ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠶᠢᠨ ᠴᠦᠨ ᠯᠢᠶᠠᠩ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ | ᠬᠢᠬᠦ ᠶᠢᠨ ᠬᠠᠮᠲᠤ ︽ᠦᠴᠤᠸᠠᠨ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠲᠣᠪᠴᠢ ︵ᠲᠥᠰᠦᠯ︶︾ ᠶᠢ ᠶᠡᠭᠡ ᠬᠤᠷᠠᠯ ᠳᠤ | ᠳᠡᠪᠰᠢᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠵᠢᠴᠢ 2020 | ᠣᠨ ᠤ ᠠᠵᠢᠯ ᠤᠨ ᠲᠤᠬᠠᠶ ᠡᠷᠭᠢᠴᠡᠭᠦᠯᠦᠯ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠰᠢᠶᠠᠨ ᠤ | ᠬᠥᠭᠵᠢᠯᠲᠡ ᠶᠢᠨ ᠲᠡᠦᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ ᠪᠥᠭᠡᠳ ᠲᠦᠢᠯ ᠤᠨ ᠴᠢᠬᠤᠯᠠ ᠲᠠᠪᠤᠨ ᠵᠢᠯ | ᠮᠥᠨ᠃ ᠲᠠᠪᠤᠨ ᠵᠢᠯ ᠤᠨ ᠲᠤᠷᠰᠢ᠂ ᠤᠷᠢᠳ ᠡᠮᠦᠨ᠎ᠡ ᠪᠠᠶᠢᠭ᠎ᠠ ᠦᠭᠡᠶ ᠴᠢᠬᠤᠯᠠ ᠶᠡᠭᠡ ᠰᠢᠯᠭᠠᠯᠲᠠ ᠳᠤ | ᠲᠤᠯᠭᠠᠷᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠡᠭᠦᠷᠭᠡ᠂ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ | ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠴᠢᠬᠤᠯᠠ ᠶᠡᠭᠡ | ᠰᠢᠪᠲᠤᠯᠤᠯᠲᠠ ᠲᠠᠢ ᠪᠤᠯᠵᠤ᠂ ᠠᠯᠤᠰ ᠬᠡᠳᠤ ᠶᠢᠨ ᠬᠥᠭᠵᠢᠯᠲᠡ ᠳᠤ ᠬᠤᠯᠪᠣᠭᠳᠠᠬᠤ ᠨᠢᠭᠡ ᠪᠦᠯᠦᠭ ᠶᠡᠭᠡ ᠶᠠᠪᠤᠳᠠᠯ | ᠴᠢᠬᠤᠯᠠ ᠶᠠᠪᠤᠳᠠᠯ ᠢ ᠪᠦᠲᠦᠭᠡᠵᠦ᠂ ᠠᠯᠢ ᠤᠯᠠᠨ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠴᠢᠬᠤᠯᠠ | ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ | ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠠᠮᠵᠢᠯᠲᠠ ᠲᠠᠢ | ᠲᠡᠭᠦᠰᠬᠡᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ | ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | — ᠡᠨᠡ ᠪᠣᠯ ᠶᠡᠷᠦᠩᠬᠡᠶᠢᠯᠡᠭᠰᠡᠨ ᠪᠣᠳᠠᠲᠤ ᠬᠦᠴᠦᠨ ᠦᠷᠭᠦᠯᠵᠢᠯᠡᠨ ᠳᠡᠭᠡᠭᠰᠢᠯᠡᠭᠰᠡᠨ ᠲᠠᠪᠤᠨ ᠵᠢᠯ ᠪᠣᠯᠤᠨ᠎ᠠ | ᠃ ᠲᠠᠪᠤᠨ ᠵᠢᠯ ᠤᠨ ᠲᠤᠷᠰᠢ᠂ ᠪᠢᠳᠡ ᠠᠵᠤ ᠠᠬᠤᠶ ᠪᠠᠭᠤᠷᠠᠬᠤ ᠳᠠᠷᠤᠯᠲᠠ ᠶᠢ ᠢᠳᠡᠪᠬᠢᠲᠡᠶ ᠪᠠᠷ ᠠᠷᠭᠠᠴᠠᠵᠤ᠂ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠳᠬᠤᠨ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠷᠪᠠᠨ ᠭᠤᠷᠪᠠᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠭᠤᠤᠯ ᠬᠠᠷᠠᠯᠲᠠ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠢᠨ᠎ᠡ | ᠬᠡᠪ ᠪᠠᠶᠢᠳᠠᠯ ᠳᠣᠤᠷᠠᠬᠢ ᠰᠢᠨ᠎ᠡ ᠬᠥᠭᠵᠢᠯᠲᠡ ᠶᠢ ᠪᠡᠶᠡᠯᠡᠭᠦᠯᠪᠡ᠃ ᠪᠥᠬᠦ ᠰᠢᠶᠠᠨ ᠤ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ 51.2 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠤᠳᠠᠭᠠᠨ ᠤ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ 18.3᠄ 17.2᠄ 64.5 ᠪᠣᠯᠵᠣ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 14.2 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 5.3 ᠳ᠋ᠦᠩᠰᠢᠭᠤᠷ ᠲᠥᠭᠦᠷᠢᠭ ᠲᠤ ᠬᠦᠷᠴᠦ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 8.1 ᠳ᠋ᠦᠩᠰᠢᠭᠤᠷ | ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2.15 ᠳ᠋ᠦᠩᠰᠢᠭᠤᠷ | ᠲᠥᠭᠦᠷᠢᠭ ᠪᠠᠶᠢᠭᠰᠠᠨ ᠠᠴᠠ ᠪᠠᠨ 2.53 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ | 3.3% ᠪᠠᠷ ᠨᠡᠮᠡᠭᠳᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 23166 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 28655 ᠲᠥᠭᠦᠷᠢᠭ ᠪᠣᠯᠵᠣ᠂ ᠵᠢᠯ | ᠪᠦᠷᠢ ᠳᠤᠮᠳᠠᠴᠢ ᠪᠠᠷ 6.1% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6931 ᠲᠥᠭᠦᠷᠢᠭ ᠪᠠᠶᠢᠭᠰᠠᠨ ᠠᠴᠠ ᠪᠠᠨ | 11082 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 11.9% ᠪᠠᠷ ᠨᠡᠮᠡᠭᠳᠡᠪᠡ᠃ ᠠᠵᠤ ᠠᠬᠤᠶ | ᠨᠡᠶᠢᠭᠡᠮ ᠤᠨ ᠬᠥᠭᠵᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠪᠣᠯᠬᠤ ᠰᠠᠶᠢᠨ ᠪᠠᠶᠢᠳᠠᠯ ᠢᠯᠡᠷᠡᠪᠡ᠃ | — ᠡᠨᠡ ᠪᠣᠯ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠦᠴᠦᠯᠡᠨ ᠴᠢᠷᠮᠠᠶᠢᠵᠤ ᠦᠢᠯᠡᠰ | ᠪᠦᠲᠦᠭᠡᠬᠦ ᠪᠠᠷ ᠬᠦᠴᠦᠯᠡᠨ ᠴᠢᠷᠮᠠᠶᠢᠭᠰᠠᠨ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠪᠢᠳᠡ ᠨᠢᠭᠡ ᠯᠡ | ᠠᠮᠢᠰᠬᠤᠭ᠎ᠠ ᠪᠠᠷ ᠴᠢᠷᠮᠠᠶᠢᠵᠤ᠂ ᠠᠰᠢᠭᠲᠠᠶ ᠪᠠᠶᠢᠳᠠᠯ ᠢ ᠠᠮᠵᠢᠨ ᠤᠷᠤᠭᠰᠢᠯᠠᠵᠤ᠂ ᠭᠤᠷᠪᠠᠨ ᠶᠡᠭᠡ ᠪᠡᠷᠬᠡ ᠰᠡᠳᠦᠪ ᠢ | ᠰᠢᠢᠳᠪᠦᠷᠢᠯᠡᠬᠦ ᠲᠡᠶᠢᠨ ᠤ ᠴᠢᠬᠤᠯᠠ ᠶᠡᠭᠡ ᠢᠯᠠᠯᠲᠠ ᠶᠢ ᠲᠡᠮᠡᠴᠡᠨ ᠣᠯᠵᠤ᠂ ᠡᠯ᠎ᠡ ᠲᠥᠷᠥᠯ ᠤᠨ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠥᠮ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ | ᠴᠡᠭᠴᠡᠯᠡᠨ ᠵᠠᠰᠠᠵᠤ ᠳᠠᠭᠤᠰᠬᠠᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ | ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠤᠯᠪᠠ᠃ ︽ᠳᠥᠷᠪᠡᠨ ᠵᠦᠢᠯ ᠤᠨ ᠠᠵᠤ ᠦᠢᠯᠡᠰ ᠤᠨ ᠬᠡᠯᠬᠢᠶ᠎ᠡ︾ ᠶᠢ | ᠪᠤᠶᠢᠵᠢᠭᠤᠯᠤᠨ ᠪᠦᠷᠢᠯᠳᠦᠭᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠷᠤᠯᠭ᠎ᠠ ᠨᠡᠶᠢᠲᠡ 6.88 | ᠳ᠋ᠦᠩᠰᠢᠭᠤᠷ ᠲᠥᠭᠦᠷᠢᠭ ᠲᠤ ᠬᠦᠷᠴᠦ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠦᠬᠦᠨ ᠢ | ᠬᠠᠮᠤᠷᠴᠤ᠂ 93 ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 5 ᠲᠦᠮᠡᠨ | ᠲᠥᠭᠦᠷᠢᠭ ᠠᠴᠠ ᠳᠡᠭᠡᠭᠰᠢ ᠳᠤ ᠬᠥᠷᠪᠡ᠃ 500 ᠲᠦᠮᠡᠨ ᠲᠥᠭᠦᠷᠢᠭ ᠴᠤᠭᠯᠠᠭᠤᠯᠤᠨ ᠶᠠᠳᠠᠭᠤ ᠬᠦᠴᠢᠷᠳᠡᠯᠲᠡᠶ | ᠰᠤᠷᠤᠭᠴᠢᠳ ᠢ ᠠᠪᠤᠷᠠᠨ ᠲᠤᠰᠠᠯᠠᠬᠤ ᠰᠠᠭᠤᠷᠢ ᠮᠥᠩᠭᠦ ᠶᠢ ᠪᠠᠶᠢᠭᠤᠯᠵᠤ᠂ ᠰᠢᠶᠠᠨ ᠤ ᠳᠣᠲᠣᠷᠠᠬᠢ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠬᠡᠤᠬᠡᠳ ᠤᠳ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠥᠬᠦᠪᠥᠷᠢ | ᠥᠭᠴᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠤᠷ ᠢ ᠪᠠᠬᠢᠵᠢᠭᠦᠯᠪᠡ᠃ 1500 | ᠲᠦᠮᠡᠨ ᠲᠥᠭᠦᠷᠢᠭ ᠴᠤᠭᠯᠠᠭᠤᠯᠤᠨ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠪᠤᠷᠠᠨ ᠲᠤᠰᠠᠯᠠᠬᠤ ᠰᠠᠭᠤᠷᠢ | ᠮᠥᠩᠭᠦ ᠶᠢ ᠪᠠᠶᠢᠭᠤᠯᠵᠤ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ᠂ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠲᠦᠷᠢᠮ ᠢ ᠵᠣᠯᠭᠠᠭᠤᠯᠬᠤ ᠶᠢ ᠬᠡᠷᠡᠭᠵᠢᠭᠦᠯᠦᠨ᠂ ᠬᠦᠨᠳᠦ | ᠣᠨᠴᠠ ᠶᠡᠭᠡ ᠡᠪᠡᠳᠴᠢᠨ ᠡᠮᠭᠡᠭ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠵᠠᠷᠤᠳᠠᠯ ᠢ | ᠨᠢᠭᠡᠳᠦᠯᠲᠡᠶ ᠲᠥᠯᠥᠪᠯᠡᠨ ᠳᠥᠯᠥᠵᠦ ᠲᠠᠩᠰᠠ ᠲᠠᠶᠢᠯᠬᠤ ᠬᠠᠷᠢᠴᠠᠯ ᠢ 90% ᠳᠤ ᠬᠦᠷᠦᠭᠦᠯᠵᠦ᠂ ᠡᠪᠡᠳᠴᠢᠨ ᠠᠴᠠ | ᠪᠣᠯᠵᠣ ᠳᠠᠬᠢᠨ ᠶᠠᠳᠠᠭᠤᠷᠠᠬᠤ ᠰᠦᠯᠵᠢᠶᠡᠨ ᠤ ᠰᠠᠭᠤᠷᠢ ᠶᠢ ᠪᠠᠲᠤᠯᠠᠪᠠ᠃ ᠳᠡᠩᠰᠡᠯᠡᠨ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ ᠳᠤ 24954 ᠬᠥᠮᠦᠨ ︵ᠤᠳᠠᠭ᠎ᠠ︶ ᠲᠠᠢ ᠭᠡᠷ᠎ᠡ ᠲᠣᠭᠲᠠᠵᠤ ᠦᠢᠯᠡᠴᠢᠯᠡᠪᠡ᠃ ᠪᠦᠬᠦ | ᠰᠢᠶᠠᠨ ᠤ 17565 ᠡᠷᠦᠬᠡ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠡᠷᠦᠬᠡ ᠳᠤ ᠣᠷᠣᠨ ᠰᠠᠭᠤᠴᠠ ᠶᠢᠨ | ᠠᠮᠤᠷ ᠲᠦᠪᠰᠢᠨ ᠤ ᠬᠢᠨᠠᠨ ᠲᠣᠭᠲᠠᠭᠠᠯᠲᠠ ᠬᠢᠵᠦ᠂ 10112 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠨ ᠵᠠᠰᠠᠵᠤ᠂ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ | ᠨᠤᠷᠠᠬᠤ ᠠᠶᠤᠯᠲᠠᠶ ᠭᠡᠷ ᠪᠠᠶᠢᠰᠢᠩ ᠢ ᠬᠥᠳᠡᠯᠦᠩᠭᠦᠶ ᠪᠠᠷ ᠴᠡᠪᠡᠷᠯᠡᠵᠦ᠂ ᠣᠷᠣᠨ ᠰᠠᠭᠤᠴᠠ ᠶᠢᠨ ᠠᠮᠤᠷ ᠲᠦᠪᠰᠢᠨ ᠤ | ᠲᠣᠣᠷ ᠢ ᠨᠢᠭᠲᠠ ᠰᠦᠯᠵᠢᠪᠡ᠃ 531 ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠪᠠᠶᠢᠭᠤᠯᠵᠤ᠂ 76 | ᠠᠶᠢᠯ ᠲᠣᠰᠬᠤᠨ ᠤ ᠤᠤᠭᠤᠬᠤ ᠤᠰᠤᠨ ᠤ ᠬᠤᠭᠤᠯᠠᠶ ᠶᠢᠨ ᠲᠣᠣᠷ ᠢ ᠰᠡᠯᠪᠢᠨ ᠵᠠᠰᠠᠵᠤ ᠥᠭᠡᠷᠡᠴᠢᠯᠡᠨ᠂ | 136358 ᠬᠥᠮᠦᠨ ᠢ ᠬᠠᠮᠤᠷᠴᠤ᠂ ᠲᠦᠭᠡᠭᠡᠯ ᠤᠰᠤᠨ ᠤ ᠲᠦᠭᠡᠮᠡᠯᠵᠢᠭᠰᠡᠨ ᠨᠤᠷᠮ᠎ᠠ ᠦᠨᠳᠦᠰᠦᠨ ᠳᠡᠭᠡᠨ | 100% ᠳᠤ ᠬᠦᠷᠴᠦ᠂ ᠤᠯᠠᠨ ᠲᠦᠮᠡᠨ ᠠᠶᠤᠯ ᠦᠭᠡᠢ ᠤᠰᠤ᠂ ᠰᠠᠨᠠᠭ᠎ᠠ ᠠᠮᠤᠷ ᠤᠰᠤ ᠤᠤᠭᠤᠪᠠ᠃ ᠬᠡᠷᠡᠯ | ᠸᠤᠯᠲ ᠢᠶᠠᠷ ᠶᠠᠳᠠᠭᠤ ᠶᠢ ᠲᠡᠳᠬᠦᠬᠦ ᠳᠤ 379 ᠬᠥᠳᠡᠯᠮᠦᠷᠢ ᠶᠢᠨ ᠬᠦᠴᠦᠨ ᠥᠬᠡᠶ ᠶᠠᠳᠠᠭᠤ ᠬᠦᠴᠢᠷᠳᠡᠯᠲᠡᠶ | ᠡᠷᠦᠬᠡ ᠳᠤ ᠠᠰᠢᠭ ᠬᠦᠷᠲᠡᠭᠡᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 3000 ᠲᠥᠭᠦᠷᠢᠭ ᠨᠡᠮᠡᠭᠳᠡᠪᠡ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ 2487 | ᠡᠷᠦᠬᠡ ᠶᠢᠨ 4255 ᠬᠥᠮᠦᠨ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠷᠦᠬᠡ ᠶᠢᠨ 110 ᠡᠷᠦᠬᠡ ᠳᠤ | ᠣᠷᠣᠭᠤᠯᠵᠤ᠂ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ ᠶᠢ ᠪᠡᠶᠡᠯᠡᠭᠦᠯᠪᠡ᠃ ᠶᠠᠳᠠᠭᠤᠷᠠᠬᠤ ᠶᠢ | ᠰᠡᠷᠭᠡᠶᠢᠯᠡᠬᠦ ︽ᠬᠠᠰᠢᠯᠭ᠎ᠠ︾ ᠶᠢ ᠲᠠᠰᠤᠷᠠᠯᠳᠡ ᠦᠭᠡᠢ ᠪᠠᠬᠢᠵᠢᠭᠦᠯᠵᠦ᠂ ᠨᠢᠭᠡᠨᠲᠡ 4128 ᠡᠷᠦᠬᠡ ᠶᠢᠨ 7809 | ᠨᠡᠷ᠎ᠡ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ | ᠬᠥᠮᠦᠨ ᠪᠦᠷᠢ 500 ᠲᠥᠭᠦᠷᠢᠭ ᠤᠨ ᠬᠤᠳᠠᠯᠳᠤᠭᠠᠨ ᠤ ᠳᠠᠭᠠᠳᠬᠠᠯ ᠲᠤᠰᠢᠶᠠᠵᠤ᠂ ᠬᠠᠮᠤᠭ ᠤᠨ ᠶᠡᠭᠡ | ᠳᠠᠭᠠᠳᠬᠠᠯ ᠤᠨ ᠮᠥᠩᠭᠦ ᠨᠢ 25 ᠲᠦᠮᠡᠨ ᠲᠥᠭᠦᠷᠢᠭ ᠲᠤ ᠬᠦᠷᠴᠡᠢ᠃ ᠳᠡᠩᠰᠡᠯᠡᠨ ᠺᠠᠷᠲᠯᠠᠭᠰᠠᠨ ᠥᠬᠡᠶ ᠪᠠᠶᠢᠩᠭᠤ | ᠰᠠᠭᠤᠭ᠎ᠠ ᠬᠥᠮᠦᠨ ᠠᠮᠠ ᠳᠤ ᠬᠥᠮᠦᠨ ᠪᠦᠷᠢ ᠬᠥᠮᠦᠨ ᠤ ᠪᠡᠶ᠎ᠡ ᠶᠢᠨ ᠭᠡᠨᠡᠳᠲᠡ ᠶᠢᠨ ᠳᠠᠭᠠᠳᠬᠠᠯ ᠪᠠ ᠡᠳ᠋ | ᠬᠥᠷᠥᠩᠭᠡ ᠶᠢᠨ ᠳᠠᠭᠠᠳᠬᠠᠯ 120 ᠲᠥᠭᠦᠷᠢᠭ ᠲᠤᠰᠢᠶᠠᠵᠤ᠂ ᠳᠠᠭᠠᠳᠬᠠᠯ ᠤᠨ ᠮᠥᠩᠭᠦ ᠨᠢ 2 ᠲᠦᠮᠡᠨ | ᠲᠥᠭᠦᠷᠢᠭ ᠲᠤ ᠬᠦᠷᠪᠡ᠃ ᠪᠡᠭᠡᠵᠢᠩ ᠬᠤᠲᠠ ᠪᠣᠯᠤᠨ ᠮᠧᠨ ᠳᠧᠦ ᠭᠸᠤ ᠲᠣᠭᠤᠷᠢᠭ ᠤᠨ ᠬᠠᠪᠰᠤᠷᠤᠨ ᠲᠡᠳᠬᠦᠬᠦ | ᠲᠦᠷᠦᠯ ᠵᠦᠢᠯ ᠨᠡᠶᠢᠳᠡ 68 ᠪᠠᠶᠢᠵᠤ᠂ 6190.9 ᠲᠦᠮᠡᠨ ᠲᠥᠭᠦᠷᠢᠭ ᠤᠨ ᠪᠡᠯᠡ ᠣᠷᠣᠭᠤᠯᠵᠠᠢ︔ ᠳᠤᠮᠳᠠᠳᠤ | ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠨᠡᠶᠢᠳᠡ 1310 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠲᠣᠰᠬᠤᠨ ᠲᠠᠢ ᠬᠠᠮᠲᠤᠷᠠᠨ ᠡᠮ ᠤᠨ ᠮᠠᠲ᠋ᠧᠷᠢᠶᠠᠯ ᠲᠠᠷᠢᠬᠤ ᠵᠢᠱᠢᠶ᠎ᠡ ᠦᠵᠡᠭᠦᠯᠬᠦ ᠲᠦᠷᠦᠯ ᠵᠦᠢᠯ ᠢ | ᠪᠠᠶᠢᠭᠤᠯᠵᠠᠢ᠃ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠳᠤ ᠨᠡᠶᠢᠲᠡ 1122 | ᠲᠦᠮᠡᠨ ᠲᠥᠭᠦᠷᠢᠭ ᠤᠨ ᠪᠠᠯᠠ ᠣᠷᠣᠭᠤᠯᠵᠤ᠂ 242 ᠲᠥᠷᠥᠯ ᠵᠦᠢᠯ ᠢ ᠬᠡᠷᠡᠭᠵᠢᠭᠦᠯᠪᠡ᠃ ᠲᠠᠪᠤᠨ ᠵᠢᠯ ᠤᠨ | ᠬᠤᠭᠤᠴᠠᠭᠠᠨ ᠳᠤ᠂ ᠤᠯᠤᠰ ᠤᠨ ᠲᠡᠰ ᠤᠨ ᠱᠠᠯᠠᠪᠳᠠᠭᠤᠯᠤᠨ ᠪᠠᠶᠢᠴᠠᠭᠠᠯᠲᠠ ᠶᠢ ᠨᠡᠶᠢᠳᠡ 10 ᠤᠳᠠᠭ᠎ᠠ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠪᠠᠶᠢᠴᠠᠭᠠᠯᠲᠠ ᠶᠢ 15 ᠤᠳᠠᠭ᠎ᠠ ᠬᠦᠯᠢᠶᠡᠵᠦ᠂ ᠬᠠᠷᠢᠭᠤ ᠲᠤᠰᠬᠠᠭᠰᠠᠨ | 23 ᠲᠠᠯ᠎ᠠ ᠶᠢᠨ 170 ᠵᠦᠢᠯ ᠤᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠲᠤᠳᠬᠠᠪᠠ᠃ ᠨᠡᠶᠢᠭᠡᠮ ᠤᠨ ᠡᠯ᠎ᠡ ᠡᠲᠡᠭᠡᠳ ᠤᠨ | ᠬᠦᠴᠦᠲᠡᠢ ᠳᠡᠮᠵᠢᠯᠭᠡ ᠳᠣᠣᠷ᠎ᠠ᠂ ᠪᠦᠬᠦ ᠰᠢᠶᠠᠨ ᠢᠶᠠᠷ ᠢᠶᠠᠨ ᠰᠢᠷᠭᠠᠭᠤ ᠬᠠᠲᠠᠭᠤᠵᠢᠯᠲᠠᠢ ᠲᠡᠮᠡᠴᠡᠵᠦ᠂ 2019 | ᠣᠨ ᠤ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠷᠯᠠᠯ ᠢᠶᠠᠷ ᠤᠯᠤᠰ ᠤᠨ ᠶᠠᠳᠠᠭᠤ | ᠬᠦᠴᠢᠷᠳᠡᠯᠲᠡᠢ ᠰᠢᠶᠠᠨ ᠠᠴᠠ ᠵᠢᠩᠬᠢᠨᠢ ᠪᠠᠷ ᠭᠠᠷᠤᠭᠰᠠᠨ ᠢ ᠨᠡᠶᠢᠲᠡᠯᠡᠵᠦ᠂ ᠲᠤᠬᠠᠢ ᠶᠢᠨ ᠵᠢᠯ ᠳᠤ ᠲᠦᠷᠦ ᠶᠢᠨ | ᠶᠠᠪᠤᠳᠠᠯ ᠤᠨ ᠬᠤᠷᠢᠶᠠᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠪᠠᠷ ᠤᠯᠠᠨ ᠲᠦᠮᠡᠨ ᠤ ᠰᠡᠳᠬᠢᠯ | ᠬᠠᠨᠤᠮᠵᠢᠲᠠᠢ ᠪᠠᠶᠢᠬᠤ ᠨᠤᠷᠮ᠎ᠠ 98.41% ᠳᠤ ᠬᠦᠷᠴᠦ᠂ ︽ᠪᠤᠷᠤᠭᠤ ᠪᠠᠷ ᠤᠬᠤᠷᠢᠨ ᠭᠠᠷᠬᠤ ᠦᠭᠡᠢ᠂ ᠨᠢᠭᠡ | ᠦᠨᠡᠯᠡᠯᠲᠡ ᠶᠢ ᠴᠤ ᠣᠷᠬᠢᠭᠳᠠᠭᠤᠯᠬᠤ ᠦᠭᠡᠢ︾ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ | ᠴᠢᠨᠠᠷ ᠰᠠᠶᠢᠲᠠᠢ ᠪᠡᠶᠡᠯᠡᠭᠦᠯᠪᠡ᠃ 2020 ᠣᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠨᠡᠶᠢᠳᠡᠮ ᠤᠨ ᠪᠠᠶᠢᠴᠠᠭᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠨᠳᠥᠷ ᠪᠠᠷᠢᠮᠵᠢᠶ᠎ᠠ ᠪᠠᠷ ᠬᠦᠯᠢᠶᠡᠵᠦ᠂ | ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠠᠬᠢ ᠡᠲᠡᠭᠡᠳ ᠤᠨ ᠲᠠᠬᠢᠨ ᠰᠢᠯᠭᠠᠯᠲᠠ ᠶᠢ ᠤᠷᠤᠭᠰᠢᠲᠠᠢ | ᠥᠩᠭᠡᠷᠡᠭᠡᠵᠦ᠂ 24 ᠵᠢᠯ ᠦᠷᠭᠦᠯᠵᠢᠯᠡᠭᠰᠡᠨ ᠬᠠᠷᠢᠴᠠᠯᠠᠰᠢᠭᠦᠢ ᠶᠠᠳᠠᠭᠤ ᠬᠦᠴᠢᠷᠳᠡᠯ ᠦᠴᠤᠸᠠᠨ ᠤ ᠡᠬᠡ ᠭᠠᠵᠠᠷ ᠲᠤ | ᠡᠴᠦᠰᠯᠡᠬᠦ ᠲᠡᠮᠳᠡᠭ ᠢ ᠵᠢᠷᠤᠪᠠ᠃ ᠦᠴᠤᠸᠠᠨ ᠰᠢᠶᠠᠨ ᠤ ᠨᠠᠮ ᠤᠨ ᠬᠤᠷᠢᠶ᠎ᠠ ᠨᠢ ︽ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ︾ ᠶᠢᠨ ᠠᠩᠬᠠᠨ ᠤ | ᠰᠣᠩᠭᠤᠯᠲᠠ ᠶᠢᠨ ᠨᠢᠭᠡᠴᠡ ᠪᠣᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ | ᠳᠠᠶᠢᠯᠠᠯᠳᠤᠭᠠᠨ ᠰᠢᠢᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠤᠯᠪᠠ᠃ ᠨᠡᠶᠢᠲᠡ 1.53 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠥᠬᠡ ᠣᠭᠲᠠᠷᠭᠤᠶ᠂ ᠨᠣᠮᠢᠨ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠲᠡᠶᠢᠨ ᠢ ᠪᠥᠬᠦ ᠲᠠᠯ᠎ᠠ ᠪᠠᠷ ᠡᠬᠢᠯᠡᠭᠦᠯᠪᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 51 ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠨᠤᠷᠠᠭᠠᠵᠤ᠂ | ᠭᠠᠵᠠᠷ ᠰᠢᠨᠵᠢᠯᠡᠭᠡᠨ ᠤ ᠣᠷᠴᠢᠨ ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ | ᠠᠵᠢᠯ ᠢ ᠵᠡᠷᠭᠡ ᠪᠠᠷ ᠪᠡᠶᠡᠯᠡᠭᠦᠯᠵᠦ᠂ ᠪᠦᠬᠦᠨ ᠢ ᠬᠦᠴᠦᠨ ᠥᠬᠡᠶ ᠪᠣᠯᠭᠠᠪᠠ︔ ᠬᠠᠮᠠᠭᠠᠯᠠᠯᠲᠠ ᠶᠢᠨ ᠣᠷᠣᠨ ᠤ | ᠭᠠᠳᠠᠨᠠᠬᠢ 61ᠠᠭᠤᠷᠬᠠᠶ ᠶᠢᠨ ᠠᠵᠤ ᠠᠬᠤᠶᠢᠯᠠᠯ ᠭᠠᠵᠠᠷ ᠰᠢᠨᠵᠢᠯᠡᠭᠡᠨ ᠤ ᠣᠷᠴᠢᠨ ᠠᠬᠤᠶ ᠶᠢᠨ ᠵᠠᠰᠠᠯᠲᠠ ᠶᠢ | ᠪᠡᠶᠡᠯᠡᠭᠦᠯᠦᠭᠰᠡᠨ ᠪᠥᠭᠡᠳ ᠲᠤᠰᠬᠠᠶ ᠮᠡᠷᠭᠡᠵᠢᠯᠲᠡᠨ ᠤ ᠰᠢᠯᠭᠠᠯᠲᠠ ᠶᠢ ᠥᠩᠭᠡᠷᠡᠭᠡᠪᠡ᠃ ᠬᠠᠤᠯᠢ ᠪᠤᠰᠤ ᠨᠠᠩᠭᠢ | ᠰᠢᠷᠣᠶ ᠶᠢᠨ 11 ᠲᠣᠭᠤᠰᠬ᠎ᠠ ᠶᠢᠨ ᠠᠭᠤᠷᠬᠠᠶ ᠶᠢ ᠴᠡᠪᠡᠷᠯᠡᠨ ᠨᠤᠷᠠᠭᠠᠵᠤ᠂ ᠬᠠᠮᠠᠭᠠᠯᠠᠯᠲᠠ ᠶᠢᠨ ᠣᠷᠣᠨ ᠤ | ᠳᠣᠲᠤᠷᠠᠬᠢ 166 ᠭᠠᠵᠠᠷ ᠲᠣᠣᠷᠯᠠᠭᠰᠠᠨ ᠪᠡᠯᠴᠢᠭᠡᠷ ᠢ ᠴᠡᠪᠡᠷᠯᠡᠪᠡ᠃ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠢᠴᠢ ︽ᠡᠷᠭᠢᠵᠦ ᠬᠠᠷᠠᠬᠤ︾ 41 ᠵᠦᠢᠯ ᠤᠨ ᠴᠡᠭᠴᠡᠯᠡᠨ | ᠥᠭᠡᠷᠡᠴᠢᠯᠡᠬᠦ ᠡᠭᠦᠷᠭᠡ ᠶᠢ ᠭᠦᠢᠴᠡᠳᠬᠡᠵᠦ᠂ 40 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠥᠬᠦᠳᠡ ᠶᠢ | ᠰᠢᠢᠳᠪᠦᠷᠢᠯᠡᠵᠦ ᠳᠠᠭᠤᠰᠬᠠᠪᠠ᠃ ᠭᠤᠷᠪᠠᠳᠤᠭᠠᠷ᠂ ᠳᠥᠷᠪᠡᠳᠦᠭᠡᠷ ᠢᠯᠴᠢ ᠶᠢᠨ ᠡᠬᠢ ᠰᠤᠷᠪᠤᠯᠵᠢ ᠶᠢᠨ | ᠦᠢᠯᠡᠳᠪᠦᠷᠢ ᠶᠢᠨ ᠬᠢᠵᠠᠭᠠᠷ ᠬᠡᠮᠵᠢᠭᠳᠡᠯ ᠢᠶᠠᠷ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠠᠭᠠᠷ ᠤᠨ | ᠶᠠᠰᠤ ᠴᠢᠨᠠᠷ ᠢ ᠤᠯᠤᠰ ᠤᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠪᠡ᠃ ︽ᠭᠤᠣᠯ ᠤᠨ ᠳᠠᠷᠤᠭ᠎ᠠ ᠶᠢᠨ | ᠲᠦᠷᠢᠮ︾ ᠢ ᠪᠠᠶᠢᠩᠭᠤᠵᠢᠭᠤᠯᠤᠨ ᠵᠢᠷᠤᠮᠵᠢᠭᠤᠯᠵᠤ᠂ ᠭᠤᠷᠪᠠᠳᠤᠭᠠᠷ ᠳᠡᠰ ᠤᠨ ᠭᠤᠣᠯ ᠤᠨ ᠳᠠᠷᠤᠭ᠎ᠠ 211 | ᠬᠥᠮᠦᠨ ᠢ ᠲᠣᠳᠣᠷᠬᠠᠶᠢᠯᠠᠵᠤ᠂ ᠰᠢᠶᠠᠨ᠂ ᠰᠢᠶᠠᠩ ᠤᠨ ᠱᠠᠲᠤᠨ ᠤ ᠭᠤᠣᠯ ᠤᠨ ᠵᠠᠮ ᠢᠶᠠᠷ 530 ᠭᠠᠷᠤᠶ ᠤᠳᠠᠭ᠎ᠠ | ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠣᠯ ᠤᠨ ᠵᠠᠮ ᠤᠨ ᠣᠷᠴᠢᠨ ᠠᠬᠤᠶ ᠶᠢ ᠦᠷᠭᠦᠯᠵᠢᠯᠡᠨ | ᠰᠠᠶᠢᠵᠢᠷᠠᠭᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠱᠠᠳᠤ ᠦᠶ᠎ᠡ ᠶᠢᠨ | ᠴᠢᠨᠠᠷᠲᠠᠶ ᠠᠮᠵᠢᠯᠲᠠ ᠪᠦᠲᠦᠮᠵᠢ ᠤᠯᠪᠠ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ᠂ ︽ᠭᠤᠷᠪᠠ ᠶᠢ ᠪᠠᠲᠤᠯᠠᠬᠤ︾ ᠠᠵᠢᠯᠯᠠᠭ᠎ᠠ ᠶᠢ ᠪᠠᠲᠤᠯᠠᠬᠤ᠂ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠲᠦᠢᠯ ᠤᠨ ᠬᠦᠴᠢᠷᠲᠡᠶ ᠪᠠᠶᠢᠳᠠᠯ ᠤᠨ ᠳᠤᠮᠳᠠ᠂ ᠵᠠᠰᠠᠭ ᠤᠨ ᠣᠷᠳᠣᠨ ᠤ ᠥᠷᠢ ᠥᠭᠴᠡᠭᠡ ᠶᠢ | ᠨᠡᠶᠢᠳᠡ 27.3 ᠳ᠋ᠦᠩᠰᠢᠭᠤᠷ ᠲᠥᠭᠦᠷᠢᠭ ᠠᠷᠢᠯᠭᠠᠵᠤ᠂ ᠡᠯ᠎ᠡ ᠵᠢᠯ ᠤᠨ ᠥᠷᠢ ᠥᠭᠴᠡᠭᠡ ᠶᠢ ᠠᠷᠢᠯᠭᠠᠬᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠰᠠᠬᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠨᠤᠷᠮ᠎ᠠ ᠶᠢ ᠤᠯᠠᠪᠤᠷ ᠪᠠᠶᠢᠭᠰᠠᠨ ᠠᠴᠠ ᠰᠢᠷ᠎ᠠ ᠪᠣᠯᠭᠠᠪᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠬᠠᠮᠢᠶᠠᠷᠤᠯᠲᠠ ᠶᠢ | ᠴᠢᠩᠭᠠᠳᠬᠠᠵᠤ᠂ ᠲᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠰᠡᠷᠭᠡᠶᠢᠯᠡᠪᠡ᠃ | — ᠡᠨᠡ ᠪᠣᠯ ᠠᠵᠤ ᠦᠢᠯᠡᠰ ᠤᠨ ᠬᠥᠭᠵᠢᠯᠲᠡ ᠶᠢᠨ ᠬᠡᠯᠪᠡᠷᠢ ᠪᠠᠨ ᠲᠦᠷᠭᠡᠪᠴᠢᠯᠡᠨ ᠬᠤᠪᠢᠷᠠᠭᠤᠯᠤᠭᠰᠠᠨ | ᠲᠠᠪᠤᠨ ᠵᠢᠯ ᠮᠥᠨ᠃ ᠲᠠᠪᠤᠨ ᠵᠢᠯ ᠤᠨ ᠲᠤᠷᠰᠢ᠂ ᠪᠢᠳᠡ ᠳᠠᠪᠠᠭᠤᠯᠢᠭ ᠲᠠᠢ ᠤᠶᠠᠯᠳᠤᠭᠤᠯᠤᠨ ᠰᠡᠳᠬᠢᠴᠡ ᠪᠠᠨ | ᠲᠣᠭᠲᠠᠭᠠᠵᠤ᠂ ᠠᠮᠢ ᠠᠬᠤᠶ ᠳᠤ ᠰᠠᠭᠤᠷᠢᠯᠠᠨ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶ ᠶᠢᠨ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠦᠨ ᠲᠡᠰ ᠳᠡᠪᠰᠢᠭᠦᠯᠪᠡ᠃ ᠲᠠᠷᠢᠶᠠᠯᠠᠩ ᠤᠨ ᠠᠵᠤ ᠠᠬᠤᠶ ᠲᠣᠭᠲᠠᠭᠤᠨ ᠪᠠᠶᠢᠬᠤ ᠶᠢᠨ | ᠵᠡᠷᠭᠡ ᠳᠤ ᠠᠬᠢᠯᠲᠠ ᠲᠠᠢ ᠪᠣᠯᠪᠠ᠃ ᠲᠥᠮᠥᠰᠥ ᠶᠢ ᠬᠡᠪᠴᠢᠶᠡᠵᠢᠭᠦᠯᠦᠨ ᠳᠠᠷᠢᠵᠤ᠂ ᠠᠵᠤ ᠦᠶᠢᠯᠡᠰᠵᠢᠭᠦᠯᠦᠨ | ᠬᠥᠭᠵᠢᠭᠦᠯᠬᠦ ᠬᠠᠨᠳᠤᠰᠢ ᠢᠯᠡᠷᠬᠡᠶ ᠪᠣᠯᠵᠣ᠂ ᠵᠢᠯ ᠳᠤᠮᠳᠠᠴᠢ ᠶᠢᠨ ᠭᠠᠷᠤᠯᠲᠠ 58 ᠲᠦᠮᠡᠨ ᠲᠣᠨ ᠳᠤ ᠬᠥᠷᠪᠡ᠃ | ᠠᠯᠠᠰᠢᠨ ᠬᠤᠨᠢᠨ ᠤ ᠲᠡᠵᠢᠭᠡᠨ ᠦᠷᠡᠵᠢᠭᠦᠯᠦᠯᠲᠡ ᠶᠢ ᠪᠠᠷᠢᠮᠵᠢᠶᠠᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠳᠠᠰᠢ | ᠳᠠᠪᠰᠢᠭᠤᠯᠵᠤ᠂ ᠵᠢᠯ ᠳᠤᠮᠳᠠᠴᠢ ᠪᠠᠷ 56.5 ᠲᠦᠮᠡᠨ ᠠᠯᠠᠰᠢᠨ ᠬᠤᠨᠢᠨ ᠤ ᠭᠠᠷᠭᠠᠯᠲᠠ ᠶᠢ ᠭᠠᠷᠭᠠᠪᠠ᠃ ᠪᠦᠬᠦ | ᠰᠢᠶᠠᠨ ᠤ ᠵᠠᠬᠢᠶᠠᠯᠠᠭ᠎ᠠ ᠶᠢᠨ ᠬᠠᠭᠤᠳᠠᠰᠤ ᠪᠠᠷ ᠲᠠᠷᠢᠭᠰᠠᠨ ᠨᠣᠬᠠᠶ ᠶᠢᠨ ᠬᠤᠰᠢᠭᠤ 29.5 ᠲᠦᠮᠡᠨ ᠮᠦ ᠳᠤ ᠬᠦᠷᠴᠦ᠂ | ᠰᠠᠭᠠᠭ ᠤᠨ ᠵᠢᠱᠢᠶ᠎ᠡ ᠦᠵᠡᠭᠦᠯᠬᠦ ᠣᠷᠣᠨ 3.5 ᠲᠦᠮᠡᠨ ᠮᠦ ᠳᠤ ᠬᠦᠷᠪᠡ᠃ ︽ᠮᠧᠩ ᠾᠧ ᠶᠤᠸᠠᠨ︾ ᠨᠢ ᠪᠥᠬᠦ | ᠤᠯᠤᠰ ᠤᠨ ᠠᠩᠬᠠᠨ ᠤ ᠪᠦᠯᠦᠭ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠳᠠᠯ ᠤᠨ ᠲᠡᠮᠳᠡᠭ ᠤᠨ ᠵᠠᠭᠤᠨ | ᠡᠷᠦᠬᠡ ᠶᠢᠨ ᠬᠡᠪ ᠳᠠᠭᠤᠷᠢᠶᠠᠯ ᠤᠨ ᠴᠣᠯᠠ ᠶᠢ ᠭᠥᠷᠳᠡᠵᠦ᠂ ᠢᠳᠡᠭᠡᠨ ᠤ ᠮᠥᠭᠦ ᠶᠢ ᠳᠠᠶᠢᠴᠢᠯᠠᠨ 6 ᠲᠣᠮᠣ | ᠦᠢᠯᠡᠳᠪᠦᠷᠢᠯᠡᠯ ᠤᠨ ᠰᠠᠭᠤᠷᠢᠨ ᠭᠠᠵᠠᠷ᠂ 11 ᠲᠥᠷᠥᠯ ᠵᠦᠢᠯ ᠢ ᠪᠦᠷᠢᠯᠳᠦᠭᠦᠯᠵᠦ᠂ ᠵᠢᠯ ᠳᠤ 2200 ᠲᠣᠨ | ᠭᠠᠷᠤᠯᠲᠠ ᠲᠠᠢ ᠪᠣᠯᠭᠠᠵᠤ᠂ ᠪᠣᠷᠣᠯᠠᠭᠤᠯᠤᠯᠲᠠ ᠶᠢᠨ ᠣᠷᠣᠯᠭ᠎ᠠ ᠨᠢ 1210 ᠲᠦᠮᠡᠨ ᠲᠥᠭᠦᠷᠢᠭ ᠲᠤ ᠬᠥᠷᠪᠡ᠃ | ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠬᠡᠪᠴᠢᠶ᠎ᠡ ᠶᠢ 3 ᠲᠦᠮᠡᠨ ᠮᠥ ᠳᠤ ᠬᠦᠷᠲᠡᠯ᠎ᠡ ᠥᠷᠭᠡᠳᠬᠡᠵᠦ᠂ ᠲᠥᠷᠥᠯ | ᠵᠦᠢᠯ ᠢ 10 ᠭᠠᠷᠤᠶ ᠲᠥᠷᠥᠯ ᠳᠤ ᠬᠦᠷᠦᠭᠦᠯᠪᠡ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ | ᠳᠡᠩᠰᠡᠯᠡᠵᠦ ᠳᠠᠭᠤᠰᠬᠠᠭᠰᠠᠨ 36733 ᠡᠷᠦᠬᠡ ᠳᠤ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠢ 36600 ᠭᠠᠷᠤᠶ | ᠳᠡᠪᠲᠡᠷ ᠣᠯᠭᠤᠵᠤ᠂ ᠡᠷᠦᠬᠡ ᠶᠢᠨ ᠲᠤᠭ᠎ᠠ᠂ ᠲᠠᠯᠠᠪᠠᠶ ᠨᠢ ᠲᠣᠰ ᠲᠣᠰ 99.1%᠂ 97.9% ᠳᠤ ᠬᠦᠷᠴᠦ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠠᠷ ᠵᠠᠷᠯᠠᠨ ᠰᠠᠶᠢᠰᠢᠶᠠᠭᠳᠠᠪᠠ᠃ ᠨᠤᠲᠤᠭ ᠪᠡᠯᠴᠢᠭᠡᠷ ᠤᠨ ᠡᠷᠬᠡ ᠶᠢ | ᠨᠤᠲᠠᠯᠠᠨ ᠲᠣᠭᠲᠠᠭᠠᠬᠤ ᠳᠤ 93 ᠭᠠᠴᠠᠭᠠᠨ ᠤ ᠠᠷᠠᠳ ᠤᠨ ᠵᠥᠪᠯᠡᠯ ᠤᠨ 964 ᠠᠶᠢᠯ ᠲᠣᠰᠬᠤᠨ ᠤ ᠵᠠᠭᠠᠭ | ᠲᠣᠭᠲᠠᠭᠠᠬᠤ᠂ ᠨᠤᠲᠠᠯᠠᠨ ᠲᠣᠭᠲᠠᠭᠠᠬᠤ᠂ ᠵᠢᠷᠤᠭᠯᠠᠬᠤ ᠠᠵᠢᠯ ᠢ ᠪᠡᠶᠡᠯᠡᠭᠦᠯᠪᠡ᠃ ︽ᠦᠴᠤᠸᠠᠨ ᠤ ᠲᠥᠮᠥᠰᠥ︾ ︽ | ᠦᠴᠤᠸᠠᠨ ᠤ ᠶᠤᠤᠮᠠᠢ︾ ᠨᠢ ᠤᠯᠤᠰ ᠤᠨ ᠭᠠᠵᠠᠷ ᠵᠦᠢ ᠶᠢᠨ ᠪᠡᠯᠭᠡ ᠳᠡᠮᠳᠡᠭ ᠤᠨ ᠪᠦᠲᠦᠭᠡᠭᠳᠡᠬᠦᠨ ᠤ ᠬᠠᠮᠠᠭᠠᠯᠠᠯᠲᠠ | ᠪᠠ ᠳᠤᠮᠳᠠᠳᠤ ᠤᠯᠤᠰ ᠤᠨ ᠲᠠᠷᠢᠶᠠᠯᠠᠩ ᠤᠨ ᠵᠠᠭᠤᠨ ᠬᠦᠴᠦᠷᠬᠡᠭ ᠤᠨ ᠪᠡᠯᠭᠡ ᠳᠡᠮᠳᠡᠭ ᠤᠨ ᠴᠢᠨᠠᠷᠲᠠᠢ ᠲᠦᠷᠦᠯ | ᠳᠡᠮᠳᠡᠭ ᠢ ᠣᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︽ᠠᠯᠳᠠᠨ | ᠦᠰᠦᠭᠲᠦ ᠫᠠᠶᠢᠰᠠ︾ ᠪᠣᠯᠤᠭᠰᠠᠨ ᠪᠠᠶᠢᠨ᠎ᠠ᠃ ︽ᠶᠤᠸᠠᠨ ᠸᠧᠢ ᠦᠴᠦᠸᠠᠨ︾ ᠤ ᠲᠦᠷᠦᠯ ᠲᠡᠮᠳᠡᠭ ᠤᠨ ᠦᠷᠳᠡᠭ | ᠲᠠᠰᠤᠷᠠᠯᠲᠠ ᠦᠭᠡᠢ ᠳᠡᠭᠡᠭᠰᠢᠯᠡᠵᠦ᠂ ᠪᠦᠬᠦ ᠰᠢᠶᠠᠨ ᠤ ︽ᠭᠤᠷᠪᠠᠨ ᠲᠦᠷᠦᠯ ᠵᠦᠢᠯ ᠨᠢᠭᠡ ᠲᠦᠷᠦᠯ ᠲᠡᠮᠳᠡᠭ︾ ᠤᠨ | ᠭᠡᠷᠡᠴᠢᠯᠡᠯ ᠤᠨ ᠲᠤᠭ᠎ᠠ 15 ᠪᠤᠯᠵᠤ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠲᠠᠷᠢᠶᠠᠴᠢᠨ ᠤ ᠲᠤᠰᠬᠠᠢ | ᠬᠤᠷᠰᠢᠶᠠᠵᠢᠯ 6 ᠪᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠷᠰᠢᠶᠠᠵᠢᠯ16 | ᠪᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 1801 ᠪᠤᠯᠵᠤ᠂ ᠮᠠᠯ ᠠᠵᠤ ᠠᠬᠤᠢ ᠲᠠᠷᠢᠶᠠᠯᠠᠩ ᠤᠨ | ᠬᠡᠪᠴᠢᠶᠡᠵᠢᠯᠲᠡ᠂ ᠰᠢᠨᠵᠢᠯᠡᠬᠦ ᠤᠬᠠᠭᠠᠨᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠲᠦᠪᠰᠢᠨ ᠲᠠᠰᠤᠷᠠᠯᠲᠠ ᠦᠭᠡᠢ | ᠨᠡᠮᠡᠭᠳᠡᠵᠡᠢ᠃ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠲᠣᠭᠲᠠᠭᠤᠨ ᠪᠥᠭᠡᠳ | ᠡᠮᠬᠢ ᠵᠢᠷᠤᠮ ᠲᠠᠢ ᠶᠠᠪᠤᠭᠳᠠᠵᠣ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠮᠵᠢᠶ᠎ᠡ ᠪᠠ ᠦᠷ᠎ᠡ ᠠᠰᠢᠭ | ᠵᠡᠷᠭᠡ ᠪᠠᠷ ᠨᠡᠮᠡᠭᠳᠡᠪᠡ᠃ ᠨᠡᠶᠢᠲᠡ 67 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 42 ᠳ᠋ᠦᠩᠰᠢᠭᠤᠷ | ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ 18 ᠪᠣᠯᠪᠠ᠃ ᠰᠢ ᠪᠸᠢ᠂ ᠶᠠᠨ ᠬᠦ᠋ ᠹᠠᠩ ᠵᠡᠷᠭᠡ ᠶᠠᠳᠠᠭᠤ ᠶᠢ ᠲᠡᠳᠬᠦᠬᠦ ᠨᠢᠭᠡ | ᠪᠦᠯᠦᠭ ᠲᠣᠯᠣᠭᠠᠶᠢᠯᠠᠭᠴᠢ ᠠᠵᠤ ᠠᠬᠤᠶᠢᠯᠠᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ | ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ 46 ᠪᠣᠯᠤᠨ | ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ︽12 · 5︾ ᠶᠢᠨ ᠲᠥᠯᠥᠪᠵᠢᠭᠦᠯᠭᠡ ᠶᠢᠨ ᠰᠡᠭᠦᠯᠴᠢ ᠪᠠᠷ 30 | ᠨᠡᠮᠡᠭᠳᠡᠵᠦ᠂ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠣᠰ | ᠲᠣᠰ 78.4% ᠪᠠ 50% ᠪᠠᠷ ᠨᠡᠮᠡᠭᠳᠡᠪᠡ᠃ ᠰᠢᠨ᠎ᠡ ᠪᠠᠷ 15 ᠵᠦᠢᠯ ᠤᠨ ᠴᠡᠪᠡᠷ ᠡᠨᠧᠷᠭᠢ ᠶᠢᠨ ᠰᠤᠷᠪᠤᠯᠵᠢ ᠶᠢ | ᠪᠠᠶᠢᠭᠤᠯᠵᠤ᠂ ᠰᠢᠨ᠎ᠡ ᠪᠠᠷ 49 ᠲᠦᠮᠡᠨ ᠺᠢᠯᠣᠸᠠᠲ ᠤᠨ ᠲᠣᠣᠷ ᠲᠤ ᠨᠡᠶᠢᠯᠡᠭᠦᠯᠵᠦ᠂ ᠶᠡᠷᠦᠩᠬᠡᠶ ᠬᠡᠪᠴᠢᠶ᠎ᠡ ᠶᠢ | 246 ᠲᠦᠮᠡᠨ ᠺᠢᠯᠣᠸᠠᠲ ᠲᠤ ᠬᠦᠷᠭᠡᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠣᠷᠣᠭᠤᠯᠬᠤ ᠵᠦᠢᠯᠡᠰ ᠢᠯᠡᠳᠲᠡ ᠦᠷ᠎ᠡ ᠪᠦᠲᠦᠮᠵᠢ ᠤᠯᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠳᠡᠭᠡᠭᠰᠢᠯᠡᠵᠦ ᠲᠦᠷᠭᠡᠨ ᠬᠥᠭᠵᠢᠪᠡ᠃ | ᠵᠠᠯᠭᠠᠭ᠎ᠠ ᠪᠠᠷ 4 ᠬᠤᠭᠤᠴᠠᠭᠠᠨ ᠤ ︽ᠮᠥᠰᠥ ᠴᠠᠰᠤᠨ ᠤ ᠰᠣᠶᠣᠯ ᠤᠨ ᠵᠢᠭᠤᠯᠴᠢᠯᠠᠯ ᠤᠨ ᠪᠠᠶᠠᠷ︾ ᠢ ᠡᠷᠭᠢᠯᠡᠵᠦ᠂ | ᠨᠣᠬᠠᠶ ᠶᠢᠨ ᠬᠤᠰᠢᠭᠤ ᠶᠢᠨ ᠰᠣᠶᠣᠯ ᠤᠨ ᠵᠢᠭᠤᠯᠴᠢᠯᠠᠯ ᠤᠨ ᠪᠠᠶᠠᠷ ᠢ 8 ᠳ᠋ᠤᠭᠠᠷ ᠬᠤᠭᠤᠴᠠᠭ᠎ᠠ ᠪᠣᠯᠲᠠᠯ᠎ᠠ ᠡᠷᠭᠢᠯᠡᠵᠦ᠂ | ᠵᠢᠭᠤᠯᠴᠢᠯᠠᠯ ᠤᠨ ᠠᠯᠳᠠᠷᠰᠢᠯ ᠲᠠᠰᠤᠷᠠᠯᠲᠠ ᠥᠬᠡᠶ ᠳᠡᠭᠡᠭᠰᠢᠯᠡᠪᠡ᠃ ᠬᠤᠪᠢᠰᠬᠠᠯ ᠤᠨ ᠵᠢᠭᠤᠯᠴᠢᠯᠠᠯ ᠤᠨ | ᠭᠤᠷᠪᠠᠳᠤᠭᠠᠷ ᠬᠤᠭᠤᠴᠠᠭ᠎ᠠ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠳ᠋ᠧ ᠱᠧᠩ ᠭᠧᠤ ᠶᠢᠨ | ᠬᠤᠪᠢᠰᠬᠠᠯ ᠤᠨ ᠦᠵᠡᠮᠵᠢ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ 3A ᠦᠵᠡᠮᠵᠢ ᠶᠢᠨ ᠣᠷᠣᠨ ᠢᠶᠠᠷ | ᠮᠠᠭᠠᠳᠯᠠᠨ ᠲᠣᠭᠲᠠᠭᠠᠵᠤ᠂ ︽136︾ ᠵᠢᠭᠤᠯᠴᠢᠯᠠᠯ + ᠨᠠᠮ ᠤᠨ ᠪᠠᠶᠢᠭᠤᠯᠤᠯᠲᠠ ᠶᠢᠨ ᠬᠥᠮᠦᠵᠢᠯ | ᠪᠣᠯᠪᠠᠰᠤᠷᠠᠭᠤᠯᠤᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠵᠢᠭᠤᠯᠴᠢᠯᠠᠯ ᠤᠨ ᠨᠡᠶᠢᠲᠡ ᠶᠢᠨ ᠵᠣᠷᠯᠣᠩ ᠢ | ᠰᠢᠨ᠎ᠡ ᠪᠠᠷ 40 ᠪᠠᠶᠢᠭᠤᠯᠪᠠ᠃ ᠪᠢᠨ ᠾᠧ ᠪᠡᠶ᠎ᠡ ᠶᠢᠨ ᠲᠠᠮᠢᠷ ᠤᠨ ᠴᠡᠴᠡᠷᠯᠢᠭ ᠢ ᠪᠦᠬᠦ ᠲᠠᠯ᠎ᠠ ᠪᠠᠷ ᠪᠠᠶᠢᠭᠤᠯᠵᠤ | ᠳᠠᠭᠤᠰᠬᠠᠪᠠ᠃ | — ᠡᠨᠡ ᠪᠣᠯ ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠭᠦᠨᠵᠡᠭᠡᠶ ᠬᠤᠪᠢᠷᠠᠯᠲᠠ ᠭᠠᠷᠤᠭᠰᠠᠨ ᠲᠠᠪᠤᠨ | ᠵᠢᠯ ᠮᠥᠨ᠃ ᠲᠠᠪᠤᠨ ᠵᠢᠯ ᠤᠨ ᠲᠤᠷᠰᠢ᠂ ᠪᠢᠳᠡ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ | ᠦᠭᠡᠢ ᠪᠠᠷ ᠬᠥᠭᠵᠢᠭᠦᠯᠬᠦ︾ ᠤᠢᠢᠯᠠᠭᠠᠭᠳᠠᠬᠤᠨ ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ | ᠬᠠᠷᠠᠭᠠᠯᠵᠠᠵᠤ ᠰᠠᠭᠤᠷᠢ ᠶᠢ ᠠᠳᠬᠤᠨ᠂ ᠪᠦᠳᠦᠭᠡᠨ ᠪᠠᠶᠢᠭᠤᠯᠤᠯᠲᠠ ᠬᠢᠵᠦ᠂ ᠪᠦᠬᠦ ᠠᠷᠠᠳ ᠢᠶᠠᠷ ᠢᠶᠠᠨ ︽ᠠᠮᠢ | ᠠᠬᠤᠢ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠪᠠᠶᠢᠯᠳᠤᠬᠤ | ᠪᠤᠳᠤᠯᠭ᠎ᠠ ᠶᠢ ᠠᠬᠢᠭᠤᠯᠵᠤ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠪᠠ᠃ ᠠᠮᠢ | ᠠᠬᠤᠶ ᠶᠢᠨ ᠪᠦᠳᠦᠭᠡᠨ ᠪᠠᠶᠢᠭᠤᠯᠤᠯᠲᠠ ᠰᠢᠨ᠎ᠡ ᠠᠶᠠᠨ ᠵᠠᠮ ᠢᠶᠠᠨ ᠡᠬᠢᠯᠡᠭᠦᠯᠪᠡ᠃ ︽ᠬᠥᠬᠡᠮᠳᠦᠭ ᠠᠭᠤᠯᠠ ᠶᠢ | ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠡᠶᠢᠲᠡ 24 ᠲᠦᠮᠡᠨ ᠮᠥ ᠭᠠᠵᠠᠷ ᠢ ᠣᠶᠢᠵᠢᠭᠤᠯᠪᠠ᠃ ᠰᠢᠨ᠎ᠡ ᠨᠢᠭᠡᠨ | ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠪᠠᠶᠢᠭᠠᠯᠢ ᠶᠢᠨ ᠣᠶ ᠶᠢ ᠬᠠᠮᠠᠭᠠᠯᠠᠬᠤ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ 28.7 ᠲᠦᠮᠡᠨ ᠮᠥ ᠠᠵᠢᠯ ᠢ ᠪᠡᠶᠡᠯᠡᠭᠦᠯᠵᠦ᠂ | ᠠᠭᠤᠯᠠ ᠶᠢ ᠪᠢᠲᠡᠭᠦᠮᠵᠢᠯᠡᠨ ᠣᠶ ᠮᠣᠳᠣ ᠪᠤᠶᠢᠵᠢᠭᠤᠯᠬᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠡᠷᠭᠡ 22. | 3 ᠲᠦᠮᠡᠨ ᠮᠥ ᠠᠵᠢᠯ ᠢ ᠬᠡᠷᠡᠭᠵᠢᠭᠦᠯᠪᠡ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠨᠤᠲᠤᠭ | ᠪᠡᠯᠴᠢᠭᠡᠷ ᠤᠨ ᠬᠦᠷᠢᠶ᠎ᠡ ᠬᠠᠰᠢᠶ᠎ᠠ ᠶᠢ ᠵᠠᠰᠠᠬᠤ ᠵᠢᠴᠢ ᠠᠮᠢ ᠠᠬᠤᠶ ᠶᠢ ᠵᠠᠰᠠᠨ ᠰᠡᠷᠭᠦᠭᠡᠬᠦ ᠵᠠᠰᠠᠯᠲᠠ ᠶᠢ 17.1 | ᠲᠦᠮᠡᠨ ᠮᠥ ᠪᠡᠶᠡᠯᠡᠭᠦᠯᠪᠡ᠃ 733 ᠮᠥ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ ᠪᠥᠲᠥᠭᠡᠨ | ᠪᠠᠶᠢᠭᠤᠯᠪᠠ᠃ ᠰᠢᠶᠠᠨ ᠤ ᠬᠤᠲᠠ ᠶᠢᠨ ᠨᠣᠭᠤᠭᠠᠷᠠᠭᠤᠯᠤᠯᠲᠠ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ | ᠪᠦᠷᠬᠦᠴᠡ ᠶᠢᠨ ᠨᠣᠷᠮ᠎ᠠ ᠶᠢ 39%᠂ 41.7% ᠳᠤ ᠬᠦᠷᠲᠡᠯ᠎ᠡ ᠳᠡᠭᠡᠭᠰᠢᠯᠡᠭᠦᠯᠵᠦ᠂ ᠬᠥᠮᠦᠨ ᠳᠤᠮᠳᠠᠴᠢ ᠶᠢᠨ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ ᠢ 18.6 ᠲᠡᠭᠰᠢ ᠳᠥᠷᠪᠡᠯᠵᠢᠨ ᠮᠧᠲᠷ ᠪᠣᠯᠭᠠᠵᠤ᠂ ᠥᠪᠡᠷᠲᠡᠭᠡᠨ | ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ ᠪᠠᠷ ᠦᠨᠡᠯᠡᠭᠳᠡᠪᠡ᠃ ᠦᠴᠤᠸᠠᠨ ᠰᠢᠶᠠᠨ ᠤ ᠤᠢ | ᠰᠢᠭᠤᠢ ᠶᠢᠨ ᠠᠮᠢ ᠠᠬᠤᠢ ᠶᠢᠨ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠤᠯᠤᠰ ᠤᠨ ᠤᠢ ᠰᠢᠭᠤᠢ ᠶᠢᠨ ᠠᠮᠢ ᠠᠬᠤᠢ ᠶᠢᠨ ᠵᠢᠩᠬᠢᠨᠢ ᠡᠮ ᠤᠨ ᠮᠠᠲ᠋ᠧᠷᠢᠶᠠᠯ ᠤᠨ ᠠᠵᠤ ᠦᠢᠯᠡᠰ ᠤᠨ | ᠰᠠᠭᠤᠷᠢᠨ ᠭᠠᠵᠠᠷ ᠤᠨ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃ ᠣᠢ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ | ᠨᠡᠶᠢᠲᠡ ᠶᠢᠨ ᠠᠰᠠᠷᠠᠮᠵᠢ ᠶᠢᠨ ᠣᠶ ᠶᠢᠨ ᠬᠠᠮᠠᠭᠠᠯᠠᠭᠴᠢ 1395 ᠬᠥᠮᠦᠨ᠂ ᠭᠠᠯ ᠰᠡᠷᠭᠡᠶᠢᠯᠡᠭᠴᠢ 632 ᠬᠥᠮᠦᠨ ᠢ | ᠤᠷᠢᠨ ᠬᠡᠷᠡᠭᠯᠡᠪᠡ᠃ ᠰᠠᠭᠤᠷᠢ ᠪᠥᠳᠥᠭᠡᠨ ᠪᠠᠶᠢᠭᠤᠯᠤᠯᠲᠠ ᠰᠢᠨ᠎ᠡ ᠠᠮᠵᠢᠯᠲᠠ ᠪᠦᠲᠦᠮᠵᠢ ᠤᠯᠪᠠ᠃ 209 | ᠤᠯᠤᠰ ᠤᠨ ᠵᠠᠰᠠᠮᠠᠯ ᠵᠠᠮ ᠤᠨ ᠬᠥᠬᠡᠬᠤᠲᠠ ᠠᠴᠠ ᠦᠴᠦᠸᠠᠨ ᠬᠦᠷᠬᠦ ᠬᠡᠰᠡᠭ ᠤᠨ ᠪᠦᠬᠦ ᠱᠤᠭᠤᠮ ᠢ ᠨᠡᠪᠲᠡᠷᠡᠭᠦᠯᠵᠦ᠂ | ᠦᠴᠤᠸᠠᠨ ᠨᠢ ᠬᠤᠳᠠ ᠶᠢᠨ ᠬᠠᠭᠠᠰ ᠴᠠᠭ ᠤᠨ ᠵᠠᠮ ᠬᠠᠷᠢᠯᠴᠠᠭᠠᠨ ᠤ ᠬᠦᠷᠢᠶ᠎ᠡ ᠪᠣᠯᠤᠨ ᠠᠵᠤ ᠠᠬᠤᠢ ᠶᠢᠨ | ᠬᠥᠭᠵᠢᠯᠲᠡ ᠶᠢᠨ ᠬᠦᠷᠢᠶ᠎ᠡ ᠳᠤ ᠪᠦᠬᠦ ᠲᠠᠯ᠎ᠠ ᠪᠠᠷ ᠠᠭᠤᠰᠤᠯᠴᠠᠵᠠᠢ᠃ ᠪᠥᠬᠦ ᠣᠷᠳᠣ ᠨᠢ 100 ᠺᠢᠯᠣᠮᠧᠲᠷ᠂ 30 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠮᠤᠵᠢ ᠶᠢᠨ ᠵᠠᠮ ᠤᠨ 311 ᠦᠴᠤᠸᠠᠨ ᠠᠴᠠ ᠶᠠᠩ ᠱᠣ᠋ ᠪᠠ | ᠬᠥᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠳᠤ ᠣᠲᠣ ᠶᠠᠭ ᠬᠡᠷᠡᠭᠯᠡᠬᠦ ᠭᠠᠵᠠᠷ ᠤᠨ ᠲᠣᠨᠣᠭᠯᠠᠭᠠᠰᠤ ᠶᠢ | ᠮᠡᠳᠡᠭᠦᠯᠦᠨ ᠵᠥᠪᠰᠢᠶᠡᠷᠡᠭᠦᠯᠬᠦ ᠠᠵᠢᠯ ᠢ ᠥᠷᠨᠢᠭᠦᠯᠪᠡ᠃ 2.45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ | ᠂ ᠲᠣᠰᠬᠤᠨ ᠳᠤ ᠨᠡᠪᠲᠡᠷᠡᠬᠦ ᠵᠠᠮ ᠢ 360 ᠺᠢᠯᠣᠮᠧᠲᠷ ᠬᠠᠲᠠᠭᠤᠷᠠᠭᠤᠯᠵᠤ᠂ ᠪᠥᠬᠦ ᠰᠢᠶᠠᠨ ᠳᠤ 462 ᠪᠠᠶᠢᠭᠠᠯᠢ ᠶᠢᠨ | ᠲᠣᠰᠬᠤᠨ ᠳᠤ ᠨᠡᠪᠲᠡᠷᠡᠭᠦᠯᠪᠡ᠃ ᠨᠡᠶᠢᠲᠡ 3.99 ᠳ᠋ᠦᠩᠰᠢᠭᠤᠷ ᠲᠥᠭᠦᠷᠢᠭ ᠣᠷᠣᠭᠤᠯᠵᠤ᠂ ᠭᠤᠤᠯ ᠤᠨ ᠵᠠᠮ ᠢ | ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠦᠲᠦᠮᠵᠢᠲᠡᠶ ᠬᠠᠮᠠᠭᠠᠯᠠᠪᠠ᠃ 73 ᠲᠡᠭᠰᠢ ᠳᠥᠷᠪᠡᠯᠵᠢᠨ ᠺᠢᠯᠣᠮᠧᠲᠷ ᠵᠢᠵᠢᠭ ᠰᠠᠪᠠ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ 250 | ᠲᠡᠭᠰᠢ ᠳᠥᠷᠪᠡᠯᠵᠢᠨ ᠺᠢᠯᠣᠮᠧᠲᠷ ᠤᠰᠤᠨ ᠤ ᠬᠠᠮᠠᠭᠠᠯᠠᠯᠲᠠ ᠶᠢᠨ ᠵᠠᠰᠠᠯᠲᠠ ᠶᠢ ᠪᠡᠶᠡᠯᠡᠭᠦᠯᠵᠦ᠂ 4.5 ᠲᠦᠮᠡᠨ | ᠮᠥ ᠶᠢᠨ ᠠᠮᠢ ᠠᠬᠤᠶ ᠶᠢ ᠵᠠᠰᠠᠨ ᠰᠡᠷᠭᠦᠭᠡᠪᠡ᠃ ᠤᠰᠤ ᠠᠷᠪᠢᠯᠠᠬᠤ ᠤᠰᠤᠯᠠᠯᠲᠠ ᠶᠢ 9.2 ᠲᠦᠮᠡ ᠭᠠᠷᠤᠶ ᠮᠦ | ᠰᠢᠨ᠎ᠡ ᠪᠠᠷ ᠨᠡᠮᠡᠭᠳᠡᠭᠦᠯᠪᠡ᠃ ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠪᠠ᠃ ᠵᠡᠭᠦᠨ | ᠭᠠᠳᠠᠷ ᠴᠠᠭᠠᠷᠢᠭ᠂ ᠵᠢᠶᠠᠨ ᠺᠠᠩ ᠵᠡᠭᠡᠯᠢ ᠶᠢ ᠵᠡᠭᠦᠨᠰᠢ ᠤᠷᠲᠤᠳᠬᠠᠬᠤ ᠵᠡᠷᠭᠡ ᠬᠤᠲᠠ ᠶᠢᠨ ᠶᠠᠪᠤᠳᠠᠯ ᠤᠨ ᠵᠠᠮ ᠤᠨ | ᠢᠨᠵᠧᠨᠧᠷᠢᠩ ᠢ ᠪᠡᠶᠡᠯᠡᠭᠦᠯᠪᠡ᠃ ︽ᠰᠧ ᠪᠠᠶ ᠬᠦᠷᠢᠶᠡᠯᠡᠩ ᠲᠣᠭᠤᠷᠢᠭ︾ ︽ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ︾ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ | ᠵᠢᠴᠢ 7 ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠪᠠ᠃ ᠬᠤᠲᠠ ᠶᠢᠨ | ᠲᠣᠭᠤᠷᠢᠭ ᠲᠤ ᠰᠢᠲᠠᠮᠠᠬᠠᠢ ᠬᠡᠢ ᠶᠢᠨ ᠭᠤᠣᠯᠯᠠᠨ ᠬᠠᠮᠢᠶᠠᠷᠬᠤ ᠲᠣᠣᠷ ᠢ 22.7ᠺᠢᠯᠣᠮᠧᠲᠷ ᠳᠡᠪᠢᠰᠪᠡ᠃ 29 | ᠵᠢᠵᠢᠭ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠪᠡ᠃ | 497 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢ | ᠬᠡᠷᠡᠭᠵᠢᠭᠦᠯᠪᠡ᠃ 253 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠪᠠ᠃ ︽ᠤᠢ | ᠰᠢᠭᠤᠢ ᠶᠢᠨ ᠲᠣᠰᠬᠤᠨ︾ ᠢ 39 ᠪᠠᠶᠢᠭᠤᠯᠵᠤ᠂ 229 ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠪᠠ | ᠲᠡᠭᠦᠯᠳᠡᠷᠵᠢᠭᠦᠯᠦᠨ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠰᠠᠶᠢᠨ ᠰᠠᠶᠢᠬᠠᠨ ᠠᠮᠢ ᠠᠬᠤᠢ᠂ ᠴᠡᠪᠡᠷ ᠲᠤᠩᠭᠠᠯᠠᠭ | ᠠᠭᠠᠷ᠂ ᠴᠡᠪᠡᠷ ᠲᠤᠩᠭᠠᠯᠠᠭ ᠤᠷᠤᠰᠬᠠᠯ ᠤᠰᠤ ᠨᠢ ᠪᠣᠭᠤᠮᠲᠠ ᠶᠢᠨ ᠭᠠᠳᠠᠨᠠᠬᠢ ᠦᠴᠤᠸᠠᠨ ᠤ ᠨᠢᠭᠡᠨ ᠭᠤᠶᠤ | ᠰᠠᠶᠢᠬᠠᠨ ᠨᠡᠷ᠎ᠡ ᠶᠢᠨ ᠬᠠᠭᠤᠳᠠᠰᠤ ᠪᠣᠯᠵᠠᠢ᠃ | — ᠡᠨᠡ ᠪᠣᠯ ᠠᠷᠠᠳ ᠤᠨ ᠠᠮᠢᠳᠤᠷᠠᠯ ᠤᠨ ᠪᠤᠶᠠᠨ ᠬᠡᠰᠢᠭ ᠨᠡᠩ ᠡᠯᠪᠡᠭ ᠳᠡᠯᠪᠡᠭ ᠪᠣᠯᠤᠭᠰᠠᠨ ᠲᠠᠪᠤᠨ ᠵᠢᠯ | ᠪᠣᠯᠤᠨ᠎ᠠ᠃ ᠲᠠᠪᠤᠨ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠢᠮᠠᠭᠲᠠ | ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 80.3% ᠶᠢ ᠡᠵᠡᠯᠡᠪᠡ᠃ ᠰᠤᠷᠭᠠᠨ ᠬᠥᠮᠦᠵᠢᠯ ᠤᠨ ᠶᠠᠰᠤ ᠴᠢᠨᠠᠷ ᠲᠠᠰᠤᠷᠠᠯᠲᠠ | ᠥᠬᠡᠶ ᠳᠡᠭᠡᠭᠰᠢᠯᠡᠪᠡ᠃ ᠨᠡᠶᠢᠲᠡ 117 ᠪᠠᠭᠰᠢ ᠡᠯᠰᠡᠵᠦ᠂ ᠲᠤᠰᠬᠠᠶ ᠮᠡᠷᠭᠡᠵᠢᠯ ᠤᠨ ᠲᠤᠰᠢᠶᠠᠯ ᠤᠨ ᠪᠠᠭᠰᠢ | 99% ᠶᠢ ᠡᠵᠡᠯᠡᠵᠦ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠠᠴᠠ ᠳᠡᠭᠡᠭᠰᠢᠬᠢ ᠪᠠᠭᠰᠢ 41% ᠶᠢ | ᠡᠵᠡᠯᠡᠵᠦ᠂ 52 ᠪᠠᠭᠰᠢ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠪᠠᠭᠰᠢ ᠶᠢᠨ ᠴᠤᠯᠠ ᠶᠢ ᠬᠦᠷᠲᠡᠵᠣ | ᠂ ᠨᠠᠷᠠᠲᠤ ᠪᠠᠭᠰᠢ ᠶᠢᠨ ᠪᠦᠯᠬᠦᠮ ᠨᠢ 2015 ᠣᠨ ᠤ ᠬᠢ ᠠᠴᠠ 2 ᠳᠠᠬᠢᠨ ᠢᠯᠡᠭᠦᠤ ᠨᠡᠮᠡᠭᠳᠡᠵᠡᠶ᠃ ᠰᠤᠷᠬᠤ | ᠨᠠᠰᠤᠨ ᠠᠴᠠ ᠡᠮᠦᠨᠡᠬᠢ 3 ᠵᠢᠯ ᠤᠨ ᠬᠡᠦᠬᠡᠳ ᠤᠨ ᠴᠡᠴᠡᠷᠯᠢᠭ ᠲᠤ ᠣᠷᠣᠬᠤ ᠨᠤᠷᠮ᠎ᠠ᠂ ᠶᠢᠰᠦᠨ ᠵᠢᠯ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ ᠴᠥᠮ 100% ᠳᠤ ᠬᠦᠷᠭᠡᠪᠡ᠃ ᠨᠢᠭᠡᠳᠦᠭᠡᠷ | ᠳᠤᠮᠳᠠᠳᠤ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠪᠣᠯᠪᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠥᠲᠦᠮᠵᠢ ᠯᠠᠪᠳᠠᠭᠤᠨ ᠢᠶᠠᠷ ᠳᠡᠭᠡᠭᠰᠢᠯᠡᠪᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠴᠢᠩᠭᠠᠷᠠᠪᠠ᠃ ᠨᠡᠶᠢᠳᠡ 8532 ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ ᠲᠤ 2314 ᠬᠥᠮᠦᠨ ᠳᠤ ᠲᠠᠬᠢᠨ ᠠᠵᠢᠯ | ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠪᠠ᠃ | ᠬᠥᠳᠡᠭᠡ ᠲᠣᠰᠬᠤᠨ ᠤ 4003 ᠬᠥᠮᠦᠨ ᠤ ᠬᠥᠳᠡᠯᠮᠦᠷᠢ ᠬᠦᠴᠦᠨ ᠢ ᠰᠢᠯᠵᠢᠭᠦᠯᠦᠨ ᠪᠣᠯᠪᠠᠰᠤᠷᠠᠭᠤᠯᠪᠠ᠃ 4364 | ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠵᠢᠭᠡᠯᠡᠯᠭᠡ᠂ 2366 ᠲᠦᠮᠡᠨ ᠲᠥᠭᠦᠷᠢᠭ ᠤᠨ ᠠᠵᠢᠯ | ᠠᠯᠳᠠᠯᠲᠠ ᠶᠢᠨ ᠮᠥᠩᠭᠦ ᠲᠠᠷᠬᠠᠭᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯ | ᠤᠯᠬᠤ ᠳᠤ ᠬᠦᠴᠢᠷᠲᠡᠶ 202 ᠬᠥᠮᠦᠨ ᠢ ᠲᠥᠪᠬᠢᠨᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 117052 ᠬᠥᠮᠦᠨ ᠳᠤ ᠬᠦᠷᠴᠦ᠂ ᠳᠠᠭᠠᠳᠬᠠᠯ ᠳᠤ | ᠣᠷᠣᠯᠴᠠᠭᠰᠠᠨ ᠪᠦᠷᠬᠦᠴᠡ ᠶᠢᠨ ᠨᠣᠷᠮ᠎ᠠ 95% ᠠᠴᠠ ᠳᠡᠭᠡᠭᠰᠢ ᠳᠤ ᠬᠥᠷᠪᠡ᠃ 19 ᠡᠷᠡᠭᠦᠯ ᠬᠠᠮᠠᠭᠠᠯᠠᠯ ᠤᠨ | ᠬᠤᠷᠢᠶ᠎ᠠ ᠶᠢᠨ his ᠰᠢᠰᠲ᠋ᠧᠮ ᠪᠠ ᠳᠤᠯᠠᠭᠠᠯᠠᠭ᠎ᠠ ᠶᠢᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ | 11 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠯᠤᠰ ᠠᠴᠠ ᠬᠠᠷᠠᠭᠠᠨ ᠳᠠᠪᠲᠠᠮᠵᠢ ᠪᠠᠷ ᠬᠠᠮᠵᠢᠨ | ᠣᠨᠣᠰᠢᠯᠠᠬᠤ ᠶᠢ ᠪᠡᠶᠡᠯᠡᠭᠦᠯᠪᠡ᠃ ᠬᠠᠷᠠᠭᠤᠯ᠂ ᠪᠠᠷᠠᠭᠤᠨ ᠤᠯᠠᠭᠠᠨᠪᠤᠯᠠᠭ᠂ ᠳ᠋ᠦᠩ ᠲᠤ ᠴᠧᠩ ᠵᠡᠷᠭᠡ 9 ᠡᠷᠡᠭᠦᠯ | ᠬᠠᠮᠠᠭᠠᠯᠠᠯ ᠤᠨ ᠬᠤᠷᠢᠶ᠎ᠠ ᠡᠮᠨᠡᠯᠭᠡ ᠳᠤ ᠰᠠᠭᠤᠬᠤ ᠲᠤᠬᠠᠶᠢᠯᠠᠭᠰᠠᠨ ᠠᠵᠢᠯ ᠢ ᠡᠬᠢᠯᠡᠭᠦᠯᠵᠡᠢ᠃ ᠬᠥᠯᠥᠰᠥᠨ | ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠭᠤᠯᠵᠤ ᠪᠠᠶᠢᠭ᠎ᠠ ᠵᠦᠢᠯᠡᠰ ᠲᠤ ᠴᠥᠮ ︽ | ᠲᠦᠷᠪᠡᠨ ᠲᠦᠷᠢᠮ ᠬᠤᠶᠠᠷ ᠮᠥᠩᠭᠦ︾ ᠶᠢᠨ ᠲᠦᠷᠢᠮ ᠢ ᠬᠡᠷᠡᠭᠵᠢᠭᠦᠯᠵᠦ᠂ 1230 ᠭᠠᠷᠤᠶ ᠬᠥᠯᠥᠰᠥᠨ | ᠠᠵᠢᠯᠴᠢᠨ ᠳᠤ 1350 ᠭᠠᠷᠤᠶ ᠲᠦᠮᠡᠨ ᠲᠥᠭᠦᠷᠢᠭ ᠤᠨ ᠴᠠᠯᠢᠩ ᠨᠡᠬᠡᠮᠵᠢᠯᠡᠨ ᠠᠪᠴᠤ ᠥᠭᠪᠡ᠃ ᠬᠥᠳᠡᠭᠡ | ᠲᠣᠰᠬᠤᠨ ᠤ ᠲᠠᠷᠠᠬᠠᠶ ᠪᠤᠲᠠᠷᠬᠠᠶ᠂ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠰ ᠲᠣᠰ ᠬᠥᠮᠦᠨ ᠪᠦᠷᠢ | ︵ᠵᠢᠯ ᠪᠦᠷᠢ︶ 8460 ᠲᠥᠭᠦᠷᠢᠭ ᠪᠠ 10020 ᠲᠥᠭᠦᠷᠢᠭ ᠲᠤ ᠬᠦᠷᠦᠭᠦᠯᠵᠦ᠂ ᠬᠤᠲᠠ ᠪᠠᠯᠭᠠᠰᠤ ᠶᠢᠨ | ᠲᠠᠷᠠᠬᠠᠶ ᠪᠤᠲᠠᠷᠬᠠᠶ᠂ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ ᠲᠣᠰ ᠲᠣᠰ ᠬᠥᠮᠦᠨ ᠪᠦᠷᠢ ︵ᠵᠢᠯ ᠪᠦᠷᠢ | ︶ 14400 ᠲᠥᠭᠦᠷᠢᠭ ᠪᠠ 19200 ᠲᠥᠭᠦᠷᠢᠭ ᠲᠤ ᠬᠦᠷᠦᠭᠦᠯᠪᠡ᠃ ᠬᠤᠲᠠ᠂ ᠰᠢᠶᠠᠩ ᠤᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠰ ᠲᠣᠰ ᠬᠥᠮᠦᠨ ᠪᠦᠷᠢ ︵ᠵᠢᠯ︶ ᠳᠤ 9060 | ᠲᠥᠭᠦᠷᠢᠭ ᠪᠠ 6504 ᠲᠥᠭᠦᠷᠢᠭ ᠪᠣᠯᠲᠠᠯ᠎ᠠ ᠳᠡᠭᠡᠭᠰᠢᠯᠡᠭᠦᠯᠪᠡ᠃ ᠬᠥᠳᠡᠭᠡ ᠲᠣᠰᠬᠤᠨ ᠤ 6 ᠵᠣᠯ ᠵᠢᠷᠭᠠᠯ ᠤᠨ | ᠬᠦᠷᠢᠶᠡᠯᠡᠩ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠪᠠ᠃ ᠰᠢᠨ᠎ᠡ ᠪᠠᠷ ᠪᠠᠶᠢᠭᠤᠯᠤᠭᠰᠠᠨ | ᠢᠷᠠᠭᠤ ᠠᠯᠳᠠᠷ ᠤᠨ ᠬᠦᠷᠢᠶᠡᠯᠡᠩ ᠨᠢ ᠨᠡᠭᠦᠵᠤ ᠣᠷᠤᠪᠠ᠃ ᠴᠡᠷᠢᠭ ᠤᠨ ᠠᠯᠪᠠᠨ ᠠᠴᠠ ᠪᠠᠭᠤᠭᠰᠠᠳ ᠤᠨ 630 | ᠨᠡᠶᠢᠭᠡᠮ ᠤᠨ ᠳᠠᠭᠠᠳᠬᠠᠯ ᠤᠨ ᠦᠷᠭᠦᠯᠵᠢᠯᠡᠬᠦ ᠠᠵᠢᠯ ᠢ ᠪᠡᠶᠡᠯᠡᠭᠦᠯᠪᠡ᠃ ᠰᠣᠶᠣᠯ ᠤᠨ ᠦᠢᠯᠡᠰ ᠥᠷᠨᠢᠩᠭᠦᠶ ᠪᠠᠷ | ᠬᠥᠭᠵᠢᠪᠡ᠃ ᠨᠣᠮ ᠤᠨ ᠰᠠᠩ᠂ ᠰᠣᠶᠣᠯ ᠤᠨ ᠣᠷᠳᠣᠨ ᠢ ᠶᠠᠮᠤᠨ ᠤ ᠨᠡᠶᠢᠲᠡᠯᠡᠭᠰᠡᠨ ᠭᠤᠷᠪᠠᠳᠤᠭᠠᠷ ᠳᠡᠰ ᠤᠨ | ᠨᠣᠮ ᠤᠨ ᠰᠠᠩ ᠤᠨ ᠪᠠᠷᠢᠮᠵᠢᠶ᠎ᠠ ᠳᠤ ᠬᠦᠷᠭᠡᠵᠦ᠂ ︽ᠴᠢᠩ ᠱᠠᠨ ᠬᠤᠪᠢᠶᠠᠷᠢ ᠣᠷᠳᠣᠨ︾᠂ ᠠᠵᠤ ᠠᠬᠤᠶ ᠶᠢᠨ | ᠨᠡᠭᠡᠭᠡᠨ ᠬᠥᠭᠵᠢᠭᠦᠯᠦᠯᠲᠡ ᠶᠢᠨ ᠣᠷᠣᠨ ᠵᠡᠷᠭᠡ 8 ᠨᠣᠮ ᠪᠢᠴᠢᠭ ᠤᠨ ᠦᠢᠯᠡᠴᠢᠯᠡᠭᠡᠨ ᠤ ᠦᠷᠳᠡᠭᠡ ᠪᠠ 98 | ᠰᠣᠶᠣᠯ ᠤᠨ ᠦᠢᠯᠡᠴᠢᠯᠡᠭᠡᠨ ᠤ ᠲᠥᠪ ︵ᠲᠣᠰᠬᠤᠨ ᠤ ᠰᠣᠶᠣᠯ ᠤᠨ ᠦᠷᠦᠭᠡ︶ ᠢ ᠰᠢᠨ᠎ᠡ ᠪᠠᠷ ᠪᠠᠶᠢᠭᠤᠯᠪᠠ᠃ | ᠤᠯᠤᠰ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ | ᠪᠠᠶᠢᠭᠤᠯᠪᠠ᠃ ︽ᠬᠥᠬᠡᠮᠳᠦᠭ ᠠᠭᠤᠯᠠ ᠶᠢᠨ ᠬᠥᠪᠡᠭᠦᠳ ᠥᠬᠢᠳ︾ ᠪᠡᠭᠡᠵᠢᠩ ᠳᠤ ᠲᠣᠭᠯᠠᠯᠲᠠ ᠭᠠᠷᠭᠠᠵᠤ᠂ ︽ | ᠬᠥᠬᠡᠮᠳᠦᠭ ᠠᠭᠤᠯᠠ ᠶᠢᠨ ᠬᠠᠶᠢᠷ᠎ᠠ︾ ᠨᠢ ︽16 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ | ᠨᠤᠲᠤᠭ ᠤᠨ ᠰᠣᠶᠣᠯ ᠤᠨ ᠨᠠᠶᠢᠷ︾ ᠤᠨ ᠴᠤᠷ ᠤᠨ ᠭᠠᠭᠴᠠ ᠬᠢᠲᠠᠳ ᠬᠡᠯᠡᠨ ᠤ ᠦᠵᠡᠭᠦᠯᠦᠯᠭᠡ ᠶᠢᠨ ᠵᠦᠴᠦᠭᠡ ᠪᠠᠷ | ᠦᠨᠡᠯᠡᠭᠳᠡᠵᠦ᠂ ︽ᠶᠤᠤᠮᠠᠢ ᠬᠠᠳᠤᠭᠰᠠᠨ ᠨᠢ︾᠂ ︽ᠪᠠᠷᠠᠭᠤᠨ ᠧᠦ᠋ᠷᠣᠫᠠ ᠪᠠᠷ ᠶᠠᠪᠤᠭᠰᠠᠨ ᠨᠢ︾ ᠨᠢ ᠤᠯᠤᠰ ᠤᠨ | ᠤᠷᠠᠯᠢᠭ ᠤᠨ ᠰᠠᠭᠤᠷᠢ ᠮᠥᠩᠭᠦ ᠪᠠᠷ ᠲᠣᠭᠤᠷᠢᠨ ᠲᠣᠭᠯᠠᠬᠤ ᠪᠦᠲᠦᠭᠡᠯ ᠢᠶᠠᠷ ᠵᠢᠭᠰᠠᠭᠠᠭᠳᠠᠪᠠ᠃ ︽ ᠶᠢᠨ ᠵᠢᠶᠧ ᠬᠤᠤ | ︾ ᠶᠢᠨ ᠬᠠᠮᠠᠭᠠᠯᠠᠯᠲᠠ ᠵᠢᠴᠢ 170 ᠭᠠᠷᠤᠶ ᠺᠢᠯᠣᠮᠧᠲᠷ ᠤᠨ ᠦᠶ᠎ᠡ ᠦᠶ᠎ᠡ ᠶᠢᠨ ᠣᠷᠳᠣ ᠴᠠᠭᠠᠨ ᠬᠡᠷᠡᠮ ᠤᠨ ᠲᠡᠮᠳᠡᠭ | ᠂ ᠬᠠᠮᠠᠭᠠᠯᠠᠯᠲᠠ ᠶᠢᠨ ᠠᠵᠢᠯ ᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ ᠤᠨ ᠰᠠᠭᠤᠷᠢᠨ ᠭᠠᠵᠠᠷ ᠨᠢ ᠪᠥᠬᠦ ᠤᠯᠤᠰ ᠤᠨ ᠲᠡᠷᠢᠭᠦᠨ ᠤ ᠪᠠᠷᠢᠮᠵᠢᠶᠠᠵᠢᠭᠰᠠᠨ ᠲᠣᠤᠷ ᠪᠥᠮᠪᠦᠭᠡ ᠶᠢᠨ | ᠣᠷᠳᠣᠨ᠂ ᠬᠡᠷ ᠳᠣᠲᠣᠷᠠᠬᠢ ᠬᠦᠨᠳᠦ ᠬᠥᠩᠭᠡᠨ ᠲᠠᠮᠢᠷ ᠤᠨ ᠣᠷᠳᠣᠨ ᠵᠡᠷᠭᠡ ᠶᠢ ᠪᠠᠶᠢᠭᠤᠯᠪᠠ᠃ ᠨᠡᠶᠢᠭᠡᠮ ᠤᠨ ᠶᠡᠭᠡ | ᠲᠠᠯ᠎ᠠ ᠠᠮᠤᠷ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠪᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠪᠠ᠃ ︽ᠭᠡᠭᠡᠨ ᠰᠠᠷᠠᠭᠤᠯ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ᠤᠶᠤᠨᠲᠤ ᠠᠮᠤᠷ | ᠠᠮᠤᠭᠤᠯᠠᠩ ᠬᠤᠳᠠ︾ ᠶᠢᠨ ᠪᠦᠳᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ | ᠠᠶᠤᠯᠭᠦᠶ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ | ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠨ ᠳᠤ ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ | ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠦᠭᠡᠢ᠃ ᠵᠥᠷᠢᠴᠡᠯ ᠵᠢᠭᠤᠷᠠᠯᠳᠤᠭᠠᠨ ᠢ ᠶᠡᠭᠡ ᠪᠠᠷ | ᠵᠢᠭᠰᠠᠭᠠᠨ ᠪᠠᠶᠢᠴᠠᠭᠠᠬᠤ᠂ ᠶᠡᠭᠡ ᠪᠠᠷ ᠠᠷᠢᠯᠭᠠᠬᠤ᠂ ᠶᠡᠭᠡ ᠪᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠪᠥᠭᠡᠳ ᠪᠡᠷᠬᠡᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠪᠡ᠃ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠪᠠ᠃ ︽ᠯᠠᠯᠤ︾ ᠶᠢᠨ | ᠤᠬᠠᠭᠳᠠᠬᠤᠨ ᠤ ᠲᠡᠯᠡᠷᠡᠯᠳᠡ ᠪᠠ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ ᠢ ᠵᠢᠭᠰᠠᠭᠠᠨ ᠪᠠᠶᠢᠴᠠᠭᠠᠬᠤ | ᠠᠵᠢᠯ ᠢ ᠲᠥᠪᠯᠡᠷᠡᠭᠦᠯᠦᠨ ᠥᠷᠨᠢᠭᠦᠯᠵᠦ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠤᠨ ︽ᠲᠠᠪᠤ ᠶᠢ ᠳᠠᠪᠰᠢᠭᠤᠯᠵᠤ | ᠲᠦᠷᠪᠡ ᠶᠢ ᠣᠳᠣᠬᠢᠴᠢᠯᠠᠬᠤ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠱᠠᠰᠢᠨ ᠰᠤᠷᠲᠠᠬᠤᠨ ᠤ ᠠᠵᠢᠯ | ᠢᠯᠡᠳᠲᠡ ᠦᠷ᠎ᠡ ᠪᠦᠲᠦᠮᠵᠢ ᠤᠯᠪᠠ᠃ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ | ᠬᠠᠮᠲᠤ ᠪᠠᠷ ᠴᠡᠴᠡᠭᠯᠡᠨ ᠬᠥᠭᠵᠢᠬᠦ ᠪᠠᠶᠢᠳᠠᠯ ᠤᠯᠠᠮ ᠨᠢᠭᠡ ᠠᠯᠬᠤᠮ ᠪᠠᠬᠢᠵᠢᠵᠦ᠂ ᠠᠷᠠᠳ ᠤᠯᠠᠨ ᠤ ᠬᠦᠷᠲᠡᠮᠵᠢ ᠶᠢᠨ | ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢᠯᠡᠳᠲᠡ ᠴᠢᠩᠭᠠᠷᠠᠪᠠ᠃ | — ᠡᠨᠡ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠦᠷᠭᠦᠯᠵᠢᠯᠡᠨ ᠬᠤᠪᠢᠷᠠᠭᠤᠯᠤᠭᠰᠠᠨ ᠲᠠᠪᠤᠨ | ᠵᠢᠯ ᠮᠥᠨ᠃ ᠲᠠᠪᠤᠨ ᠵᠢᠯ ᠤᠨ ᠲᠤᠷᠰᠢ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠵᠤ᠂ ᠥᠭᠡᠷᠡᠴᠢᠯᠡᠯᠲᠡ ᠶᠢ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ | ᠪᠦᠲᠦᠮᠵᠢᠲᠡᠢ ᠬᠥᠭᠵᠢᠭᠡᠵᠡᠢ᠃ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ | ᠰᠢ ᠶᠢᠨ ᠫᠢᠩ ᠨᠥᠬᠦᠷ ᠤᠨ ᠭᠤᠣᠯᠯᠠᠬᠤ ᠪᠠᠶᠢᠷᠢ ᠰᠠᠭᠤᠷᠢ ᠶᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠨᠠᠮ ᠤᠨ | ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠵᠤ᠂ ︽ᠲᠦᠷᠪᠡᠨ | ᠤᠬᠠᠮᠰᠠᠷ︾ ᠢ ᠲᠠᠰᠤᠷᠠᠯᠳᠠ ᠦᠭᠡᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ | ᠬᠥᠭᠵᠢᠬᠦ ᠶᠢ ᠲᠠᠰᠤᠷᠠᠯᠳᠠ ᠦᠭᠡᠢ ᠠᠬᠢᠭᠤᠯᠪᠠ᠃ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ | ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠳᠦᠷᠢᠮᠵᠢᠭᠦᠯᠬᠦ ᠶᠢ ᠠᠬᠢᠭᠤᠯᠵᠤ᠂ ︽ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠪᠠ᠃ ᠰᠢᠶᠠᠨ ᠤ ᠨᠠᠮ ᠤᠨ ᠬᠤᠷᠢᠶ᠎ᠠ ᠳᠤ | ᠠᠵᠢᠯ ᠢᠶᠠᠨ ᠮᠡᠳᠡᠭᠦᠯᠬᠦ ᠲᠦᠷᠢᠮ᠂ ᠴᠢᠬᠤᠯᠠ ᠶᠡᠭᠡ ᠠᠰᠠᠭᠤᠳᠠᠯ ᠢ ᠰᠢᠶᠠᠨ ᠤ ᠨᠠᠮ ᠤᠨ ᠬᠤᠷᠢᠶ᠎ᠠ ᠳᠤ ᠮᠡᠳᠡᠭᠦᠯᠦᠨ | ᠵᠢᠭᠠᠪᠤᠷᠢ ᠠᠪᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠰᠢᠶᠠᠨ ᠤ ᠵᠠᠰᠠᠭ ᠤᠨ ᠣᠷᠳᠣᠨ ᠤ ᠠᠵᠢᠯ ᠤᠨ | ᠲᠦᠷᠢᠮ ᠢ ᠲᠡᠭᠦᠯᠳᠡᠷᠵᠢᠭᠦᠯᠵᠦ᠂ ᠰᠢᠶᠠᠨ ᠤ ᠵᠠᠰᠠᠭ ᠤᠨ ᠣᠷᠳᠣᠨ ᠤ ᠵᠢᠭᠠᠪᠤᠷᠢ ᠠᠪᠴᠤ ᠮᠡᠳᠡᠭᠦᠯᠬᠦ᠂ ᠰᠢᠮᠳᠠᠭᠤᠯᠤᠨ | ᠪᠠᠶᠢᠴᠠᠭᠠᠵᠤ ᠬᠠᠷᠢᠭᠤ ᠲᠤᠰᠬᠠᠬᠤ ᠪᠠ ᠰᠤᠷᠤᠯᠴᠠᠬᠤ ᠵᠡᠷᠭᠡ ᠲᠦᠷᠢᠮ ᠢ ᠲᠣᠭᠲᠠᠭᠠᠪᠠ᠃ ᠵᠠᠰᠠᠭ ᠤᠨ ᠣᠷᠳᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠥᠬᠦᠢ ᠲᠠᠯ᠎ᠠ ᠪᠠᠷ ᠪᠡᠶᠡᠯᠡᠭᠦᠯᠪᠡ᠃ ᠴᠡᠷᠢᠭ ᠤᠨ ᠠᠯᠪᠠᠨ ᠠᠴᠠ | ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ 5 | ᠰᠠᠯᠠᠭ᠎ᠠ ᠮᠥᠴᠢᠷ ᠢ ᠰᠢᠨ᠎ᠡ ᠪᠠᠷ ᠪᠠᠶᠢᠭᠤᠯᠵᠤ᠂ 26 ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠲᠤ | ᠬᠤᠯᠪᠣᠭᠳᠠᠨ᠂ ᠨᠡᠶᠢᠲᠡ 330 ᠭᠠᠷᠤᠶ ᠠᠵᠢᠯᠲᠠᠨ ᠢ ᠰᠢᠯᠵᠢᠭᠦᠯᠦᠨ ᠵᠠᠬᠢᠷᠤᠭᠤᠯᠵᠤ᠂ ᠵᠠᠰᠠᠭ ᠤᠨ ᠣᠷᠳᠣᠨ ᠤ | ᠠᠵᠢᠯᠯᠠᠭᠠᠨ ᠨᠡᠩ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠣᠯᠪᠠ᠃ ᠰᠢᠶᠠᠩ ᠪᠠᠯᠭᠠᠰᠤᠨ ᠤ | ᠥᠭᠡᠷᠡᠴᠢᠯᠡᠯᠲᠡ ᠪᠠ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | 5 ᠬᠦᠷᠢᠶᠡᠨ ᠳᠠᠬᠢ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ | ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠭᠤᠷᠪᠠᠨ ᠲᠣᠮᠣ | ᠤᠯᠤᠰ ᠤᠨ ᠣᠶ ᠰᠢᠭᠤᠶ ᠶᠢᠨ ᠲᠠᠯᠠᠪᠠᠶ ᠶᠢᠨ ᠬᠢᠯᠢ ᠶᠢᠨ ᠵᠠᠭᠠᠭ ᠢ ᠵᠣᠯᠭᠠᠭᠤᠯᠬᠤ ᠠᠵᠢᠯ ᠪᠠ ᠥᠭᠡᠷᠡᠴᠢᠯᠡᠯᠲᠡ ᠶᠢᠨ | ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠵᠤ᠂ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ | ᠰᠢᠰᠲ᠋ᠧᠮ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠨᠡᠶᠢᠭᠡᠮ ᠳᠤ | ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ | ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠲᠤᠬᠠᠶ ᠶᠠᠷᠢᠯᠴᠠᠬᠤ ᠬᠤᠷᠠᠯ᠂ ᠭᠡᠷᠡᠴᠢᠯᠡᠭᠡ ᠰᠣᠨᠣᠰᠬᠤ | ᠬᠤᠷᠠᠯ᠂ ᠨᠤᠲᠠᠯᠠᠯᠲᠠ ᠶᠢᠨ ᠬᠤᠷᠠᠯ ᠬᠤᠷᠠᠯᠳᠤᠭᠤᠯᠵᠤ ᠥᠷᠭᠡᠨ ᠢᠶᠠᠷ ᠰᠠᠨᠠᠯ ᠰᠣᠨᠣᠰᠴᠤ᠂ ᠬᠠᠤᠯᠢ ᠶᠣᠰᠣᠭᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠲᠠᠰᠤᠷᠠᠯᠳᠠ | ᠦᠭᠡᠢ ᠳᠡᠭᠡᠭᠰᠢᠯᠡᠭᠦᠯᠪᠡ᠃ 5179 ᠵᠦᠢᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠡᠮᠬᠢᠯᠡᠨ ᠳᠢᠭᠯᠡᠵᠦ | ᠂ 749 ᠵᠦᠢᠯ ᠤᠨ ᠬᠢᠨᠠᠨ ᠬᠠᠮᠢᠶᠠᠷᠬᠤ ᠵᠦᠢᠯᠡᠰ ᠢ ᠨᠠᠶᠢᠷᠠᠭᠤᠯᠤᠨ ᠨᠡᠶᠢᠲᠡᠯᠡᠵᠦ᠂ 318 ᠬᠠᠤᠯᠢ ᠬᠡᠷᠡᠭᠵᠢᠭᠦᠯᠬᠦ | ᠠᠵᠢᠯᠲᠠᠨ ᠢ ᠣᠷᠣᠭᠤᠯᠤᠨ᠂ ᠪᠦᠬᠦᠨ ᠢ ᠨᠡᠶᠢᠭᠡᠮ ᠨᠡᠶᠢᠲᠡ ᠳᠤ ᠢᠯᠡ ᠪᠣᠯᠭᠠᠵᠤ᠂ ᠬᠢᠨᠠᠨ ᠵᠥᠪᠰᠢᠶᠡᠷᠡᠬᠦ ᠵᠦᠢᠯᠡᠰ ᠢ | 72% ᠢᠶᠠᠷ ᠴᠣᠮᠬᠠᠳᠬᠠᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠠᠰᠤᠷᠠᠯᠲᠠ | ᠥᠬᠡᠶ ᠭᠦᠨᠵᠡᠭᠡᠶᠢᠷᠡᠭᠦᠯᠵᠦ᠂ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠪᠠᠶᠢᠩᠭᠤᠵᠢᠭᠤᠯᠪᠠ᠃ | ᠡᠭᠦᠨ ᠤ ᠵᠡᠷᠭᠡᠴᠡᠭᠡᠪᠡᠷ᠂ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠶ ᠰᠣᠨᠣᠰᠤᠨ ᠠᠪᠴᠤ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠠᠷᠠᠳ ᠤᠨ | ᠪᠦᠯᠬᠦᠮ ᠤᠨ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠪᠡ᠃ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠪᠠ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠰᠢᠨ᠎ᠡ | ᠠᠬᠢᠴᠠ ᠲᠠᠢ ᠪᠣᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ ᠬᠢᠨᠠᠨ ᠪᠤᠳᠤᠯᠳᠠ ᠶᠢᠨ ᠬᠢᠨᠠᠯᠲᠠ ᠪᠠ ᠡᠳ᠋ ᠤᠨ | ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠢᠨᠠᠨ | ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠵᠠᠩᠭᠢᠯᠠᠭ᠎ᠠ ᠶᠢᠨ ᠠᠵᠢᠯᠳᠠᠨ᠂ ᠵᠠᠩᠭᠢᠯᠠᠭ᠎ᠠ ᠶᠢᠨ ᠠᠵᠢᠯ ᠤᠨ | ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠢᠯᠵᠠᠷᠠᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ | ᠪᠠᠶᠢᠳᠠᠯ ᠢ ᠢᠮᠠᠭᠲᠠ ᠪᠠᠲᠤᠯᠠᠪᠠ᠃ ︽ᠲᠦᠷᠪᠡᠨ ᠰᠤᠷᠲᠠᠯ︾ ᠢ ᠡᠷᠡᠰ ᠡᠰᠡᠷᠭᠦᠴᠡᠵᠦ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ᠃ | ᠲᠤᠭ᠎ᠠ ᠪᠦᠷᠢᠳᠬᠡᠯ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ | ᠠᠭᠤᠷ᠂ ᠭᠠᠯ ᠤᠨᠲᠠᠷᠠᠭᠠᠬᠤ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ | ᠭᠠᠮᠰᠢᠭ ᠢ ᠪᠠᠭᠠᠰᠬᠠᠬᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠠᠰᠤᠲᠠᠶᠢᠴᠤᠳ ᠢ ᠠᠬᠢᠭᠤᠯᠬᠤ ᠨᠡᠶᠢᠭᠡᠮᠯᠢᠭ᠂ | ᠨᠡᠶᠢᠭᠡᠮ ᠤᠨ ᠠᠬᠢᠭᠤᠯᠬᠤ ᠨᠡᠶᠢᠭᠡᠮᠯᠢᠭ᠂ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠪᠣᠯᠤᠨ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠠᠮᠵᠢᠯᠲᠠ ᠪᠦᠲᠦᠮᠵᠢ ᠤᠯᠪᠠ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2020 ᠣᠨ ᠪᠣᠯ ᠮᠠᠨ ᠤ ᠰᠢᠶᠠᠨ ᠤ ᠬᠥᠭᠵᠢᠯᠲᠡ ᠶᠢᠨ | ᠲᠡᠦᠬᠡᠨ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠶᠡᠭᠡ ᠶᠠᠪᠤᠳᠠᠯ ᠴᠢᠬᠤᠯᠠ ᠶᠠᠪᠤᠳᠠᠯ ᠳᠠᠪᠬᠤᠴᠠᠵᠤ᠂ | ᠪᠠᠴᠢᠮ ᠶᠠᠪᠤᠳᠠᠯ ᠬᠦᠴᠢᠷ ᠶᠠᠪᠤᠳᠠᠯ ᠰᠣᠯᠪᠢᠴᠠᠵᠤ ᠪᠠᠶᠢᠨ᠎ᠠ᠃ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠥᠭᠡᠷᠡᠴᠢᠯᠡᠯᠲᠡ | ᠬᠥᠭᠵᠢᠭᠦᠯᠦᠯᠲᠡ ᠶᠢᠨ ᠡᠭᠦᠷᠭᠡ ᠶᠢᠨ ᠡᠮᠦᠨ᠎ᠡ᠂ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ ᠪᠠᠶᠢᠭ᠎ᠠ ᠬᠦᠨᠳᠦ | ᠬᠡᠴᠡᠭᠦᠦ ᠪᠠᠶᠢᠳᠠᠯ ᠤᠨ ᠡᠮᠦᠨ᠎ᠡ᠂ ᠪᠢᠳᠡ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ | ᠳᠣᠣᠷ᠎ᠠ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠷᠢᠮᠲᠠᠯᠠᠵᠤ᠂ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ | ᠯᠠᠪᠳᠠᠭᠤᠨ ᠲᠣᠭᠲᠠᠭᠤᠨ ᠢᠶᠠᠷ ᠰᠢᠯᠭᠠᠯᠲᠠ ᠶᠢ ᠠᠷᠭᠠᠴᠠᠵᠤ᠂ ᠯᠠᠪᠳᠠᠭᠤᠨ ᠲᠣᠭᠲᠠᠭᠤᠨ ᠢᠶᠠᠷ ᠪᠠᠶᠢᠯᠳᠤᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠲᠡᠦᠬᠡᠨ | ᠰᠢᠯᠭᠠᠯᠲᠠ ᠶᠢᠨ ᠬᠠᠭᠤᠳᠠᠰᠤ ᠶᠢ ᠲᠤᠰᠢᠶᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠲᠡᠭᠦᠰ ᠠᠮᠵᠢᠯᠲᠠ ᠲᠠᠢ ᠲᠡᠭᠦᠰᠬᠡᠯ ᠳᠤ ᠭᠤᠶᠢᠳᠠ ᠰᠠᠶᠢᠬᠠᠨ ᠠᠮᠵᠢᠯᠲᠠ ᠤᠯᠪᠠ᠃ | ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ | ᠰᠡᠷᠭᠡᠶᠢᠯᠡᠨ ᠬᠢᠵᠠᠭᠠᠷᠯᠠᠪᠠ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠪᠢᠳᠡ ᠰᠢ ᠶᠢᠨ ᠫᠢᠩ ᠶᠡᠷᠦᠩᠬᠡᠶ | ᠱᠦᠵᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠰᠢᠶᠠᠨ ᠤ | ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠠᠨ | ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ | ᠴᠢᠩᠭ᠎ᠠ ᠠᠳᠬᠤᠵᠤ᠂ ᠨᠠᠷᠢᠨ ᠨᠢᠮᠪᠠᠶ ᠨᠠᠶᠢᠳᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠮᠡᠴᠡᠯ ᠵᠢᠴᠢ ᠬᠤᠯᠤᠭᠠᠨ᠎ᠠ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠵᠠᠰᠠᠭ ᠤᠨ ᠣᠷᠳᠣᠨ ᠠᠴᠠ 1207. | 3 ᠲᠦᠮᠡᠨ ᠲᠥᠭᠦᠷᠢᠭ ᠭᠠᠷᠭᠠᠵᠤ ᠡᠮ ᠡᠮᠨᠡᠯᠭᠡ ᠶᠢᠨ ᠡᠳ᠋ ᠪᠣᠳᠠᠰ ᠬᠤᠳᠠᠯᠳᠤᠨ ᠠᠪᠴᠤ᠂ ᠪᠦᠬᠦ ᠰᠢᠶᠠᠨ ᠤ 377 | ᠨᠠᠮ ᠤᠨ ᠵᠣᠬᠢᠶᠠᠨ ᠪᠠᠶᠢᠭᠤᠯᠤᠯᠲᠠ ᠪᠠ 2367 ᠨᠠᠮ ᠤᠨ ᠭᠡᠰᠢᠭᠦᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠣᠷᠣᠵᠤ᠂ ᠪᠦᠬᠦ ᠰᠢᠶᠠᠨ ᠤ ᠬᠢᠵᠢᠭ ᠤᠨ ᠪᠠᠶᠢᠳᠠᠯ ᠦᠭᠡᠶ᠂ | ᠬᠤᠬᠢᠷᠠᠯ ᠦᠭᠡᠶ ᠪᠠᠶᠢᠬᠤ ᠶᠢ ᠦᠨᠡᠨ ᠬᠦ ᠪᠠᠲᠤᠯᠠᠪᠠ᠃ ᠪᠥᠬᠦ ᠰᠢᠶᠠᠨ ᠤ ᠺᠠᠳ᠋ᠷ ᠣᠯᠠᠨ ᠲᠦᠮᠡᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠤᠷᠢᠳ ᠬᠤᠵᠢᠳ 414 ᠲᠦᠮᠡᠨ | ᠲᠥᠭᠦᠷᠢᠭ ᠤᠨ ᠡᠳ᠋ ᠪᠣᠳᠠᠰ ᠢᠶᠠᠷ ᠨᠤᠭᠤᠯᠤᠨ ᠪᠣᠳᠤᠭᠰᠠᠨ ᠬᠠᠨᠳᠢᠪ ᠤᠨ ᠮᠥᠩᠭᠦ ᠬᠠᠨᠳᠢᠪᠯᠠᠵᠤ ᠂ ᠬᠢᠵᠢᠭ ᠤᠨ | ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠬᠦᠴᠦᠨ ᠢ ᠬᠤᠷᠠᠮᠳᠤᠭᠤᠯᠵᠠᠶ᠃ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠᠶᠢᠳᠠᠯ ᠢ ᠦᠵᠡᠨ ᠬᠥᠳᠡᠯᠵᠦ᠂ ᠴᠠᠭ ᠢ ᠦᠵᠡᠨ ᠬᠤᠪᠢᠷᠠᠵᠤ᠂ ᠴᠠᠭ ᠲᠣᠬᠢᠶᠠᠯ ᠢ ᠠᠯᠳᠠᠯ | ᠦᠭᠡᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠪᠠᠨ ᠰᠡᠷᠭᠦᠭᠡᠵᠦ ᠵᠠᠬ᠎ᠠ | ᠳᠡᠯᠭᠡᠭᠦᠷ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ᠂ 24 ᠭᠤᠣᠯᠳᠠᠯᠭ᠎ᠠ ᠲᠠᠢ ᠵᠦᠢᠯᠡᠰ ᠢ ᠲᠥᠪᠯᠡᠷᠡᠭᠦᠯᠦᠨ ᠠᠵᠢᠯ | ᠡᠬᠢᠯᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 14.13 ᠳ᠋ᠦᠩᠰᠢᠭᠤᠷ ᠲᠥᠭᠦᠷᠢᠭ | ᠪᠡᠶᠡᠯᠡᠭᠦᠯᠵᠡᠶ᠃ ᠡᠭᠦᠨ ᠤ ᠵᠡᠷᠭᠡᠴᠡᠭᠡᠪᠡᠷ᠂ ᠠᠵᠤ ᠠᠬᠤᠶᠢᠯᠠᠯ ᠢ ᠬᠦᠴᠦᠯᠡᠨ ᠬᠠᠪᠰᠤᠷᠴᠤ ᠬᠥᠳᠡᠯᠮᠦᠷᠢ ᠶᠢᠨ | ᠬᠦᠴᠦᠨ ᠢ ᠬᠡᠷᠡᠭᠯᠡᠬᠦ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠤᠯᠲᠠ᠂ ᠪᠡᠯᠡ ᠲᠤᠬᠢᠷᠠᠭᠤᠯᠭ᠎ᠠ ᠶᠢᠨ ᠵᠢᠭᠡᠯᠡᠯᠭᠡ | ᠪᠠ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠪᠣᠳᠠᠲᠠᠶ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ | ᠰᠢᠶᠠᠨ ᠭᠠᠵᠠᠷ ᠤᠨ ᠲᠡᠰ ᠤᠨ 33 ᠺᠠᠳ᠋ᠷ 156 ᠤᠳᠠᠭ᠎ᠠ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ᠂ | 143 ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠮᠬᠢ ᠵᠢᠷᠤᠮ ᠢ ᠬᠦᠴᠦᠲᠡᠶ | ᠪᠠᠲᠤᠯᠠᠪᠠ᠃ | ᠲᠥᠯᠥᠭᠡᠯᠡᠭᠴᠢᠳ ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠭᠡ ᠰᠢᠯᠭᠠᠯᠲᠠ ᠳᠤ ᠪᠦᠬᠦ | ᠰᠢᠶᠠᠨ ᠤ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠨᠢ ᠵᠢᠯᠣᠭᠤᠳᠴᠤ᠂ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠡᠢ︔ ᠥᠷᠭᠡᠨ ᠤᠯᠠᠨ ᠡᠮ ᠡᠮᠨᠡᠯᠭᠡ ᠶᠢᠨ ᠠᠵᠢᠯᠲᠠᠳ ᠵᠢᠭᠰᠠᠭᠠᠯ ᠤᠨ | ᠭᠠᠵᠠᠷ ᠢᠶᠠᠨ ᠪᠠᠲᠤ ᠰᠠᠬᠢᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ 4 ᠡᠮᠴᠢ ᠰᠤᠪᠢᠯᠠᠭᠴᠢ | ᠦᠬᠠᠨ ᠢ ᠲᠦᠷᠭᠡᠨ ᠲᠤᠰᠠᠯᠠᠵᠤ᠂ ᠰᠥᠷᠭᠡᠦ ᠳᠠᠶᠢᠯᠠᠯᠳᠤᠭᠠᠨ ᠳᠤ ᠮᠣᠷᠳᠠᠵᠤ᠂ ᠡᠭᠦᠷᠭᠡ ᠬᠠᠷᠢᠭᠤᠴᠠᠯᠭ᠎ᠠ ᠪᠠᠨ | ᠭᠤᠲᠤᠭᠠᠬᠤ ᠦᠭᠡᠢ ᠪᠠᠶᠢᠪᠠ︔ ᠪᠦᠬᠦ ᠰᠢᠶᠠᠨ ᠤ ᠺᠠᠳ᠋ᠷ ᠠᠵᠢᠯᠳᠠᠨ᠂ ᠨᠠᠮ ᠤᠨ ᠭᠡᠰᠢᠭᠦᠨ ᠤ ᠬᠤᠰᠢᠭᠤᠴᠢ ᠠᠩᠬᠢ᠂ | ᠰᠠᠶᠢᠨ ᠳᠤᠷ᠎ᠠ ᠶᠢᠨ ᠠᠵᠢᠯᠯᠠᠭᠴᠢ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠣᠷᠣᠵᠤ᠂ ᠬᠠᠮᠤᠭ ᠤᠨ ᠡᠮᠦᠨ᠎ᠡ | ᠹᠷᠣᠨᠲ ᠲᠤ ᠪᠠᠶᠢᠯᠳᠤᠵᠤ᠂ ᠰᠢᠶᠠᠨ ᠤ ᠬᠤᠳᠠ ᠠᠴᠠ ᠬᠥᠳᠡᠭᠡ ᠲᠣᠰᠬᠤᠨ ᠬᠦᠷᠲᠡᠯ᠎ᠡ᠂ ᠠᠵᠤ ᠠᠬᠤᠶᠢᠯᠠᠯ ᠠᠴᠠ | ᠪᠠᠶᠢᠭᠤᠯᠭ᠎ᠠ ᠬᠦᠷᠲᠡᠯ᠎ᠡ᠂ ᠨᠡᠶᠢᠭᠡᠮ ᠲᠣᠭᠤᠷᠢᠭ ᠠᠴᠠ ᠰᠤᠷᠭᠠᠭᠤᠯᠢ ᠶᠢᠨ ᠬᠦᠷᠢᠶ᠎ᠡ ᠬᠦᠷᠲᠡᠯ᠎ᠡ᠂ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ ᠠᠮᠤᠷ ᠠᠮᠤᠭᠤᠯᠠᠩ | ᠪᠠᠶᠢᠬᠤ ᠶᠢ ᠪᠠᠲᠤᠯᠠᠪᠠ᠃ ᠡ᠊ᠨᠳᠡ ᠪᠢ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠲᠠ ᠪᠦᠬᠦᠨ ᠳᠤ | ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠣᠳᠣᠬᠠᠨ ᠳᠤ ᠮᠥᠨ ᠯᠡ ᠪᠠᠶᠢᠩᠭᠤᠵᠢᠭᠰᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠠᠵᠢᠯᠲᠠᠳ ᠢ | ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠶ᠎ᠡ︕ | ᠬᠤᠶᠠᠷ ᠲᠤ᠂ ᠵᠢᠷᠭᠤᠭ᠎ᠠ ᠶᠢ ᠲᠣᠭᠲᠠᠭᠤᠨ ᠪᠠᠶᠢᠯᠭᠠᠵᠤ ᠵᠢᠷᠭᠤᠭ᠎ᠠ ᠶᠢ ᠪᠠᠲᠤᠯᠠᠬᠤ ᠠᠵᠢᠯ ᠢ ᠬᠦᠴᠦᠯᠡᠨ | ᠰᠠᠶᠢᠲᠤᠷ ᠠᠳᠬᠤᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ᠂ ᠬᠤᠳᠠ ᠪᠠᠯᠭᠠᠰᠤᠨ ᠳᠤ 1110 ᠬᠥᠮᠦᠨ ᠳᠤ ᠰᠢᠨ᠎ᠡ ᠪᠠᠷ ᠠᠵᠢᠯ ᠣᠯᠭᠤᠵᠤ᠂ 905 | ᠠᠵᠢᠯ ᠠᠯᠳᠠᠭᠰᠠᠳ ᠲᠤ ᠲᠠᠬᠢᠨ ᠠᠵᠢᠯ ᠣᠯᠭᠤᠪᠠ᠃ ᠬᠥᠳᠡᠭᠡ ᠲᠣᠰᠬᠤᠨ ᠤ 42013 ᠬᠥᠮᠦᠨ ᠳᠤ | ᠰᠢᠯᠵᠢᠭᠦᠯᠦᠨ ᠠᠵᠢᠯ ᠣᠯᠭᠤᠵᠤ᠂ 2070 ᠬᠥᠮᠦᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠠᠵᠢᠯ | ᠣᠯᠭᠤᠵᠤ᠂ ᠨᠡᠶᠢᠲᠡ 489 ᠠᠵᠢᠯ ᠠᠯᠳᠠᠭᠰᠠᠳ ᠲᠤ 457 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠣᠯᠭᠤᠪᠠ᠃ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ 14 | ᠬᠡᠷᠡᠭ ᠢ ᠬᠦᠯᠢᠶᠡᠨ ᠠᠪᠴᠤ ᠰᠢᠢᠳᠪᠦᠷᠢᠯᠡᠭᠰᠡᠨ ᠪᠥᠭᠡᠳ ᠪᠦᠬᠦᠨ ᠢ ᠳᠠᠭᠤᠰᠬᠠᠪᠠ᠃ 48 ᠠᠳᠠᠯ ᠦᠢᠯᠡᠰ | ᠴᠣᠭᠴᠠᠯᠠᠭᠴᠢ ᠳᠤ 875 ᠲᠦᠮᠡᠨ ᠲᠥᠭᠦᠷᠢᠭ ᠤᠨ ᠪᠠᠲᠤᠯᠠᠭᠠᠲᠤ ᠵᠢᠭᠡᠯᠡᠯᠭᠡ ᠲᠠᠯᠪᠢᠪᠠ᠃ ᠠᠵᠤ ᠦᠢᠯᠡᠳᠪᠦᠷᠢ ᠪᠠᠷ | ᠪᠣᠯᠪᠠᠰᠤᠷᠠᠭᠤᠯᠤᠯ ᠢ ᠣᠷᠣᠯᠠᠭᠤᠯᠬᠤ ᠠᠷᠭ᠎ᠠ ᠬᠡᠮᠵᠢᠶ᠎ᠡ ᠶᠢ ᠬᠦᠴᠦᠯᠡᠨ ᠬᠡᠷᠡᠭᠵᠢᠭᠦᠯᠵᠦ᠂ 70 ᠵᠢᠵᠢᠭ ᠪᠢᠴᠢᠯ ᠠᠵᠤ | ᠠᠬᠤᠶᠢᠯᠠᠯ᠂ ᠬᠤᠳᠠᠯᠳᠤᠭᠠᠨ ᠤ ᠡᠷᠦᠬᠡ ᠳᠤ 101.2 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠪᠠ᠃ ᠵᠢᠯ ᠤᠨ ᠳᠣᠲᠣᠷ᠎ᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 10 ᠬᠡᠷᠡᠭᠵᠢᠭᠦᠯᠵᠦ᠂ 13.1 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠪᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 9274.5 ᠲᠦᠮᠡᠨ ᠲᠥᠭᠦᠷᠢᠭ | ᠲᠠᠷᠬᠠᠭᠠᠵᠤ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠮᠥᠩᠭᠦ᠂ | ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ᠂ ᠥᠨᠥᠴᠢᠨ ᠬᠡᠤᠬᠡᠳ ᠤᠨ ᠨᠥᠬᠦᠪᠥᠷᠢ ᠪᠠ ᠭᠤᠤᠯᠳᠠᠯᠭ᠎ᠠ ᠲᠠᠢ | ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠵᠡᠷᠭᠡ ᠶᠢ ᠨᠡᠶᠢᠲᠡ 4669.4 ᠲᠦᠮᠡᠨ | ᠲᠥᠭᠦᠷᠢᠭ ᠲᠠᠷᠬᠠᠭᠠᠪᠠ᠃ ᠪᠦᠬᠦ ᠬᠦᠴᠦᠨ ᠢᠶᠠᠷ ᠢᠶᠠᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠪᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ | ᠡᠵᠡᠩᠨᠡᠯᠲᠡ ᠶᠢᠨ ᠦᠨᠡᠮᠯᠡᠯ︾ ᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 667᠂ ᠠᠵᠤ | ᠠᠬᠤᠶᠢᠯᠠᠯ 199᠂ ᠬᠥᠳᠡᠭᠡ ᠲᠣᠰᠬᠤᠨ ᠤ ᠬᠤᠷᠰᠢᠭᠰᠠᠨ ᠬᠤᠷᠰᠢᠶ᠎ᠠ ᠶᠢᠨ 47 ᠡᠷᠦᠬᠡ ᠶᠢ ᠰᠢᠨ᠎ᠡ ᠪᠠᠷ | ᠭᠦᠢᠴᠡᠳᠬᠡᠵᠣ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 5442 ᠪᠣᠯᠵᠣ᠂ ︽ᠢᠳᠡᠭᠡᠨ ᠤ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠤᠨ 221 ᠡᠷᠦᠬᠡ ᠶᠢ ᠰᠢᠨ᠎ᠡ ᠪᠠᠷ ᠭᠦᠢᠴᠡᠳᠬᠡᠪᠡ᠃ ᠲᠠᠸᠠᠷ ᠤᠨ | ᠲᠡᠮᠳᠡᠭᠲᠦ ᠳᠠᠩᠰᠠᠯᠠᠭᠤᠯᠬᠤ ᠪᠠᠷ ᠭᠤᠶᠤᠴᠢᠯᠠᠭᠰᠠᠨ ᠨᠢ ᠨᠡᠶᠢᠲᠡ 454 ᠬᠤᠪᠢ ᠪᠠᠶᠢᠪᠠ᠃ ᠡᠭᠦᠨ ᠤ ᠬᠠᠮᠲᠤ᠂ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠵᠤ ᠠᠬᠤᠶᠢᠯᠠᠯ ᠤᠨ ᠪᠡᠯᠡ | ᠮᠥᠩᠭᠦ ᠴᠤᠭᠯᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠬᠦ ᠰᠢᠶᠠᠨ ᠤ 76 ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠰᠡᠷᠭᠦᠭᠡᠬᠦ ᠶᠣᠰᠣᠲᠠᠢ ᠶᠢ ᠨᠢ ᠪᠦᠬᠦᠨ ᠢ ᠰᠡᠷᠭᠦᠭᠡᠵᠦ᠂ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠲᠠᠯᠠᠪᠤᠷ ᠭᠠᠵᠠᠷ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠭᠦᠯᠵᠦ᠂ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠡᠮᠬᠢ ᠳᠢᠭᠯᠢᠮ ᠲᠠᠢ ᠪᠣᠯᠪᠠ᠃ ᠠᠮᠤ ᠪᠤᠳᠠᠭᠠᠨ ᠤ | ᠠᠮᠤᠷ ᠲᠦᠪᠰᠢᠨ ᠢ ᠯᠠᠪᠳᠠᠭᠤᠨ ᠪᠠᠲᠤᠲᠠᠶ ᠪᠦᠲᠦᠮᠵᠢᠲᠡᠶ ᠪᠠᠲᠤᠯᠠᠪᠠ᠃ ᠪᠥᠬᠦ ᠰᠢᠶᠠᠨ ᠤ ᠲᠠᠷᠢᠮᠠᠯ ᠤᠨ ᠶᠡᠷᠦᠩᠬᠡᠶ | ᠳᠠᠷᠢᠭᠰᠠᠨ ᠲᠠᠯᠠᠪᠠᠶ 185.3 ᠲᠦᠮᠡᠨ ᠮᠥ ᠳᠤ ᠬᠦᠷᠴᠦ᠂ ᠤᠨᠠᠯᠲᠠ ᠨᠢ 36.1 ᠲᠦᠮᠡᠨ ᠲᠣᠨ ᠳᠤ ᠬᠦᠷᠴᠦ᠂ | ᠠᠮᠤ ᠪᠤᠳᠠᠭᠠᠨ ᠤ ᠬᠠᠩᠭᠠᠯᠭ᠎ᠠ ᠶᠢ ᠪᠦᠲᠦᠮᠵᠢᠲᠡᠶ ᠪᠠᠲᠤᠯᠠᠪᠠ᠃ ᠲᠥᠮᠥᠰᠥᠨ ᠤ ᠨᠥᠬᠦᠪᠥᠷᠢ 3831 ᠲᠦᠮᠡᠨ | ᠲᠥᠭᠦᠷᠢᠭ ᠲᠠᠷᠬᠠᠭᠠᠪᠠ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠦᠨᠳᠦᠰᠦᠨ ᠱᠠᠲᠤᠨ ᠤ ᠠᠵᠢᠯᠯᠠᠭᠠᠨ ᠢ | ᠪᠠᠲᠤᠯᠠᠪᠠ᠃ ᠡᠳ᠋ ᠤᠨ ᠵᠠᠰᠠᠭ ᠤᠨ ᠲᠥᠰᠦᠪ ᠤᠨ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ | ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ︾ ᠶᠢ ᠭᠦᠢᠴᠡᠳ ᠲᠤᠭ᠎ᠠ ᠪᠠᠷ ᠲᠥᠰᠦᠪ ᠲᠤ ᠣᠷᠣᠭᠤᠯᠵᠤ᠂ | ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠪᠠ᠃ ᠨᠡᠶᠢᠳᠡ 12492 ᠲᠦᠮᠡᠨ ᠲᠥᠭᠦᠷᠢᠭ ᠤᠨ | ᠪᠡᠯᠡ ᠮᠥᠩᠭᠦ ᠶᠢ ᠴᠢᠯᠦᠭᠡᠲᠠᠢ ᠪᠣᠯᠭᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠪᠠ ᠭᠤᠣᠯᠳᠠᠯᠭ᠎ᠠ ᠲᠠᠢ ᠵᠠᠷᠤᠯᠭ᠎ᠠ ᠶᠢ ᠪᠠᠲᠤᠯᠠᠬᠤ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ | ᠭᠤᠷᠪᠠ ᠳᠤ᠂ ᠬᠦᠴᠦᠨ ᠢᠶᠠᠨ ᠲᠥᠪᠯᠡᠷᠡᠭᠦᠯᠦᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠪᠡ᠃ 15244.6 ᠲᠦᠮᠡᠨ ᠲᠥᠭᠦᠷᠢᠭ ᠤᠨ ᠡᠯ᠎ᠡ ᠲᠥᠷᠥᠯ ᠤᠨ ᠪᠠᠯᠠ | ᠮᠥᠩᠭᠦ ᠣᠷᠣᠭᠤᠯᠵᠤ᠂ 71 ᠲᠥᠷᠥᠯ ᠵᠦᠢᠯ ᠢ ᠪᠠᠬᠢᠵᠢᠭᠦᠯᠦᠨ ᠳᠡᠭᠡᠭᠰᠢᠯᠡᠭᠦᠯᠵᠦ᠂ 1.1 ᠳ᠋ᠦᠩᠰᠢᠭᠤᠷ | ᠲᠥᠭᠦᠷᠢᠭ ᠤᠨ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ | 5515 ᠡᠷᠦᠬᠡ ᠶᠢᠨ 10370 ᠬᠥᠮᠦᠨ ᠢ ᠬᠠᠮᠤᠷᠪᠠ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ 2967.8 ᠲᠦᠮᠡᠨ ᠲᠥᠭᠦᠷᠢᠭ ᠲᠠᠷᠬᠠᠭᠠᠵᠤ᠂ 696 ᠡᠷᠦᠬᠡ ᠶᠠᠳᠠᠭᠤ | ᠬᠦᠴᠢᠷᠳᠡᠯᠲᠡᠶ ᠬᠡᠷ ᠪᠦᠯᠢ ᠳᠤ ᠠᠰᠢᠭ ᠬᠦᠷᠲᠡᠭᠡᠪᠡ᠃ ᠮᠧᠨ ᠳᠧᠦ ᠭᠧᠤ ᠲᠣᠭᠤᠷᠢᠭ᠂ ᠳᠤᠮᠳᠠᠳᠤ ᠤᠯᠤᠰ ᠤᠨ | ᠲᠦᠩ ᠶᠦᠩ ᠮᠡᠷᠭᠡᠵᠢᠯ ᠤᠨ ᠪᠦᠯᠦᠭᠯᠡᠯ ᠯᠦᠭᠡ ᠶᠢᠨ ᠬᠠᠮᠲᠤᠷᠠᠯᠴᠠᠭ᠎ᠠ ᠶᠢᠨ ᠦᠨᠳᠦᠷᠴᠡ᠂ ᠭᠦᠨᠴᠡ ᠪᠠ | ᠥᠷᠭᠡᠴᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | 2803.3 ᠲᠦᠮᠡᠨ ᠲᠥᠭᠦᠷᠢᠭ ᠪᠣᠷᠤᠯᠠᠭᠤᠯᠪᠠ᠃ ᠶᠠᠳᠠᠭᠤ ᠬᠦᠴᠢᠷᠳᠡᠯ ᠲᠠᠢ ᠡᠷᠦᠬᠡ ᠶᠢᠨ ᠲᠠᠷᠢᠮᠠᠯ ᠤᠨ | ᠨᠥᠬᠦᠪᠥᠷᠢ ᠶᠢ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠶᠠᠳᠠᠭᠤ ᠠᠴᠠ | ᠠᠩᠭᠢᠵᠢᠷᠠᠭᠤᠯᠬᠤ ᠶᠢ ᠬᠥᠳᠡᠯᠦᠩᠭᠦᠶ ᠪᠠᠷ ᠬᠢᠨᠠᠨ ᠬᠡᠮᠵᠢᠬᠦ ᠶᠢ ᠬᠡᠷᠡᠭᠵᠢᠭᠦᠯᠵᠦ᠂ ᠡᠪᠬᠡᠮᠡᠯ ᠪᠠᠶᠢᠭᠤᠯᠤᠨ ᠺᠠᠷᠲᠯᠠᠨ | ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠨᠢᠭᠡᠨᠲᠡ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠲᠠᠬᠢᠨ ᠶᠠᠳᠠᠭᠤᠷᠠᠭᠤᠯᠤᠭᠰᠠᠨ ᠦᠭᠡᠢ᠃ 93 ᠣᠶᠤᠲᠠᠨ ᠢ | ᠤᠷᠢᠨ ᠬᠡᠷᠡᠭᠯᠡᠵᠦ᠂ ᠭᠠᠴᠠᠭᠠᠨ ᠤ ᠠᠷᠠᠳ ᠤᠨ ᠵᠥᠪᠯᠡᠯ ᠤᠨ ᠦᠷᠭᠦᠯᠵᠢᠯᠡᠨ ᠬᠥᠭᠵᠢᠬᠦ ᠳᠤ ᠴᠢᠳᠠᠪᠤᠷᠢᠲᠠᠨ ᠤ | ᠪᠠᠲᠤᠯᠠᠭ᠎ᠠ ᠬᠠᠩᠭᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠶ | ᠲᠦᠯᠬᠢᠨ ᠠᠬᠢᠭᠤᠯᠪᠠ᠃ ᠢᠯᠴᠢ ᠬᠠᠩᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠤᠷᠪᠠᠳᠤᠭᠠᠷ᠂ ᠳᠥᠷᠪᠡᠳᠦᠭᠡᠷ ᠢᠯᠴᠢ ᠡᠭᠦᠰᠭᠡᠭᠴᠢ ᠶᠢᠨ ᠦᠢᠯᠡᠳᠪᠦᠷᠢ ᠶᠢᠨ ᠱᠡᠤ ᠥᠬᠡᠶᠢᠳᠡᠭᠦᠯᠬᠦ᠂ ᠬᠦᠬᠦᠷ | ᠥᠬᠡᠶᠢᠳᠡᠭᠦᠯᠦᠨ ᠲᠣᠭᠤᠰᠣ ᠠᠷᠢᠯᠭᠠᠬᠤ ᠢᠨᠵᠧᠨᠧᠷᠢᠩ ᠢ ᠪᠡᠶᠡᠯᠡᠭᠦᠯᠪᠡ᠃ 10 ᠲᠣᠨ ᠤ ᠠᠭᠤᠷᠰᠢᠯᠲᠠ ᠠᠴᠠ | ᠳᠣᠷᠣᠭᠰᠢᠬᠢ ᠨᠡᠭᠦᠷᠡᠰᠦ ᠰᠢᠲᠠᠭᠠᠬᠤ ᠠᠭᠤᠷ ᠤᠨ ᠲᠣᠭᠤᠭᠠᠨ ᠤ 31 ᠵᠤᠤᠬ᠎ᠠ ᠶᠢ ᠨᠤᠷᠠᠭᠠᠪᠠ᠃ ᠬᠥᠬᠡ ᠡᠷᠭᠢ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ COD460 ᠲᠣᠨ᠂ ᠶᠡᠷᠦᠩᠬᠡᠶ ᠹᠣᠰᠹᠣᠷ ᠢ 2 | ᠲᠦᠮᠡᠨ ᠲᠣᠨ ᠬᠠᠰᠤᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠪᠠᠨ | ᠳᠠᠪᠠᠭᠤᠯᠤᠨ ᠪᠡᠶᠡᠯᠡᠭᠦᠯᠵᠡᠶ᠃ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠴᠥᠮ 2% ᠢᠶᠠᠷ | ᠪᠠᠭᠠᠰᠬᠠᠪᠠ᠃ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠪᠡ᠃ ᠥᠷᠢ | ᠥᠭᠴᠡᠭᠡ ᠶᠢ ᠠᠷᠢᠯᠭᠠᠬᠤ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠡᠳ᠋ ᠤᠨ ᠵᠠᠰᠠᠭ ᠤᠨ ᠲᠣᠭᠲᠠᠭᠤᠨ ᠢᠶᠠᠷ ᠠᠵᠢᠯᠯᠠᠬᠤ ᠶᠢ ᠬᠦᠴᠦᠲᠡᠶ ᠪᠠᠲᠤᠯᠠᠪᠠ᠃ | ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠶᠢ | ᠳᠣᠪᠤᠶᠢᠯᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ | ᠲᠦᠷᠪᠡ ᠳᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠷᠠᠪᠠ᠃ | ᠲᠦᠬᠦᠭᠡᠷᠦᠮᠵᠢᠳᠤ ᠲᠠᠷᠢᠶᠠᠯᠠᠩ ᠢ ᠲᠦᠷᠭᠡᠨ ᠢᠶᠠᠷ ᠲᠦᠯᠬᠢᠨ ᠠᠬᠢᠭᠤᠯᠪᠠ᠃ 3 ᠲᠦᠮᠡᠨ ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ 3 ᠲᠦᠮᠡᠨ ᠮᠥ ᠲᠥᠮᠥᠰᠥ ᠶᠢᠨ ᠤᠤᠯ | ᠡᠭᠦᠯᠳᠡᠷ ᠤᠨ ᠰᠠᠭᠤᠷᠢᠨ ᠭᠠᠵᠠᠷ᠂ 30 ᠲᠦᠮᠡᠨ ᠮᠥ ᠪᠣᠬᠢᠷᠲᠤᠯ ᠥᠬᠡᠶ ᠲᠠᠸᠠᠷ ᠤᠨ ᠲᠥᠮᠥᠰᠥ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠪᠠ᠃ 20 ᠠᠯᠠᠰᠢᠨ ᠬᠤᠨᠢᠨ ᠤ ᠠᠮᠢ ᠠᠬᠤᠶ ᠶᠢᠨ | ᠬᠡᠷ ᠪᠦᠯᠢ ᠶᠢᠨ ᠮᠠᠯᠵᠢᠯ ᠤᠨ ᠲᠠᠯᠠᠪᠠᠶ᠂ 50ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ | ᠰᠢᠨ᠎ᠡ ᠪᠠᠷ ᠪᠠᠶᠢᠭᠤᠯᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 1681 ᠪᠣᠶᠢᠵᠢᠭᠤᠯᠪᠠ᠃ 93 | ᠵᠠᠰᠠᠭ ᠵᠠᠬᠢᠷᠭᠠᠨ ᠤ ᠭᠠᠴᠠᠭ᠎ᠠ ᠬᠠᠮᠲᠤ ᠶᠢᠨ ᠡᠳ᠋ ᠬᠦᠷᠦᠩᠭᠡ ᠶᠢ ᠢᠯᠭᠠᠷᠠᠭᠤᠯᠤᠨ ᠲᠢᠭᠯᠡᠬᠦ ᠠᠵᠢᠯ ᠢ ᠪᠡᠶᠡᠯᠡᠭᠦᠯᠪᠡ᠃ | ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠬᠥᠭᠵᠢᠵᠦ᠂ ᠶᠠᠨ ᠬᠦ᠋ ᠹᠠᠩ ᠤᠨ ᠨᠢᠭᠡᠳᠦᠭᠡᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠠᠰᠢᠭᠯᠠᠯᠲᠠ ᠳᠤ ᠣᠷᠣᠵᠤ᠂ ᠱᠣ᠋ ᠶᠤᠸᠠᠨ ᠺᠠᠩ ᠨᠠᠷᠢᠯᠢᠭ ᠴᠠᠷᠳᠠᠭᠤᠯ᠂ | ᠵᠢᠶᠧ ᠲᠠᠢ ᠨᠦᠸᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠠᠨ ᠽᠢ ᠡᠮ ᠤᠨ ᠦᠢᠯᠡᠰ᠂ ᡁᠢ ᠪᠠᠩ | ᠠᠮᠤ ᠪᠤᠳᠠᠭ᠎ᠠ᠂ ᠢᠦ ᠯᠢ ᠺᠠ ᠢᠳᠡᠭᠡᠨ᠂ ᠫᠦ᠋ ᠵᠧᠨ ᠴᠠᠭᠠᠨ ᠢᠳᠡᠭᠡᠨ᠂ ᠶᠤᠸᠠᠨ ᠲᠧᠩ ᠤᠲᠤᠮᠠᠯ ᠮᠢᠬ᠎ᠠ ᠵᠡᠷᠭᠡ | ᠵᠦᠢᠯᠡᠰ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠭᠦᠸᠧ ᠯᠦᠩ ᠰᠢᠨ᠎ᠡ ᠡᠨᠧᠷᠭᠢ ᠶᠢᠨ ᠨᠢᠭᠡᠳᠦᠭᠡᠷ᠂ | ᠬᠤᠶᠠᠳᠤᠭᠠᠷ ᠬᠤᠭᠤᠴᠠᠭ᠎ᠠ᠂ ᠮᠧᠩ ᠲᠢᠶᠠᠨ ᠰᠠᠯᠬᠢᠨ ᠡᠨᠧᠷᠭᠢ ᠵᠡᠷᠭᠡ ᠶᠢ ᠲᠣᠤᠷ ᠲᠤ ᠨᠡᠶᠢᠯᠡᠭᠦᠯᠦᠨ ᠴᠠᠬᠢᠯᠭᠠᠨ | ᠭᠠᠷᠭᠠᠬᠤ ᠶᠢ ᠪᠡᠶᠡᠯᠡᠭᠦᠯᠪᠡ᠃ ᠮᠧᠩ ᠨᠧᠩ ᠰᠠᠯᠬᠢᠨ ᠬᠦᠴᠦᠨ ᠤ ᠴᠠᠬᠢᠯᠭᠠᠨ᠂ ᠳ᠋ᠦᠩ ᠹᠠᠩ ᠰᠢᠨ᠎ᠡ ᠡᠨᠧᠷᠭᠢ᠂ | ᠱᠠᠨᠳᠦ᠋ᠩ ᠤᠨ ᠭᠦᠸᠧ ᠹᠧᠩ ᠵᠡᠷᠭᠡ ᠲᠥᠷᠥᠯ ᠵᠦᠢᠯ ᠡᠮᠬᠢ ᠵᠢᠷᠤᠮ ᠲᠠᠢ ᠠᠭᠢᠪᠠ᠃ 1.7 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ ᠬᠤᠲᠠ ᠪᠠᠯᠭᠠᠰᠤᠨ ᠤ ᠬᠥᠳᠡᠭᠡ ᠲᠣᠰᠬᠤᠨ ᠤ ᠴᠠᠬᠢᠯᠭᠠᠨ ᠲᠣᠤᠷ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠪᠥᠬᠦ ᠵᠢᠯ ᠤᠨ ᠴᠠᠬᠢᠯᠭᠠᠨ ᠬᠠᠩᠭᠠᠭᠰᠠᠨ ᠬᠡᠮᠵᠢᠶ᠎ᠡ 5.6 ᠳ᠋ᠦᠩᠰᠢᠭᠤᠷ | ᠭᠷᠠᠳᠦ᠋ᠰ ᠲᠤ ᠬᠥᠷᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠪᠡ᠃ | ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠠᠩᠬ᠎ᠠ ᠠᠯᠬᠤᠮ ᠬᠡᠪᠴᠢᠶᠡᠵᠢᠵᠦ᠂ ᠪᠥᠬᠦ | ᠵᠢᠯ ᠳᠤ 40.6 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ 8120 ᠲᠦᠮᠡᠨ ᠲᠥᠭᠦᠷᠢᠭ ᠤᠨ | ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ 550 ᠲᠦᠮᠡᠨ ᠲᠥᠭᠦᠷᠢᠭ ᠤᠨ ᠪᠠᠯᠠ ᠣᠷᠣᠭᠤᠯᠵᠤ᠂ ︽ᠶᠤᠸᠠᠨ | ᠸᠧᠢ ᠦᠴᠦᠸᠠᠨ︾ ᠶᠤᠤᠮᠠᠢ ᠶᠢᠨ ᠠᠮᠲᠠᠲᠤ ᠢᠳᠡᠭᠡᠨ ᠤ ᠨᠢᠭᠡᠳᠦᠭᠡᠷ ᠵᠡᠭᠡᠯᠢ ᠶᠢ ᠪᠠᠶᠢᠭᠤᠯᠵᠤ᠂ ᠦᠴᠤᠸᠠᠨ ᠤ | ᠶᠤᠤᠮᠠᠢ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃ ᠬᠤᠪᠢᠰᠬᠠᠯ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠳᠡᠭᠡᠭᠰᠢᠯᠡᠭᠦᠯᠬᠦ ᠠᠵᠢᠯ ᠢ | ᠪᠡᠶᠡᠯᠡᠭᠦᠯᠪᠡ᠃ ᠤᠯᠠᠭᠠᠨᠮᠦ᠋ᠴᠢᠷ100 ᠭᠠᠷᠤᠢ ᠲᠠᠯᠠᠪᠠᠢ ᠲᠣᠭᠯᠠᠯᠲᠠ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ | ᠬᠠᠭᠤᠴᠢ ᠰᠤᠳᠤᠯᠤᠯ ᠤᠨ ᠭᠠᠵᠠᠷ ᠲᠠᠢ ᠬᠠᠮᠵᠢᠯᠴᠠᠨ ᠳᠠᠯᠠᠨ ᠬᠠᠷ᠎ᠠ ᠠᠭᠤᠯᠠ ᠶᠢᠨ ᠬᠠᠰᠢᠯᠭ᠎ᠠ ᠶᠢᠨ ᠤᠷᠤᠢ ᠶᠢᠨ | ᠬᠤᠸᠠᠨ ᠴᠢᠦ ᠶᠢᠨ ᠪᠠᠭᠤᠷᠢ ᠶᠢ ᠬᠤᠶᠠᠳᠤᠭᠠᠷ ᠬᠤᠭᠤᠴᠠᠭᠠᠨ ᠤ ᠨᠡᠭᠡᠭᠡᠨ ᠮᠠᠯᠲᠠᠬᠤ ᠠᠵᠢᠯ ᠬᠢᠵᠦ᠂ ᠮᠤᠵᠢ ᠶᠢᠨ | ᠵᠠᠮ ᠤᠨ 311 ᠬᠡᠰᠡᠭ ᠭᠠᠵᠠᠷ ᠣᠷᠣᠨ ᠤ ᠨᠡᠭᠡᠭᠡᠨ ᠮᠠᠯᠲᠠᠭᠰᠠᠨ ᠲᠡᠦᠬᠡ ᠶᠢᠨ ᠳᠤᠷᠠᠰᠬᠠᠯᠲᠤ ᠵᠦᠢᠯ ᠢ ᠵᠠᠰᠠᠨ | ᠰᠡᠷᠭᠦᠭᠡᠪᠡ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠰᠢᠯᠢᠳᠡᠭ ᠪᠦᠲᠦᠭᠡᠭᠳᠡᠬᠦᠨ ᠤ ᠦᠴᠤᠸᠠᠨ | ᠣᠷᠳᠣᠨ ᠤ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ 49 | ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠦᠷᠳᠡᠭᠡ ᠶᠢ ᠰᠢᠨ᠎ᠡ ᠪᠠᠷ ᠪᠠᠶᠢᠭᠤᠯᠵᠤ᠂ 53% ᠶᠢᠨ ᠵᠠᠰᠠᠭ | ᠵᠠᠬᠢᠷᠭᠠᠨ ᠤ ᠲᠣᠰᠬᠤᠨ ᠢ ᠬᠠᠮᠤᠷᠪᠠ᠃ ᠭᠦᠸᠧ ᠷᠦᠩ ᠲᠡᠮᠳᠡᠭᠲᠦ ᠨᠡᠶᠢᠲᠡ 9200 ᠲᠦᠮᠡᠨ ᠲᠥᠭᠦᠷᠢᠭ ᠤᠨ | ᠭᠠᠶᠢᠯᠢ ᠲᠤᠰᠢᠶᠠᠵᠠᠶ᠃ | ᠲᠠᠪᠤ ᠳᠤ᠂ ᠬᠤᠲᠠ ᠬᠥᠳᠡᠭᠡ ᠶᠢᠨ ᠣᠷᠴᠢᠨ ᠨᠥᠬᠦᠴᠡᠯ ᠲᠠᠰᠤᠷᠠᠯᠲᠠ ᠥᠬᠡᠶ ᠳᠡᠭᠡᠭᠰᠢᠯᠡᠪᠡ᠃ ᠪᠠᠶᠢᠭᠠᠯᠢ ᠶᠢᠨ | ᠠᠮᠢ ᠠᠬᠤᠢ ᠨᠡᠩ ᠦᠵᠡᠰᠬᠦᠯᠡᠩᠲᠦ ᠰᠠᠶᠢᠬᠠᠨ ᠪᠣᠯᠪᠠ᠃ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ | ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠡᠯ᠎ᠡ ᠲᠥᠷᠥᠯ ᠤᠨ ᠨᠣᠭᠤᠭᠠᠷᠠᠭᠤᠯᠵᠤ ᠣᠶᠢᠵᠢᠭᠤᠯᠬᠤ ᠠᠵᠢᠯ ᠢ 33.1 ᠲᠦᠮᠡᠨ ᠮᠥ ᠳᠤ | ᠪᠡᠶᠡᠯᠡᠭᠦᠯᠪᠡ᠃ ᠯᠢᠤᠢ ᡁᠢ ᠠᠮᠢ ᠠᠬᠤᠶ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠠᠮᠢ ᠠᠬᠤᠶ ᠶᠢ ᠰᠡᠷᠭᠦᠭᠡᠬᠦ ᠵᠢᠴᠢ ᠲᠠᠷᠢᠶᠠᠯᠠᠩ ᠤᠨ ᠦᠢᠯᠡᠳᠪᠦᠷᠢᠯᠡᠯ ᠳᠤ ᠵᠢᠯᠣᠭᠤᠳᠣᠯᠭ᠎ᠠ | ᠬᠠᠩᠭᠠᠪᠠ᠃ ᠬᠤᠳᠠ ᠶᠢᠨ ᠣᠷᠴᠢᠨ ᠲᠣᠭᠤᠷᠢᠨ ᠨᠡᠩ ᠨᠠᠷᠢᠯᠢᠭ ᠰᠠᠶᠢᠬᠠᠨ ᠪᠣᠯᠪᠠ᠃ 8000 ᠲᠦᠮᠡᠨ | ᠲᠥᠭᠦᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠨᠤᠷᠠᠬᠤ ᠠᠶᠤᠯᠲᠠᠶ ᠬᠠᠭᠤᠴᠢᠨ | ᠪᠠᠶᠢᠰᠢᠩ ᠢ ᠥᠭᠡᠷᠡᠴᠢᠯᠡᠬᠦ ᠲᠤᠰᠬᠠᠢ ᠥᠷᠢ ᠥᠭᠴᠡᠭᠡ ᠶᠢ ᠴᠢᠷᠮᠠᠶᠢᠨ ᠣᠯᠵᠤ᠂ ᠳ᠋ᠦᠩ ᠯᠢᠶᠠᠩ ᠳᠥᠭᠦᠮ | ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠨᠤᠷᠠᠬᠤ ᠠᠶᠤᠯᠲᠠᠶ ᠬᠠᠭᠤᠴᠢᠨ ᠪᠠᠶᠢᠰᠢᠩ ᠢ 480 ᠡᠷᠦᠬᠡ | ᠲᠠᠲᠠᠪᠤᠷᠢᠯᠠᠪᠠ᠃ 9 ᠵᠢᠵᠢᠭ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ 2 ᠵᠢᠵᠢᠭ ᠲᠣᠭᠤᠷᠢᠭ ᠤᠨ | ᠣᠷᠴᠢᠨ ᠠᠬᠤᠶ ᠶᠢᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠪᠡ᠃ | ᠳ᠋ᠢ ᠶᠢᠨ ᠴᠧᠩ᠂ ᠱᠠᠩ ᠱᠣ᠋ ᠶᠤᠸᠠᠨ ᠵᠡᠷᠭᠡ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠵᠦᠢᠯᠡᠰ ᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠪᠠ᠃ 3630 ᠲᠦᠮᠡᠨ ᠲᠥᠭᠦᠷᠢᠭ ᠤᠨ ᠪᠡᠯᠡ ᠣᠷᠣᠭᠤᠯᠵᠤ ᠠᠯᠲᠠᠨ | ᠭᠤᠷᠪᠠᠯᠵᠢᠨ ᠣᠷᠣᠨ ᠤ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠪᠠ᠃ | ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ᠂ ᠬᠤᠳᠠ ᠶᠢᠨ ᠦᠵᠡᠮᠵᠢ ᠶᠢᠨ ᠣᠷᠴᠢᠨ ᠠᠬᠤᠶ ᠶᠢ | ᠴᠡᠭᠴᠡᠯᠡᠨ ᠵᠠᠰᠠᠬᠤ ᠵᠡᠷᠭᠡ ︽ᠵᠢᠷᠭᠤᠭᠠᠨ ᠶᠡᠭᠡ ᠲᠤᠰᠬᠠᠶ ᠵᠦᠢᠯ ᠢᠶᠠᠷ ᠴᠡᠭᠴᠡᠯᠡᠨ ᠵᠠᠰᠠᠬᠤ︾ ᠠᠵᠢᠯᠯᠠᠭ᠎ᠠ ᠶᠢ | ᠲᠥᠪᠯᠡᠷᠡᠭᠦᠯᠦᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ 2.5 ᠲᠦᠮᠡ ᠭᠠᠷᠤᠶ ᠲᠣᠨ ᠴᠡᠪᠡᠷᠯᠡᠵᠦ᠂ | ᠲᠣᠭᠲᠠᠭᠠᠯ ᠠᠴᠠ ᠵᠥᠷᠢᠴᠡᠭᠰᠡᠨ ᠭᠡᠷ ᠤᠨ ᠭᠠᠳᠠᠨᠠᠬᠢ 62 ᠵᠠᠷ ᠢ ᠨᠤᠷᠠᠭᠠᠪᠠ᠃ ᠬᠥᠳᠡᠭᠡ ᠲᠣᠰᠬᠤᠨ ᠤ ᠣᠷᠴᠢᠨ | ᠲᠣᠭᠤᠷᠢᠨ ᠨᠡᠩ ᠭᠤᠶᠢᠳᠠ ᠰᠠᠶᠢᠬᠠᠨ ᠪᠣᠯᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠨᠡᠶᠢᠳᠡ 93 ᠲᠣᠰᠬᠤᠨ ᠢ ᠴᠡᠭᠴᠡᠯᠡᠨ | ᠵᠠᠰᠠᠪᠠ᠃ ᠬᠥᠳᠡᠭᠡ ᠲᠣᠰᠬᠤᠨ ᠤ 4067 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠵᠤ᠂ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ 33 ᠪᠠᠶᠢᠭᠤᠯᠵᠤ᠂ ᠬᠥᠳᠡᠭᠡ ᠲᠣᠰᠬᠤᠨ ᠤ | ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ ᠶᠢ 90% ᠠᠴᠠ ᠳᠡᠭᠡᠭᠰᠢ ᠳᠤ ᠬᠦᠷᠭᠡᠪᠡ᠃ 4 ᠬᠤᠭ | ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ᠂ 3 ᠬᠤᠭ ᠨᠣᠪᠰᠢ ᠪᠤᠯᠠᠬᠤ ᠲᠠᠯᠠᠪᠠᠢ ᠶᠢ ᠰᠢᠨ᠎ᠡ ᠪᠠᠷ ᠪᠠᠶᠢᠭᠤᠯᠪᠠ | ᠃ ᠪᠥᠬᠦ ᠰᠢᠶᠠᠨ ᠤ ᠡᠰᠢ ᠰᠦᠷᠡᠯ ᠢ ᠪᠣᠭᠤᠵᠢᠯᠠᠭᠰᠠᠨ ᠲᠠᠯᠠᠪᠠᠶ 23.3 ᠲᠦᠮᠡᠨ ᠮᠥ ᠳᠤ ᠬᠦᠷᠴᠦ᠂ ᠪᠤᠴᠠᠭᠠᠨ | ᠬᠤᠷᠢᠶᠠᠭᠰᠠᠨ ᠨᠣᠷᠮ᠎ᠠ ᠨᠢ 70.9% ᠳᠤ ᠬᠥᠷᠪᠡ︔ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠭᠰᠠᠨ | ᠲᠠᠯᠠᠪᠠᠶ 17.5 ᠲᠦᠮᠡᠨ ᠮᠥ ᠳᠤ ᠬᠦᠷᠴᠦ᠂ ᠡᠭᠡᠭᠦᠯᠦᠨ ᠬᠤᠷᠢᠶᠠᠭᠰᠠᠨ ᠨᠣᠷᠮ᠎ᠠ ᠨᠢ 53.2% ᠲᠤ ᠬᠥᠷᠪᠡ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠯᠠᠪᠳᠠᠭᠤᠨ ᠪᠥᠭᠡᠳ ᠪᠠᠲᠤᠲᠠᠢ ᠪᠠᠲᠤᠯᠠᠪᠠ᠃ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠵᠠᠬᠢᠷᠤᠯ ᠢ ᠠᠵᠢᠯ ᠤᠨ ᠪᠠᠶᠢᠷᠢ ᠡᠭᠡᠯᠵᠢᠯᠡᠭᠦᠯᠬᠦ ᠪᠠ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠲᠦᠷᠢᠮ ᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠲᠥᠪ ᠭᠤᠣᠯᠴᠢ ᠴᠢᠨᠠᠷ ᠰᠠᠶᠢᠲᠠᠶ ᠵᠣᠬᠢᠴᠠᠩᠭᠤᠶ | ᠬᠥᠭᠵᠢᠯᠲᠡ ᠶᠢ ᠠᠬᠢᠭᠤᠯᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ | ᠴᠢᠩᠭᠠᠳᠬᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠡᠷᠡᠰ | ᠭᠤᠶᠢᠪᠢᠰᠢ ᠦᠭᠡᠢ ᠪᠠᠷ ᠶᠠᠪᠤᠭᠤᠯᠵᠤ᠂ ᠪᠦᠬᠦ ᠰᠢᠶᠠᠨ ᠤ ᠰᠤᠷᠭᠠᠭᠤᠯᠢ ᠬᠡᠪ ᠤᠨ ᠶᠣᠰᠣᠭᠠᠷ ᠰᠤᠷᠭᠠᠭᠤᠯᠢ ᠡᠬᠢᠯᠡᠵᠦ᠂ | ᠰᠤᠷᠤᠭᠴᠢᠳ ᠬᠡᠪ ᠤᠨ ᠶᠣᠰᠣᠭᠠᠷ ᠰᠤᠷᠭᠠᠭᠤᠯᠢ ᠳᠤ ᠣᠷᠤᠪᠠ᠃ 1040 ᠲᠦᠮᠡᠨ ᠲᠥᠭᠦᠷᠢᠭ ᠤᠨ ᠪᠠᠯᠠ | ᠣᠷᠣᠭᠤᠯᠵᠤ᠂ 4 ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠢ ᠪᠠᠶᠢᠭᠤᠯᠤᠨ | ᠳᠠᠭᠤᠰᠬᠠᠵᠤ᠂ ᠡᠯ ᠹᠧᠨ ᠽᠢ ᠰᠢᠶᠠᠩ ᠬᠤᠲᠠ ᠶᠢᠨ ᠲᠠᠰ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ | ᠰᠠᠭᠤᠷᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ | ᠨᠡᠪᠴᠢᠭᠦᠯᠦᠨ ᠢᠯᠭᠠᠷᠠᠭᠤᠯᠬᠤ ᠲᠠᠰᠤᠭ ᠢ ᠡᠵᠡᠩᠨᠡᠯᠲᠡ ᠶᠢᠨ ᠰᠢᠯᠭᠠᠨ ᠠᠪᠬᠤ ᠱᠠᠲᠤᠨ ᠳᠤ ᠣᠷᠣᠭᠤᠯᠪᠠ᠃ ᠬᠤᠲᠠ | ᠪᠠᠯᠭᠠᠰᠤ ᠶᠢᠨ ᠬᠦᠴᠢᠷᠳᠡᠯ ᠠᠴᠠ ᠠᠩᠭᠢᠵᠢᠷᠠᠭᠤᠯᠬᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠪᠠ᠃ ᠤᠯᠠᠨ | ᠨᠡᠶᠢᠲᠡ ᠶᠢᠨ ᠦᠢᠯᠡᠴᠢᠯᠡᠭᠡᠨ ᠤ ᠠᠵᠢᠯ ᠤᠨ ᠪᠠᠶᠢᠷᠢ᠂ ᠭᠠᠯ ᠤᠨᠲᠠᠷᠠᠭᠠᠬᠤ ᠠᠩᠬᠢ᠂ ᠡᠷᠡᠭᠦᠯ ᠬᠠᠮᠠᠭᠠᠯᠠᠯ ᠤᠨ | ᠰᠢᠰᠲ᠋ᠧᠮ ᠤᠨ 189 ᠬᠥᠮᠦᠨ ᠢ ᠢᠯᠡ ᠪᠠᠷ ᠰᠢᠯᠭᠠᠨ ᠡᠯᠰᠡᠵᠦ᠂ ᠦᠨᠳᠦᠰᠦᠨ ᠱᠠᠲᠤᠨ ᠤ ᠠᠵᠢᠯ ᠤᠨ ᠬᠦᠴᠦᠨ ᠢ | ᠲᠦᠢᠯ ᠤᠨ ᠶᠡᠭᠡ ᠪᠠᠷ ᠨᠥᠬᠦᠪᠥᠷᠢᠯᠡᠪᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠢᠬ ᠤᠨ ᠠᠵᠢᠯ ᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠬᠠᠤᠯᠢ ᠪᠠᠷ | ᠵᠠᠰᠠᠬᠤ᠂ ᠶᠣᠰᠣ ᠮᠣᠷᠠᠯ ᠢᠶᠠᠷ ᠵᠠᠰᠠᠬᠤ᠂ ᠥᠪᠡᠷᠲᠡᠭᠡᠨ ᠵᠠᠰᠠᠬᠤ ᠶᠢ ᠠᠭᠤᠰᠤᠯᠴᠠᠭᠤᠯᠤᠨ ᠵᠠᠰᠠᠬᠤ ᠵᠠᠭᠪᠤᠷ ᠢ ᠶᠡᠬᠡᠪᠡᠷ | ᠬᠡᠷᠡᠭᠵᠢᠭᠦᠯᠦᠨ᠂ ︽ᠭᠡᠭᠡᠨ ᠰᠠᠷᠠᠭᠤᠯ ᠢᠨᠵᠧᠨᠧᠷᠢᠩ︾ ᠢ ᠯᠠᠪᠳᠠᠭᠤᠨ ᠢᠶᠠᠷ ᠠᠬᠢᠭᠤᠯᠵᠤ᠂ ᠠᠶᠤᠯ ᠥᠬᠡᠶ | ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠮᠤᠷ ᠲᠠᠶᠢᠪᠤᠩ ᠦᠴᠤᠸᠠᠨ ᠢᠯᠡᠳᠲᠡ | ᠦᠷ᠎ᠡ ᠪᠦᠲᠦᠮᠵᠢ ᠤᠯᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ | ᠠᠬᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ | ᠪᠠᠲᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ 50 ᠬᠤᠪᠢ ᠰᠢᠢᠳᠪᠦᠷᠢᠯᠡᠵᠦ᠂ ᠲᠥᠪ ᠤᠨ | ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ 68 ᠬᠤᠪᠢ ᠰᠢᠢᠳᠪᠦᠷᠢᠯᠡᠵᠦ᠂ ᠨᠠᠮᠳᠠᠭᠤᠯᠤᠭᠰᠠᠨ ᠨᠤᠷᠮ᠎ᠠ 91.9% ᠳᠤ ᠬᠦᠷᠴᠦ | ᠂ ᠪᠡᠭᠡᠵᠢᠩ ᠳᠤ᠂ ᠥᠪᠡᠷᠲᠡᠭᠡᠨ ᠵᠠᠰᠠᠬᠤ ᠣᠷᠣᠨ ᠳᠤ ᠣᠴᠢᠭᠰᠠᠨ ᠬᠥᠮᠦᠨ ᠤ ᠲᠤᠭ᠎ᠠ ︽ᠬᠤᠣᠰ ᠪᠠᠭᠤᠷᠠᠯᠲᠠ︾ ᠶᠢ | ᠪᠡᠶᠡᠯᠡᠭᠦᠯᠪᠡ᠃ ᠢᠳᠡᠭᠡᠨ ᠤ ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠳᠣᠯᠣᠳᠤᠭᠠᠷ | ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠣᠨᠣᠪᠴᠢᠲᠠᠶ ᠪᠡᠶᠡᠯᠡᠭᠦᠯᠪᠡ᠃ ᠳᠡᠭᠡᠷ᠎ᠡ | ᠵᠢᠯ ᠤᠨ ᠠᠮᠠᠯᠠᠭᠰᠠᠨ 10 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ | ᠲᠤᠯᠤᠭ᠎ᠠ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠪᠡ | ᠃ ᠰᠢᠶᠠᠩ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠪᠡ᠃ | ᠬᠦᠴᠦ ᠪᠠᠨ ᠲᠥᠪᠯᠡᠷᠡᠭᠦᠯᠦᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ︽ᠡᠷᠬᠡ ᠴᠢᠯᠥᠭᠡ ᠪᠠᠨ ᠤᠯᠬᠤ | ᠳᠠᠶᠢᠯᠠᠯᠳᠤᠭᠠᠨ︾ ᠢ ᠰᠠᠶᠢᠲᠤᠷ ᠬᠢᠵᠦ᠂ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠲᠦᠷᠢᠮ︾ ᠪᠠ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠲᠦᠭᠵᠢᠮᠡᠯ ᠴᠡᠭ︾ ᠢ | ᠨᠡᠪᠲᠡᠷᠡᠭᠦᠯᠵᠦ᠂ ︽ᠬᠦᠴᠢᠷ ᠠᠰᠠᠭᠤᠳᠠᠯ︾ ᠢ ᠰᠢᠢᠳᠪᠦᠷᠢᠯᠡᠨ᠂ ︽ᠡᠪᠡᠷᠰᠢᠶᠡᠯᠳᠦ ᠴᠡᠭ︾ ᠢ ᠠᠷᠢᠯᠭᠠᠪᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 644 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠤ ᠰᠢᠢᠳᠪᠦᠷᠢᠯᠡᠵᠦ | ᠳᠠᠭᠤᠰᠬᠠᠬᠤ︾ ᠶᠢ ᠪᠡᠶᠡᠯᠡᠭᠦᠯᠪᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ | ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠦᠶᠦᠭᠰᠡᠨ ᠤᠴᠢᠷ | ᠶᠠᠪᠤᠳᠠᠯ ᠤᠨ ᠬᠠᠷᠢᠴᠠᠯ 96.6% ᠬᠦᠷᠴᠦ᠂ ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠨᠣᠷᠮ᠎ᠠ 93.3% | ᠪᠣᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ ᠪᠠᠭᠠᠰᠬᠠᠵᠤ ᠨᠢᠭᠡ ᠶᠢ ᠨᠡᠮᠡᠭᠳᠡᠭᠦᠯᠬᠦ︾ | ᠠᠵᠢᠯ ᠢ ᠳᠥᠯᠭᠢᠨ ᠠᠬᠢᠭᠤᠯᠵᠤ᠂ ᠭᠦᠢᠴᠡᠳᠬᠡᠬᠦ ᠵᠦᠢᠯᠡᠰ ᠤᠨ ᠠᠮᠠᠯᠠᠯᠲᠠ ᠶᠢᠨ ᠴᠠᠭ ᠤᠨ ᠬᠢᠵᠠᠭᠠᠷ ᠢ 72. | 3% ᠪᠠᠷ ᠪᠠᠭᠠᠰᠬᠠᠪᠠ᠂ ᠲᠤᠬᠠᠶᠢᠯᠠᠪᠠᠯ ᠭᠦᠢᠴᠡᠳᠬᠡᠬᠦ ᠵᠦᠢᠯᠡᠰ ᠤᠨ ᠬᠠᠷᠢᠴᠠᠯ ᠤᠨ ᠨᠣᠷᠮ᠎ᠠ ᠨᠢ 46.9% ᠳᠤ | ᠬᠥᠷᠪᠡ᠃ 26 ᠨᠢᠭᠡᠴᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1101 ᠵᠦᠢᠯᠡᠰ ᠢ ᠨᠡᠶᠢᠲᠡᠯᠡᠵᠦ᠂ ᠨᠢᠭᠡ | ᠯᠡ ᠰᠦᠯᠵᠢᠶ᠎ᠡ ᠪᠠᠷ ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠠᠬᠢᠭᠤᠯᠪᠠ᠃ 29 ᠰᠢᠶᠠᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠪᠠ 9 ᠰᠢᠶᠠᠩ ᠪᠠᠯᠭᠠᠰᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠨᠡᠭᠡᠭᠡᠵᠦ | ᠂ 19 ᠨᠢᠭᠡᠴᠢ ᠡᠯᠧᠺᠲᠷᠣᠨ ᠦᠨᠡᠮᠯᠡᠯ ᠤᠨ ᠬᠢᠨᠠᠨ ᠬᠠᠷᠭᠤᠭᠤᠯᠤᠯᠲᠠ ᠶᠢ ᠪᠡᠶᠡᠯᠡᠭᠦᠯᠵᠦ᠂ 38 ᠨᠢᠭᠡᠴᠢ ᠡᠯᠧᠺᠲᠷᠣᠨ | ᠲᠠᠮᠠᠭ᠎ᠠ ᠵᠣᠬᠢᠶᠠᠪᠠ᠃ 12345 ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠬᠤᠪᠢᠶᠠᠷᠢ | ᠲᠥᠪ ᠢ 2 ᠰᠠᠷ᠎ᠠ ᠠᠵᠢᠯᠯᠠᠭᠤᠯᠵᠤ᠂ ᠨᠡᠶᠢᠳᠡ 406 ᠵᠦᠢᠯ ᠤᠨ ᠬᠠᠯᠠᠭᠤᠨ ᠤᠲᠠᠰᠤ ᠶᠢ ᠬᠦᠯᠢᠶᠡᠨ ᠠᠪᠴᠤ | ᠰᠢᠢᠳᠪᠦᠷᠢᠯᠡᠪᠡ᠂ ᠰᠢᠢᠳᠪᠦᠷᠢᠯᠡᠭᠰᠡᠨ ᠨᠤᠷᠮ᠎ᠠ ᠨᠢ 80.2%᠂ ᠬᠠᠨᠤᠮᠵᠢ ᠶᠢᠨ ᠬᠡᠮᠵᠢᠶ᠎ᠡ ᠨᠢ 90.4% ᠳᠤ | ᠬᠦᠷᠴᠡᠶ᠃ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ 61 ᠤᠳᠠᠭ᠎ᠠ 410 ᠡᠷᠦᠬᠡ ᠶᠢ ᠰᠤᠭᠤᠴᠢᠨ ᠪᠠᠶᠢᠴᠠᠭᠠᠪᠠ᠃ | | ᠨᠠᠢᠮᠠ ᠳᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠪᠠ᠃ | ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠦᠬᠦ ᠵᠢᠯ ᠳᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ 14 ᠤᠳᠠᠭ᠎ᠠ᠂ ᠲᠤᠰᠬᠠᠢ ᠰᠡᠳᠦᠪᠲᠦ | ᠰᠤᠷᠤᠯᠴᠠᠯᠭ᠎ᠠ ᠶᠢᠨ ᠬᠤᠷᠠᠯ ᠢ 5 ᠤᠳᠠᠭ᠎ᠠ ᠬᠤᠷᠠᠯᠳᠤᠭᠤᠯᠵᠤ᠂ ᠤᠨᠤᠯ ᠤᠨ ᠰᠤᠷᠤᠯᠴᠠᠯᠭ᠎ᠠ ᠶᠢ ᠪᠠᠶᠢᠩᠭᠤᠵᠢᠭᠤᠯᠵᠤ᠂ | ᠤᠷᠳᠤ ᠬᠤᠭᠤᠴᠠᠭ᠎ᠠ ᠪᠠᠷ ᠬᠢᠬᠦ ᠶᠢ ᠪᠡᠶᠡᠯᠡᠭᠦᠯᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 48 ᠬᠤᠪᠢ ᠰᠠᠨᠠᠭᠤᠯᠭ᠎ᠠ᠂ 80 ᠬᠤᠪᠢ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠵᠦ | ᠬᠠᠷᠢᠭᠤᠯᠤᠭᠰᠠᠨ ᠨᠤᠷᠮ᠎ᠠ ᠨᠢ 100% ᠪᠠᠶᠢᠵᠤ᠂ ᠨᠢᠭᠡ ᠪᠦᠯᠦᠭ ᠠᠷᠠᠳ ᠲᠦᠮᠡᠨ ᠤ ᠠᠩᠬᠠᠷᠤᠯ ᠲᠠᠯᠪᠢᠵᠤ | ᠪᠠᠶᠢᠭ᠎ᠠ ᠲᠥᠪᠯᠡᠷᠡᠯ ᠤᠨ ᠴᠡᠭ᠂ ᠲᠦᠭᠵᠢᠷᠡᠯ ᠲᠠᠢ ᠠᠰᠠᠭᠤᠳᠠᠯ ᠢ ᠰᠢᠢᠳᠪᠦᠷᠢᠯᠡᠪᠡ᠃ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ | ᠲᠥᠰᠦᠭᠡᠯᠡᠬᠦ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠵᠠᠰᠠᠭ ᠤᠨ ᠰᠤᠷᠲᠠᠯ ᠵᠠᠰᠠᠭ ᠤᠨ ᠰᠠᠬᠢᠯᠭ᠎ᠠ ᠶᠢ | ᠴᠢᠩᠳᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠲᠡᠮᠵᠢᠵᠤ᠂ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠵᠣᠬᠢᠶᠠᠯ ᠤᠨ ᠰᠤᠷᠲᠠᠯ ᠬᠤᠷᠠᠯ ᠤᠨ | ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠪᠠ᠃ ᠵᠠᠰᠠᠭ ᠤᠨ ᠣᠷᠳᠣᠨ ᠤ ᠰᠢᠰᠲ᠋ᠧᠮ ᠤᠨ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠶ ᠲᠦᠯᠬᠢᠨ ᠠᠬᠢᠭᠤᠯᠪᠠ᠃ | ᠲᠥᠯᠥᠭᠡᠯᠡᠭᠴᠢᠳ ᠡ᠂ ᠲᠠᠪᠤᠨ ᠵᠢᠯ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠢᠷ ᠪᠡᠷᠬᠡᠰᠢᠶᠡᠯ ᠲᠠᠢ | ᠪᠠᠶᠢᠨ᠎ᠠ︔ ᠲᠠᠪᠤᠨ ᠵᠢᠯ ᠤᠨ ᠴᠢᠷᠮᠠᠶᠢᠯᠭ᠎ᠠ ᠪᠠᠷ ᠡᠯᠪᠡᠭ ᠬᠤᠷᠢᠶᠠᠯᠲᠠ ᠤᠯᠪᠠ᠃ ᠲᠠᠪᠤᠨ ᠵᠢᠯ ᠤᠨ ᠲᠤᠷᠰᠢ᠂ ᠪᠢᠳᠡ | ᠰᠠᠯᠬᠢ ᠪᠣᠷᠣᠭᠠᠨ ᠢ ᠲᠤᠭᠤᠯᠤᠨ ᠤᠷᠤᠭᠰᠢᠯᠠᠵᠤ᠂ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠰᠢᠨ᠎ᠡ ᠴᠠᠭ | ᠦᠶ᠎ᠡ ᠶᠢᠨ ᠦᠴᠤᠸᠠᠨ ᠤ ᠬᠥᠭᠵᠢᠯᠲᠡ ᠶᠢᠨ ᠰᠦᠷᠯᠢᠭ ᠰᠠᠶᠢᠬᠠᠨ ᠬᠠᠭᠤᠳᠠᠰᠤ ᠶᠢ ᠪᠢᠴᠢᠭᠯᠡᠪᠡ᠃ ᠡᠳᠡᠭᠡᠷ | ᠠᠮᠵᠢᠯᠲᠠ ᠶᠢ ᠣᠯᠤᠭᠰᠠᠨ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ | ᠤᠳᠤᠷᠢᠳᠤᠯᠭ᠎ᠠ᠂ ᠬᠠᠯᠠᠮᠵᠢᠯᠠᠯ ᠳᠡᠮᠵᠢᠯᠭᠡ ᠠᠴᠠ ᠪᠣᠯᠤᠭᠰᠠᠨ ᠶᠤᠮ᠂ ᠰᠢᠶᠠᠨ ᠤ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠪᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ | ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠪᠣᠯᠤᠭᠰᠠᠨ ᠶᠤᠮ᠂ ᠪᠦᠬᠦ ᠰᠢᠶᠠᠨ ᠤ ᠳᠡᠭᠡᠳᠦ ᠲᠤᠤᠷᠠᠳᠤ | ᠱᠠᠲᠤᠨ ᠤ ᠬᠠᠮᠲᠤ ᠶᠢᠨ ᠴᠢᠷᠮᠠᠶᠢᠯᠭ᠎ᠠ ᠠᠴᠠ ᠪᠣᠯᠤᠭᠰᠠᠨ ᠶᠤᠮ᠂ ᠤᠯᠠᠨ ᠤ ᠬᠦᠴᠦ ᠬᠥᠯᠥᠰᠥ ᠰᠢᠩᠭᠡᠵᠦ ᠪᠠᠶᠢᠨ᠎ᠠ᠃ | ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠠᠬᠠᠮᠠᠳ ᠤᠳᠤᠷᠢᠳᠤᠯᠭ᠎ᠠ᠂ | ᠠᠬᠠᠮᠠᠳ ᠨᠥᠬᠦᠳ ᠲᠤ᠂ ᠪᠦᠬᠦ ᠰᠢᠶᠠᠨ ᠤ ᠠᠷᠠᠳ ᠲᠦᠮᠡᠨ᠂ ᠵᠡᠪᠰᠡᠭᠲᠦ ᠴᠠᠭᠳᠠᠭ᠎ᠠ ᠶᠢᠨ ᠭᠠᠯ ᠰᠡᠷᠭᠡᠶᠢᠯᠡᠨ | ᠤᠨᠲᠠᠷᠠᠭᠠᠬᠤ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ | ᠴᠠᠭᠳᠠᠭ᠎ᠠ ᠨᠠᠷ᠂ ᠦᠴᠤᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠲᠡᠭᠦᠨ ᠳᠤ ᠣᠷᠣᠯᠴᠠᠭᠰᠠᠨ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠠᠪᠤᠨ ᠵᠢᠯ ᠤᠨ ᠡᠷᠡᠮᠡᠬᠡᠶᠢᠯᠡᠨ ᠲᠠᠪᠰᠢᠯᠳᠠ᠂ ᠲᠠᠪᠤᠨ ᠵᠢᠯ ᠤᠨ ᠰᠢᠷᠭᠠᠭᠤ ᠬᠠᠲᠠᠭᠤᠵᠢᠯᠲᠠᠢ ᠠᠵᠢᠯ ᠨᠢ | ᠢᠷᠡᠭᠡᠳᠦᠢ ᠶᠢᠨ ᠬᠥᠭᠵᠢᠯᠲᠡ ᠳᠤ ᠨᠡᠩ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠢᠶᠠᠷ ᠪᠠᠷᠠᠬᠤ ᠦᠭᠡᠢ ᠪᠠᠰᠠ | ᠲᠦᠢᠯ ᠤᠨ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠠᠢ᠃ ᠬᠠᠮᠤᠭ ᠤᠨ ᠦᠨᠳᠦᠰᠦᠨ ᠨᠢᠭᠡ ᠵᠦᠢᠯ ᠪᠣᠯ | ᠳᠠᠷᠤᠶ ︽ᠲᠦᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠡᠷᠡᠰ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ | ᠦᠨᠳᠦᠰᠦᠨ ᠪᠤᠳᠤᠯᠭ᠎ᠠ ᠴᠢᠭᠯᠡᠯᠲᠡ ᠪᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ | ᠲᠤᠭᠤᠰᠢᠯᠠᠭᠤᠯᠤᠨ ᠬᠡᠷᠡᠭᠵᠢᠭᠦᠯᠬᠦ ᠶᠠᠪᠤᠳᠠᠯ ᠪᠣᠯᠤᠨ᠎ᠠ᠃ ᠠᠮᠵᠢᠯᠲᠠ ᠪᠦᠲᠦᠮᠵᠢ ᠶᠢ ᠪᠣᠯ ᠠᠵᠢᠯᠯᠠᠵᠤ ᠪᠠᠶᠢᠭᠠᠳ | ᠣᠯᠤᠭᠰᠠᠨ ᠶᠤᠮ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ | ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠡᠷᠬᠡᠪᠰᠢ ᠬᠥᠭᠵᠢᠭᠦᠯᠬᠦ ᠶᠢᠨ ᠲᠡᠷᠢᠭᠦᠨ | ᠴᠢᠬᠤᠯᠠ ᠡᠭᠦᠷᠭᠡ ᠶᠢ ᠢᠮᠠᠭᠲᠠ ᠪᠠᠷᠢᠮᠲᠠᠯᠠᠵᠤ᠂ ᠡᠷᠬᠡᠪᠰᠢ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠬᠡᠪᠰᠢ ᠦᠵᠡᠯ ᠰᠠᠨᠠᠭ᠎ᠠ ᠪᠠᠨ ᠴᠢᠯᠥᠭᠡᠯᠡᠵᠦ᠂ ᠯᠠᠪᠳᠠᠭᠤᠨ | ᠪᠠᠲᠤᠲᠠᠢ ᠰᠢᠷᠭᠠᠭᠤ ᠠᠵᠢᠯᠯᠠᠪᠠᠯ ᠰᠠᠶ᠋ᠢ ᠦᠴᠤᠸᠠᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠠᠷᠠᠳ | ᠲᠦᠮᠡᠨ ᠤ ᠰᠡᠳᠬᠢᠯ ᠬᠠᠨᠤᠮᠵᠢᠲᠠᠢ ᠰᠢᠨ᠎ᠡ ᠠᠮᠵᠢᠯᠲᠠ ᠪᠦᠲᠦᠮᠵᠢ ᠶᠢ ᠭᠠᠷᠭᠠᠵᠤ ᠴᠢᠳᠠᠨ᠎ᠠ ᠭᠡᠳᠡᠭ ᠢ ᠦᠢᠯᠡᠳᠦᠯᠭᠡ | ᠭᠦᠢᠴᠡᠳ ᠭᠡᠷᠡᠴᠢᠯᠡᠪᠡ᠃ | ᠠᠮᠵᠢᠯᠲᠠ ᠪᠠᠨ ᠭᠦᠢᠴᠡᠳ ᠨᠤᠲᠠᠯᠠᠬᠤ ᠶᠢᠨ ᠵᠡᠷᠭᠡᠴᠡᠭᠡᠪᠡᠷ᠂ ᠤᠷᠤᠭᠰᠢᠯᠠᠯᠲᠠ ᠶᠢᠨ ᠵᠠᠮ ᠳᠡᠭᠡᠷ᠎ᠡ ᠪᠠᠰᠠ ᠴᠥᠭᠡᠨ | ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ | ᠨᠢᠭᠡ ᠳᠤ᠂ ᠠᠵᠤ ᠦᠢᠯᠡᠰ ᠤᠨ ᠲᠡᠰ ᠳᠠᠪᠬᠤᠷᠭ᠎ᠠ ᠶᠡᠷᠦᠩᠬᠡᠶ ᠳᠡᠭᠡᠨ ᠥᠨᠳᠥᠷ ᠪᠢᠰᠢ᠂ ᠤᠯᠠᠮᠵᠢᠯᠠᠯᠲᠤ ᠠᠵᠤ | ᠦᠢᠯᠡᠰ ᠤᠨ ᠬᠠᠷᠢᠴᠠᠯ ᠶᠡᠭᠡ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠵᠡᠯᠡᠬᠦ ᠬᠠᠷᠢᠴᠠᠯ ᠪᠠᠭ᠎ᠠ᠂ ᠠᠵᠤ | ᠦᠢᠯᠡᠰ ᠤᠨ ᠬᠡᠯᠬᠢᠶ᠎ᠡ ᠶᠢᠨ ᠦᠷᠭᠦᠯᠵᠢᠯᠡᠯ ᠭᠦᠢᠴᠡᠳ ᠪᠤᠰᠤ᠂ ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ | ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠵᠤ᠂ ᠬᠥᠭᠵᠢᠯᠲᠡ ᠶᠢᠨ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ | ᠲᠦᠷᠭᠡᠨ ᠬᠤᠪᠢᠷᠠᠭᠤᠯᠬᠤ ᠴᠢᠬᠤᠯᠠᠲᠠᠶ ᠪᠠᠶᠢᠨ᠎ᠠ︔ ᠠᠵᠤ ᠦᠢᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ | ᠪᠠᠭ᠎ᠠ᠂ ᠠᠵᠤ ᠠᠬᠤᠶᠢᠯᠠᠯ ᠤᠨ ᠲᠤᠯᠭᠠᠭᠤᠷᠢᠯᠠᠯ ᠬᠦᠷᠦᠯᠴᠡᠬᠦ ᠦᠭᠡᠢ᠂ ᠪᠣᠳᠠᠲᠤ ᠬᠦᠴᠦᠨ ᠴᠢᠩᠭ᠎ᠠ ᠪᠢᠰᠢ᠂ | ᠭᠠᠳᠠᠭᠠᠳᠤ ᠳᠤ ᠵᠣᠷᠢᠭᠤᠯᠤᠭᠰᠠᠨ ᠡᠷᠭᠢᠯᠲᠡ ᠶᠢᠨ ᠬᠡᠮᠵᠢᠶ᠎ᠡ ᠥᠨᠳᠥᠷ ᠪᠢᠰᠢ ᠪᠠᠶᠢᠨ᠎ᠠ᠃ ᠬᠤᠶᠠᠷ ᠲᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠮᠥᠨ ᠬᠦ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠵᠤ᠂ ᠠᠵᠢᠯ | ᠶᠠᠪᠤᠳᠠᠯ ᠰᠢᠢᠳᠪᠦᠷᠢᠯᠡᠬᠦ ᠭᠤᠭᠴᠤᠭ᠎ᠠ ᠤᠯᠠᠨ᠂ ᠮᠠᠲ᠋ᠧᠷᠢᠶᠠᠯ ᠪᠤᠳᠤᠯᠢᠶᠠᠨᠲᠠᠶ᠂ ᠴᠠᠭ ᠬᠤᠭᠤᠴᠠᠭ᠎ᠠ ᠤᠷᠳᠤ ᠵᠡᠷᠭᠡ | ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠢᠯᠠᠩᠭᠤᠶ᠎ᠠ ᠵᠠᠷᠢᠮ ᠰᠠᠯᠠᠭ᠎ᠠ ᠮᠥᠴᠢᠷ ᠤᠨ ᠠᠵᠢᠯ ᠤᠨ | ᠲᠣᠭᠲᠠᠴᠠ ᠬᠤᠴᠣᠷᠤᠩᠭᠤᠶ᠂ ᠵᠠᠷᠢᠮ ᠺᠠᠳ᠋ᠷ ᠤᠨ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ | ᠤᠬᠠᠮᠰᠠᠷ ᠨᠢ ᠴᠢᠩᠭ᠎ᠠ ᠪᠢᠰᠢ᠂ ᠨᠠᠶᠢᠳᠠᠪᠤᠷᠢᠵᠢᠭᠤᠯᠤᠭᠰᠠᠨ ᠢᠶᠠᠷ ᠰᠤᠯᠠ ᠪᠠᠶᠢᠵᠤ᠂ ᠤᠯᠠᠨ ᠲᠦᠮᠡᠨ ᠤ ᠲᠥᠯᠥᠭᠡ | ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠮᠵᠢ ᠨᠢ ᠥᠨᠳᠥᠷ ᠪᠢᠰᠢ