭᠦᠯᠵᠦ᠂ ᠪᠦᠬᠦ ᠵᠢᠯ ᠳᠤ ᠨᠦᠬᠦᠪᠦᠷᠢ ᠶᠢᠨ ᠴᠢᠨᠠᠷ ᠲᠠᠢ ᠠᠵᠢᠯ ᠮᠡᠷᠭᠡᠵᠢᠯ ᠤᠨ ᠪᠣᠯᠪᠠᠰᠣᠷᠠᠭᠤᠯᠣᠯ ᠢ 3 ᠲᠦᠮᠡᠨ ᠬᠦᠮᠦᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠬᠤᠲᠠ ᠪᠠᠯᠭᠠᠰᠣᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠪᠠᠶᠢᠯᠭᠠᠨ᠎ᠠ᠃      ᠠᠷᠠᠳ ᠲᠦᠮᠡᠨ ᠬᠠᠨᠤᠮᠵᠢᠲᠠᠢ ᠪᠠᠶᠢᠬᠤ ᠰᠤᠷᠭᠠᠨ ᠬᠦᠮᠦᠵᠢᠯ ᠢ ᠡᠷᠬᠢᠯᠡᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠲᠦᠷᠭᠡᠳᠬᠡᠨ ᠬᠦᠭᠵᠢᠭᠦᠯᠵᠦ᠂ ᠠᠯᠪᠠᠨ ᠠᠴᠠ ᠡᠷᠬᠢᠯᠡᠭᠰᠡᠨ ᠬᠡᠥᠬᠡᠳ ᠤᠨ ᠴᠡᠴᠡᠷᠯᠢᠭ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠥᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠣᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ 9 ᠬᠡᠥᠬᠡᠳ ᠤᠨ ᠴᠡᠴᠡᠷᠯᠢᠭ ᠢ ᠰᠢᠨ᠎ᠡ ᠪᠠᠷ ᠪᠣᠶᠣ ᠦᠷᠭᠦᠯᠵᠢᠯᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠳᠤᠳᠠᠭᠤᠳᠠᠯ ᠢ ᠠᠯᠢ ᠲᠦᠷᠭᠡᠨ ᠢᠶᠠᠷ ᠨᠦᠬᠦᠪᠦᠷᠢᠯᠡᠨ᠎ᠡ᠃ ᠰᠠᠭᠤᠷᠢ ᠰᠤᠷᠭᠠᠨ ᠬᠦᠮᠦᠵᠢᠯ ᠢ ᠶᠡᠬᠡᠪᠡᠷ ᠰᠠᠶᠢᠵᠢᠷᠠᠭᠤᠯᠵᠤ᠂23 ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠦᠷᠭᠦᠯᠵᠢᠯᠡᠨ ᠪᠠᠶᠢᠭᠤᠯᠵᠤ᠂ ᠣᠷᠣᠨ ᠬᠤᠲᠠ ᠰᠢᠶᠠᠨ ᠭᠤᠷᠪᠠᠨ ᠱᠠᠲᠤ ᠪᠠᠷ ᠬᠤᠯᠪᠣᠭᠠᠯᠠᠨ ᠬᠦᠳᠡᠯᠦᠯᠴᠡᠵᠦ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠳᠤᠮᠳᠠᠳᠤ ᠳᠡᠭᠡᠳᠦ ᠳᠤᠮᠳᠠᠳᠤ ᠶᠢ ᠢᠵᠢᠯ ᠠᠯᠬᠤᠮ ᠢᠶᠠᠷ ᠠᠬᠢᠭᠤᠯᠵᠤ᠂ ᠨᠡᠷᠡᠲᠦ ᠰᠤᠷᠭᠠᠭᠤᠯᠢ ᠨᠢ ᠪᠠᠭᠤᠷᠠᠢ ᠰᠤᠷᠭᠠᠭᠤᠯᠢ ᠪᠠᠨ ᠳᠠᠭᠠᠭᠤᠯᠬᠤ ᠵᠡᠷᠭᠡ ᠠᠵᠢᠯ ᠢ ᠭᠦᠨᠵᠡᠭᠡᠢ ᠥᠷᠨᠢᠭᠦᠯᠵᠦ᠂ ᠬᠠᠮᠲᠤᠷᠠᠯᠴᠠᠨ ᠰᠤᠷᠭᠠᠭᠤᠯᠢ ᠡᠷᠬᠢᠯᠡᠬᠦ᠂ ᠪᠦᠯᠦᠭᠵᠢᠯ ᠤᠨ ᠮᠠᠶ᠋ᠢᠭ ᠢᠶᠠᠷ ᠰᠤᠷᠭᠠᠭᠤᠯᠢ ᠡᠷᠬᠢᠯᠡᠬᠦ ᠶᠢ ᠠᠬᠢᠭᠤᠯᠣᠨ᠂ ᠰᠤᠷᠭᠠᠨ ᠬᠦᠮᠦᠵᠢᠯ ᠤᠨ ᠬᠤᠯᠪᠣᠭ᠎ᠠ ᠪᠠᠷ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ ᠬᠦᠭᠵᠢᠯᠲᠡ ᠶᠢ ᠠᠬᠢᠭᠤᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠰᠢᠯᠢᠳᠡᠭᠵᠢᠭᠦᠯᠦᠨ ᠨᠢᠭᠡᠳᠬᠡᠵᠦ᠂ ᠡᠷᠴᠢᠮᠵᠢᠭᠰᠡᠨ᠂ ᠲᠤᠰᠬᠠᠶᠢᠵᠢᠭᠰᠠᠨ᠂ ᠪᠦᠯᠦᠭᠵᠢᠭᠰᠡᠨ ᠬᠦᠭᠵᠢᠯᠲᠡ ᠶᠢᠨ ᠵᠠᠮ ᠢ ᠪᠠᠷᠢᠮᠲᠠᠯᠠᠵᠤ᠂ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ︾ ᠢ ᠡᠬᠢᠯᠡᠭᠦᠯᠦᠨ ᠪᠠᠶᠢᠭᠤᠯᠵᠤ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠦᠯᠬᠦᠮᠴᠢᠯᠡᠭᠰᠡᠨ ᠬᠦᠭᠵᠢᠯᠲᠡ ᠶᠢ ᠳᠠᠶᠢᠴᠢᠯᠠᠨ᠎ᠠ᠃ ᠰᠤᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠲᠠ ᠶᠢ ᠴᠢᠩᠭᠠᠳᠬᠠᠵᠤ᠂ ᠰᠤᠷᠭᠠᠨ ᠬᠦᠮᠦᠵᠢᠯ ᠤᠨ ︽ᠭᠤᠷᠪᠠᠨ ᠨᠡᠪᠲᠡᠷᠡᠯ ᠬᠤᠶᠠᠷ ᠲᠠᠪᠴᠠᠩ︾ ᠤᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠵᠠᠬᠢᠷᠣᠯ ᠪᠣᠯᠣᠨ ᠪᠠᠭᠰᠢ ᠬᠤᠶᠠᠷ ᠡᠩᠨᠡᠭᠡᠨ ᠤ ᠪᠦᠲᠦᠭᠡᠨ ᠪᠠᠶᠢᠭᠤᠯᠣᠯᠲᠠ ᠶᠢ ᠴᠢᠩᠭᠠᠳᠬᠠᠨ᠎ᠠ᠃ ᠤᠯᠤᠰ ᠤᠨ ᠨᠢᠭᠡᠲᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠣᠲᠠᠢ ᠰᠠᠶᠢᠲᠣᠷ ᠬᠢᠨ᠎ᠡ      ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡ ᠶᠢᠨ ᠪᠠᠲᠣᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠠᠲᠠᠭᠤ ᠲᠣᠨᠤᠭ︾ ᠤᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠶᠣᠨ ᠤ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠦᠯᠦᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠾᠧᠩ ᠾᠧ ᠡᠮᠨᠡᠯᠭᠡ ᠶᠢᠨ ᠬᠤᠷᠢᠶ᠎ᠠ ᠵᠡᠷᠭᠡ ᠲᠦᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠡᠯ᠎ᠡ ᠱᠠᠲᠣᠨ ᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ  ᠳᠤ ᠲᠦᠰᠢᠭᠯᠡᠵᠦ᠂ ᠪᠠᠴᠢᠮ ᠠᠪᠣᠷᠠᠯᠲᠠ ᠶᠢᠨ ᠥᠷᠲᠡᠭᠡ ᠶᠢᠨ ᠪᠦᠲᠦᠭᠡᠨ ᠪᠠᠶᠢᠭᠤᠯᠣᠯᠲᠠ ᠶᠢ ᠴᠢᠩᠭᠠᠳᠬᠠᠵᠣ᠂ ᠲᠡᠷᠬᠡ ᠬᠥᠰᠬᠡ᠂ ᠠᠵᠢᠯᠲᠠᠨ ᠪᠣᠯᠣᠨ ᠲᠥᠬᠦᠭᠡᠷᠦᠮᠵᠢ ᠶᠢ ᠪᠦᠷᠢᠨ ᠭᠦᠢᠴᠡᠳ ᠲᠣᠬᠢᠷᠠᠭᠤᠯᠣᠨ᠎ᠠ᠃ ︽ᠵᠥᠭᠡᠯᠡᠨ ᠲᠣᠨᠤᠭ︾ ᠤᠨ ᠳᠡᠭᠡᠭᠰᠢᠯᠡᠭᠦᠯᠦᠯᠲᠡ ᠶᠢ ᠲᠦᠯᠬᠢᠨ ᠠᠬᠢᠭᠤᠯᠵᠣ᠂ ᠬᠤᠲᠠ ᠶᠢᠨ ᠬᠠᠷᠢᠶ᠎ᠠ ᠡᠮᠨᠡᠯᠭᠡ ᠶᠢᠨ ᠬᠤᠷᠢᠶ᠎ᠠ ᠳᠤ 25 ᠭᠤᠣᠯᠳᠠᠯᠭ᠎ᠠ ᠲᠠᠢ ᠲᠣᠰᠬᠠᠢ ᠰᠠᠯᠠᠭ᠎ᠠ᠂ 3 ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠪᠠᠶᠢᠭᠤᠯᠣᠨ᠎ᠠ︔ ᠪᠡᠭᠡᠵᠢᠩ᠂ ᠱᠠᠩᠬᠠᠢ ᠵᠡᠷᠭᠡ ᠭᠠᠵᠠᠷ ᠣᠷᠣᠨ ᠤ ᠲᠣᠰᠬᠠᠢ ᠮᠡᠷᠭᠡᠵᠢᠯᠲᠡᠨ ᠣᠨᠣᠰᠢᠯᠠᠯᠲᠠ ᠥᠷᠨᠢᠭᠦᠯᠬᠦ ᠪᠣᠶᠣ ᠠᠯᠤᠰ ᠠᠴᠠ ᠣᠨᠣᠰᠢᠯᠠᠬᠤ ᠦᠢᠯᠡᠴᠢᠯᠡᠭᠡ ᠶᠢ ᠲᠠᠲᠠᠨ ᠣᠷᠣᠭᠤᠯᠵᠤ᠂ ᠠᠷᠠᠳ ᠢᠷᠭᠡᠳ ᠢ ᠭᠡᠷ ᠤᠨ ᠡᠭᠦᠳᠡᠨ ᠳᠡᠭᠡᠷ᠎ᠡ ᠪᠠᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠬᠦ ᠪᠣᠯᠭᠠᠨ᠎ᠠ︔ ᠰᠢᠶᠠᠨ ᠤ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠢ ᠲᠤᠭ᠎ᠠ ᠪᠠᠷ ᠰᠦᠢᠳᠬᠡᠯ ᠲᠣᠰᠢᠶᠠᠬᠤ ᠳᠦᠷᠢᠮ ᠢ ᠬᠡᠷᠡᠭᠵᠢᠭᠦᠯᠵᠦ᠂ ᠡᠮᠬᠢ ᠵᠢᠷᠣᠮ  ᠲᠠᠢ ᠪᠠᠷ ᠡᠮᠨᠡᠭᠦᠯᠬᠦ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃      ᠨᠡᠶᠢᠭᠡᠮ ᠤᠨ ᠪᠠᠲᠣᠯᠠᠭ᠎ᠠ ᠶᠢᠨ ᠡᠷᠴᠢᠮ ᠢ ᠴᠢᠩᠭᠠᠳᠬᠠᠨ᠎ᠠ᠃ ᠬᠤᠲᠠ ᠪᠠᠯᠭᠠᠰᠣᠨ ᠤ ᠠᠵᠢᠯᠲᠠᠨ ᠪᠣᠯᠣᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠨᠢᠭᠡᠲᠦᠯᠲᠡᠢ ᠲᠦᠯᠦᠪᠯᠡᠨ ᠳᠡᠭᠡᠭᠰᠢᠯᠡᠭᠦᠯᠵᠦ᠂ ᠬᠦᠴᠢᠷᠲᠡᠢ ᠬᠦᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ᠂ ᠠᠪᠣᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠬᠤᠲᠠ ᠬᠦᠳᠡᠭᠡ ᠶᠢᠨ ᠨᠠᠭᠠᠳᠤ ᠵᠠᠬ᠎ᠠ ᠶᠢᠨ ᠪᠠᠲᠣᠯᠠᠭ᠎ᠠ ᠶᠢᠨ ᠮᠦᠩᠭᠦ᠂ ᠣᠨᠴᠠ ᠬᠦᠴᠢᠷᠲᠡᠢ ᠬᠦᠮᠦᠰ ᠢ ᠠᠰᠠᠷᠠᠨ ᠲᠡᠵᠢᠭᠡᠬᠦ ᠮᠦᠩᠭᠦ᠂ ᠣᠨᠴᠠ ᠬᠦᠴᠢᠷᠲᠡᠢ ᠬᠦᠮᠦᠰ ᠢ ᠠᠰᠠᠷᠠᠨ ᠰᠤᠪᠢᠯᠠᠬᠤ ᠰᠦᠢᠳᠬᠡᠯ ᠢ ᠴᠠᠭ ᠲᠤᠬᠠᠢ ᠳᠤᠨᠢ ᠭᠦᠢᠴᠡᠳ ᠲᠠᠷᠬᠠᠭᠠᠨ᠎ᠠ᠃ ᠭᠡᠷ ᠪᠦᠯᠢ ᠪᠣᠯᠣᠨ ᠨᠡᠶᠢᠭᠡᠮ ᠲᠣᠭᠤᠷᠢᠭ ᠤᠨ ᠨᠠᠰᠣᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ100 ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠥᠷᠭᠡᠳᠬᠡᠵᠦ ᠪᠠᠶᠢᠭᠤᠯᠣᠨ᠎ᠠ᠃ ︽ᠥᠷᠢᠲᠦᠭᠰᠡᠨ ᠢ ᠵᠠᠰᠠᠵᠤ ᠥᠭᠬᠦ ᠶᠢ ᠪᠠᠲᠣᠯᠠᠬᠤ︾ ᠠᠵᠢᠯ ᠢ ᠪᠦᠬᠦ ᠬᠦᠴᠦᠨ ᠢᠶᠠᠷ ᠰᠠᠶᠢᠲᠣᠷ ᠠᠳᠬᠤᠨ᠎ᠠ᠃ ᠤᠯᠠᠭᠠᠨ ᠵᠠᠭᠠᠯᠮᠠᠶᠢᠲᠠᠨ ᠤ ᠦᠢᠯᠡᠰ ᠢ ᠶᠡᠬᠡᠪᠡᠷ ᠬᠦᠭᠵᠢᠭᠦᠯᠦᠨ᠂ ᠨᠡᠶᠢᠲᠡ ᠶᠢᠨ ᠠᠰᠠᠷᠠᠮᠵᠢ ᠪᠣᠯᠣᠨ ᠨᠢᠭᠦᠯᠡᠰᠦᠩᠭᠦᠢ ᠶᠢᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠣᠨ᠎ᠠ᠃ ᠡᠮᠡᠭᠲᠡᠶᠢᠴᠦᠳ᠂ ᠬᠡᠥᠬᠡᠳ᠂ ᠵᠡᠮᠳᠡᠭᠴᠦᠳ ᠤᠨ ᠬᠠᠣᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃      ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠦ᠂ ︽12345︾ ᠵᠠᠭᠠᠯᠳᠣᠯᠭ᠎ᠠ ᠶᠢ ᠲᠣᠰᠣᠭᠰᠠᠨ ᠳᠠᠷᠣᠢ ᠭᠦᠢᠴᠡᠳᠬᠡᠬᠦ ᠲᠠᠪᠴᠠᠩ ᠢ ᠰᠠᠶᠢᠲᠣᠷ ᠬᠢᠵᠦ᠂ ︽ᠣᠯᠠᠨ ᠲᠥᠪ ᠢ ᠨᠢᠭᠡ ᠪᠣᠯᠭᠠᠬᠤ︾ ᠵᠦᠷᠢᠴᠡᠯ ᠵᠢᠭᠤᠷᠠᠭᠠᠨ ᠢ ᠪᠠᠶᠢᠴᠠᠭᠠᠨ ᠠᠷᠢᠯᠭᠠᠬᠤ ᠦᠢᠯᠡᠴᠢᠯᠡᠭᠡᠨ ᠤ ᠲᠥᠪ ᠤᠨ ᠪᠣᠳᠠᠲᠣ ᠴᠣᠭᠴᠠᠵᠢᠭᠰᠠᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ᠂ ᠬᠤᠰᠢᠭᠤ ᠰᠢᠶᠠᠨ ᠲᠤᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ ᠭᠤᠷᠪᠠᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠣ᠂ ᠲᠣᠣᠷᠵᠢᠭᠤᠯᠣᠭᠰᠠᠨ ᠦᠢᠯᠡᠴᠢᠯᠡᠭᠡ ᠶᠢᠨ ᠬᠠᠮᠢᠶᠠᠷᠣᠯᠲᠠ ᠶᠢᠨ ᠲᠠᠪᠴᠠᠩ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ᠂ ︽ᠣᠯᠠᠨ ᠲᠣᠣᠷ ᠢ ᠠᠭᠤᠰᠣᠯᠴᠠᠭᠤᠯᠵᠤ᠂ ᠨᠢᠭᠡ ᠲᠣᠣᠷ ᠢᠶᠠᠷ ᠨᠢᠭᠡᠲᠦᠯᠲᠡᠢ ᠲᠦᠯᠦᠪᠵᠢᠭᠦᠯᠬᠦ︾ ᠶᠢ ᠠᠬᠢᠭᠤᠯᠵᠤ᠂ ︽ᠲᠣᠣᠷ᠂ ᠲᠣᠰᠬᠤᠨ ︵ᠨᠡᠶᠢᠭᠡᠮ ᠲᠣᠭᠤᠷᠢᠭ︶ ᠠᠰᠠᠭᠤᠳᠠᠯ ᠢ ᠣᠯᠵᠤ ᠮᠡᠳᠡᠪᠡᠯ᠂ ᠰᠠᠯᠠᠭ᠎ᠠ ᠮᠦᠴᠢᠷ ᠰᠢᠢᠳᠪᠦᠷᠢᠯᠡᠬᠦ︾ ᠦᠨᠳᠦᠰᠦᠨ ᠱᠠᠲᠣᠨ ᠤ ᠲᠣᠣᠷᠵᠢᠭᠤᠯᠣᠭᠰᠠᠨ ᠵᠠᠰᠠᠯᠲᠠ ᠶᠢᠨ ᠲᠣᠭᠲᠠᠴᠠ ᠶᠢ ᠪᠣᠢ ᠪᠣᠯᠭᠠᠨ᠎ᠠ᠃      ᠬᠦᠭᠵᠢᠯᠲᠡ ᠪᠠ ᠠᠶᠣᠯᠭᠦᠢ ᠬᠤᠶᠠᠷ ᠶᠡᠭᠡ ᠤᠴᠢᠷ ᠢ ᠨᠢᠭᠡᠲᠦᠯᠲᠡᠢ ᠲᠦᠯᠦᠪᠵᠢᠭᠦᠯᠦᠨ᠎ᠡ᠃ ᠬᠤᠷᠢᠭ᠎ᠠ ᠱᠤᠭᠤᠮ ᠤᠨ ᠰᠡᠳᠬᠢᠬᠦᠶ ᠪᠠᠷ ᠬᠥᠭᠵᠢᠯᠲᠡ ᠶᠢ ᠰᠦᠪᠡᠭᠴᠢᠯᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠢᠳᠡᠪᠬᠢᠲᠡᠶ ᠪᠠᠷ ᠠᠷᠭᠠᠴᠠᠭᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠠᠮᠤᠷ ᠲᠦᠪᠰᠢᠨ᠂ ᠠᠮᠢ ᠠᠬᠤᠶ ᠶᠢᠨ ᠣᠷᠴᠢᠨ ᠲᠣᠭᠤᠷᠢᠨ ᠤ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ᠂ ᠨᠡᠶᠢᠭᠡᠮ ᠤᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠠᠷᠪᠠᠳᠤᠭᠠᠷ ᠤᠳᠠᠭ᠎ᠠ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢ ᠪᠠᠶᠢᠭᠤᠯᠬᠤ ᠪᠠᠷ ᠴᠢᠷᠮᠠᠶᠢᠨ᠎ᠠ᠃ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠳᠠᠭᠠᠯᠠᠯᠲᠠ ᠶᠢ ᠰᠢᠢᠳᠪᠦᠷᠢᠯᠡᠨ᠎ᠡ᠃ ᠠᠮᠤᠷ ᠠᠮᠤᠭᠤᠯᠠᠩ ᠣᠷᠣᠨ ᠤ ᠲᠥᠪ ᠢ ᠲᠦᠷᠭᠡᠳᠬᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃      ᠳᠥᠷᠪᠡ᠂ ᠵᠠᠰᠠᠭ ᠤᠨ ᠣᠷᠳᠣᠨ ᠤ ᠥᠪᠡᠷ ᠤᠨ ᠪᠠᠶᠢᠭᠤᠯᠣᠯᠲᠠ ᠶᠢ ᠴᠢᠩᠭᠠᠳᠬᠠᠨ᠎ᠠ      ᠵᠠᠰᠠᠭ ᠶᠠᠪᠤᠭᠤᠯᠬᠤ ᠶᠢᠨ ᠭᠤᠣᠯ ᠨᠢ ᠨᠠᠶᠢᠳᠠᠪᠤᠷᠢᠵᠢᠭᠤᠯᠬᠤ ᠳᠤ ᠪᠣᠢ᠃ ᠵᠠᠰᠠᠭ ᠤᠨ ᠣᠷᠳᠣᠨ ᠨᠢ ᠬᠦᠴᠦᠨ ᠲᠡᠭᠦᠯᠳᠡᠷ ᠪᠦᠲᠦᠮᠵᠢᠲᠡᠶ ᠠᠵᠢᠯᠯᠠᠬᠤ ᠪᠠᠷ ᠳᠠᠮᠵᠢᠭᠤᠯᠤᠨ᠂ ᠠᠷᠠᠳ ᠤᠨ ᠵᠠᠰᠠᠭ ᠤᠨ ᠣᠷᠳᠣᠨ ᠤ ᠠᠷᠠᠳ ᠲᠦᠮᠡᠨ ᠳᠤ ᠦᠢᠯᠡᠴᠢᠯᠡᠬᠦ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠬᠦ ᠬᠡᠷᠡᠭᠲᠡᠶ᠃      ᠪᠣᠲᠠᠲᠠᠢ ᠦᠢᠯᠡ ᠠᠵᠢᠯᠯᠠᠭ᠎ᠠ ᠪᠠᠷ ᠢᠶᠠᠨ ᠨᠠᠮ ᠳᠠᠭᠠᠨ ᠦᠨᠡᠨᠴᠢ ᠪᠠᠨ ᠢᠯᠡᠳᠬᠡᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠲᠠᠢ ᠬᠠᠷᠢᠴᠠᠭᠤᠯᠤᠨ ᠬᠠᠷᠭᠤᠭᠤᠯᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠠᠵᠢᠭᠯᠠᠬᠤ ᠪᠠ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠤᠴᠢᠷ ᠶᠠᠪᠤᠳᠠᠯ ᠢ ᠪᠣᠳᠣᠯᠬᠢᠯᠠᠬᠤ ᠳᠠᠭᠠᠨ ᠤᠯᠤᠰ ᠲᠦᠷᠦ ᠶᠢᠨ ᠱᠠᠭᠠᠷᠳᠠᠯᠭ᠎ᠠ ᠶᠢ ᠢᠯᠡᠭᠦᠦ ᠪᠣᠳᠣᠯᠬᠢᠯᠠᠵᠤ᠂ ᠠᠵᠢᠯ ᠬᠢᠬᠦ ᠳᠡᠭᠡᠨ ᠤᠯᠤᠰ ᠲᠦᠷᠦ ᠶᠢᠨ ᠨᠥᠯᠥᠭᠡ ᠶᠢ ᠢᠯᠡᠭᠦᠦ ᠪᠣᠳᠣᠯᠬᠢᠯᠠᠵᠤ᠂ ᠤᠴᠢᠷ ᠶᠠᠪᠤᠳᠠᠯ ᠢ ᠪᠦᠲᠦᠭᠡᠬᠦ ᠳᠡᠭᠡᠨ ᠤᠯᠤᠰ ᠲᠦᠷᠦ ᠶᠢᠨ ᠦᠷ᠎ᠡ ᠪᠦᠲᠦᠮᠵᠢ ᠶᠢ ᠢᠯᠡᠭᠦᠦ ᠪᠣᠳᠣᠯᠬᠢᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠣᠯᠠᠨ᠎ᠠ᠃      ᠬᠠᠣᠯᠢ ᠪᠠᠷ ᠵᠠᠰᠠᠭ ᠶᠠᠪᠤᠭᠤᠯᠬᠤ ᠪᠠᠷ ᠵᠠᠰᠠᠭ ᠤᠨ ᠣᠷᠳᠣᠨ ᠤ ᠦᠢᠯᠡ ᠠᠵᠢᠯᠯᠠᠭ᠎ᠠ ᠶᠢ ᠵᠢᠷᠣᠮᠵᠢᠭᠤᠯᠣᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠤ᠂ ᠭᠠᠷ ᠲᠠᠬᠢ ᠡᠷᠬᠡ ᠶᠢ ᠠᠷᠠᠳ ᠲᠦᠮᠡᠨ ᠠᠴᠠ ᠣᠯᠭᠤᠭᠰᠠᠨ ᠢ ᠢᠮᠠᠭᠲᠠ ᠪᠠᠲᠤ ᠴᠡᠭᠡᠵᠢᠯᠡᠵᠦ᠂ ᠬᠠᠣᠯᠢ ᠪᠠᠷ ᠵᠠᠰᠠᠭ ᠶᠠᠪᠣᠭᠤᠯᠬᠤ ᠶᠢ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠡᠷᠡᠭᠵᠢᠭᠦᠯᠬᠦ᠂ ᠨᠠᠶᠢᠳᠠᠪᠤᠷᠢᠵᠢᠭᠤᠯᠬᠤ ᠪᠦᠬᠦ ᠶᠠᠪᠤᠴᠠ ᠪᠠ ᠡᠯ᠎ᠡ ᠲᠠᠯ᠎ᠠ ᠳᠤ ᠲᠣᠭᠤᠰᠢᠯᠠᠭᠤᠯᠬᠤ ᠶᠢ ᠪᠠᠷᠢᠮᠲᠠᠯᠠᠵᠤ᠂ ᠬᠠᠤᠯᠢ ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢ ᠵᠠᠪᠠᠯ ᠰᠠᠶᠢᠲᠤᠷ ᠭᠦᠢᠴᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠢᠯᠠ ᠪᠠᠷ ᠶᠠᠪᠣᠭᠳᠠᠭᠤᠯᠣᠨ᠎ᠠ᠃      ᠨᠠᠶᠢᠳᠠᠪᠣᠷᠢᠵᠢᠭᠤᠯᠣᠯᠲᠠ ᠶᠢ ᠴᠢᠩᠭ᠎ᠠ ᠠᠳᠬᠤᠬᠤ ᠪᠠᠷ ᠬᠡᠷᠡᠭᠵᠢᠭᠦᠯᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠵᠠᠰᠠᠭ ᠤᠨ ᠣᠷᠳᠣᠨ ᠤ ᠠᠵᠢᠯ ᠤᠨ ᠬᠠᠮᠤᠭ ᠤᠨ ᠴᠢᠬᠤᠯᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠬᠦᠢᠴᠡᠳᠬᠡᠨ᠂ ︽ᠡᠮᠦᠨ᠎ᠡ ᠹᠷᠣᠨᠲ ᠲᠤ ᠠᠵᠢᠯᠯᠠᠵᠤ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠬᠤ︾ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠬᠦᠴᠦᠨ ᠢ ᠪᠦᠬᠦ ᠲᠠᠯ᠎ᠠ ᠪᠠᠷ᠂ ᠪᠦᠬᠦ ᠶᠠᠪᠤᠴᠠ ᠪᠠᠷ ᠳᠡᠭᠡᠭᠰᠢᠯᠡᠭᠦᠯᠦᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠰᠢᠢᠳᠪᠦᠷᠢᠲᠦ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠪᠠᠶᠢᠷᠢᠯᠠᠭᠤᠯᠤᠭᠰᠠᠨ ᠡᠭᠦᠷᠭᠡ ᠶᠢ ᠡᠷᠡᠰ ᠨᠠᠶᠢᠳᠠᠪᠤᠷᠢᠵᠢᠭᠤᠯᠤᠨ᠂ ᠳᠤᠲᠠᠭᠤ ᠳᠣᠷᠭᠤᠨ ᠬᠡᠷᠡᠭᠵᠢᠭᠦᠯᠬᠦ ᠥᠬᠡᠶ᠂ ᠥᠭᠡᠷᠡᠲᠦᠭᠦᠯᠬᠦ ᠥᠬᠡᠶ᠂ ᠰᠣᠩᠭᠤᠯᠲᠠ ᠬᠢᠬᠦ ᠥᠬᠡᠶ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢ ᠦᠨᠡᠨ ᠪᠣᠳᠠᠲᠠᠶ ᠪᠠᠷ ᠬᠢᠵᠦ ᠡᠭᠦᠷᠭᠡᠯᠡᠨ᠂ ᠡᠷᠡᠰ ᠪᠡᠶᠡᠯᠡᠭᠦᠯᠵᠦ᠂ ᠠᠰᠠᠭᠤᠳᠠᠯ ᠠᠴᠠ ᠵᠠᠶᠢᠯᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ᠂ ᠪᠤᠰᠤᠳᠴᠢ ᠰᠢᠯᠲᠠᠭᠠᠨ ᠡᠷᠢᠬᠦ ᠥᠬᠡᠶ᠃ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠯᠭᠠᠮᠳᠠᠵᠤ ᠬᠦᠴᠢᠷᠳᠡᠵᠦ ᠵᠤᠪᠠᠵᠤ ᠬᠦᠰᠡᠭᠰᠡᠨ ᠠᠰᠠᠭᠤᠳᠠᠯ ᠢ ᠡᠷᠬᠡᠪᠰᠢ ᠬᠠᠮᠤᠭ ᠤᠨ ᠴᠢᠬᠤᠯᠠ᠂ ᠬᠠᠮᠤᠭ ᠤᠨ ᠲᠡᠷᠢᠭᠦᠨ ᠪᠠᠶᠢᠷᠢᠨ ᠳᠤ ᠲᠠᠯᠪᠢᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠨᠢᠭᠡ ᠶᠢ ᠭᠦᠢᠴᠡᠳᠬᠡᠪᠡᠯ ᠨᠢᠭᠡ ᠶᠢ ᠪᠡᠶᠡᠯᠡᠭᠦᠯᠵᠦ᠂ ᠨᠢᠭᠡ ᠶᠢ ᠪᠦᠲᠦᠭᠡᠪᠡᠯ ᠠᠷᠠᠳ ᠤᠯᠠᠨ ᠳᠤ ᠨᠢᠭᠡ ᠶᠢ ᠮᠡᠳᠡᠷᠡᠭᠦᠯᠦᠨ᠎ᠡ᠃      ᠪᠦᠬᠦ ᠲᠠᠯ᠎ᠠ ᠪᠠᠷ ᠴᠢᠩᠳᠠᠯᠠᠬᠤ ᠪᠠᠷ ᠲᠥᠪ ᠭᠤᠣᠯᠴᠢ ᠠᠷᠢᠭᠤᠨ ᠴᠢᠭᠡᠴᠢ ᠪᠣᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ︽ᠴᠢᠩᠭ᠎ᠠ ᠬᠠᠮᠢᠶᠠᠷᠴᠤ︾᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠵᠤ᠂ ᠴᠢᠩᠭ᠎ᠠ ᠪᠠᠶᠢᠬᠤ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠡᠷᠡᠰ ᠵᠣᠷᠢᠭ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠰᠤᠯᠠᠷᠠᠭᠤᠯᠬᠤ ᠦᠭᠡᠢ᠂ ᠡᠴᠦᠰ ᠲᠤᠨᠢ ᠲᠤᠯᠲᠠᠯ᠎ᠠ ᠴᠢᠩᠳᠠᠯᠠᠨ᠎ᠠ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠲᠦᠷᠦᠭᠦᠯᠡᠵᠦ︾᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠬᠢᠨᠠᠮᠠᠭᠠᠶ ᠭᠦᠢᠴᠡᠳᠬᠡᠵᠦ᠂ ᠠᠷᠢᠭᠤᠨ ᠴᠢᠬᠡᠴᠢ ᠰᠤᠷᠲᠠᠯ ᠢ ᠪᠠᠲᠤ ᠰᠠᠬᠢᠵᠤ᠂ ᠲᠡᠷᠢᠭᠦᠨ ᠤ ᠮᠥᠨ ᠴᠢᠨᠠᠷ ᠢᠶᠠᠨ ᠡᠭᠦᠷᠢᠳᠡ ᠬᠠᠳᠠᠭᠠᠯᠠᠵᠤ᠂ ᠦᠯᠢᠭᠡᠷ ᠳᠠᠭᠤᠷᠢᠶᠠᠯ ᠦᠵᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠣᠷᠳᠣᠨ ᠤ ᠪᠦᠬᠦ ᠠᠵᠢᠯᠲᠠᠳ ︽ᠪᠡᠶ᠎ᠡ ᠪᠠᠨ ᠪᠠᠷᠢᠵᠤ︾᠂ ᠪᠡᠶ᠎ᠡ ᠪᠠᠨ ᠱᠠᠭᠠᠷᠳᠠᠵᠤ ᠪᠡᠶ᠎ᠡ ᠪᠠᠨ ᠰᠡᠩᠬᠡᠷᠡᠭᠦᠯᠵᠦ ᠪᠡᠶ᠎ᠡ ᠪᠠᠨ ᠰᠡᠷᠡᠮᠵᠢᠭᠦᠯᠵᠦ ᠪᠡᠶ᠎ᠡ ᠪᠠᠨ ᠵᠣᠷᠢᠭᠵᠢᠭᠤᠯᠵᠤ᠂ ᠤᠴᠢᠷ ᠶᠠᠪᠤᠳᠠᠯ ᠢ ᠭᠠᠭᠴᠠᠭᠠᠷ ᠡᠵᠡᠨ ᠮᠡᠳᠡᠬᠦ ᠠᠴᠠ ᠬᠢᠴᠢᠶᠡᠵᠦ ᠵᠢᠵᠢᠭ ᠰᠠᠵᠢᠭ ᠤᠴᠢᠷ ᠶᠠᠪᠤᠳᠠᠯ ᠳᠤ ᠬᠢᠴᠢᠶᠡᠵᠦ ᠤᠴᠢᠷ ᠶᠠᠪᠤᠳᠠᠯ ᠠᠩᠬ᠎ᠠ ᠴᠣᠬᠤᠶᠢᠬᠤ ᠦᠶ᠎ᠡ ᠳᠤ ᠬᠢᠴᠢᠶᠡᠵᠦ ᠤᠴᠢᠷ ᠶᠠᠪᠤᠳᠠᠯ ᠳᠠᠭᠤᠰᠬᠤ ᠦᠶ᠎ᠡ ᠳᠤ ᠬᠢᠴᠢᠶᠡᠵᠦ᠂ ᠪᠣᠳᠠᠲᠤ ᠠᠵᠢᠯᠯᠠᠭ᠎ᠠ ᠪᠠ ᠴᠣ ᠰᠢᠨ᠎ᠡ ᠲᠦᠷᠢ ᠲᠥᠷᠬᠦ ᠪᠠᠷ ᠠᠷᠠᠳ ᠲᠦᠮᠡᠨ ᠤ ᠠᠯᠪᠠᠨ ᠵᠠᠷᠤᠴᠠ ᠶᠢᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠶ᠃      ᠲᠥᠯᠥᠭᠡᠯᠡᠭᠴᠢᠳ ᠡ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠵᠤ᠂ ᠪᠢᠳᠡ ᠡᠬᠢᠯᠡᠬᠦ ᠦᠶ᠎ᠡ ᠲᠠᠢ ᠪᠠᠨ ᠠᠳᠠᠯᠢᠬᠠᠨ ᠬᠢᠴᠢᠶᠡᠨ ᠪᠣᠯᠭᠤᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠨ᠂ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠡᠮᠴᠢᠯᠡᠭᠡᠨ ᠤ ᠪᠠᠶᠢᠭᠤᠯᠤᠮᠵᠢ ᠪᠠ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠭᠤᠭᠴᠤᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠨᠠᠷᠢᠯᠢᠭ ᠣᠨᠣᠪᠴᠢᠲᠠᠢ ᠪᠠᠷ ᠰᠠᠶᠢᠲᠤᠷ ᠬᠢᠵᠦ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠰᠠᠬᠢᠬᠤ ᠬᠡᠷᠡᠭᠲᠡᠢ᠃      ᠲᠥᠯᠥᠭᠡᠯᠡᠭᠴᠢᠳ ᠡ᠂ ᠬᠦᠰᠡᠯᠡᠩ ᠵᠡᠭᠦᠳᠦ ᠬᠦᠰᠡᠯ ᠡᠷᠡᠮᠡᠯᠵᠡᠯ ᠢ ᠠᠴᠢᠶᠠᠯᠠᠵᠤ᠂ ᠰᠢᠷᠭᠠᠭᠤ ᠪᠣᠳᠠᠲᠠᠢ ᠬᠦᠳᠡᠯᠮᠦᠷᠢ ᠢᠷᠡᠭᠡᠳᠦᠢ ᠶᠢ ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠴᠤᠴᠠᠯᠲᠠ ᠦᠭᠡᠢ ᠤᠷᠤᠭᠰᠢᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ︽ᠦᠵᠡᠰᠬᠦᠯᠡᠩᠲᠦ ᠰᠠᠶᠢᠬᠠᠨ ᠬᠥᠬᠡ ᠬᠤᠳᠠ · ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠴᠢᠨᠠᠷ ᠰᠠᠶᠢᠲᠠᠢ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号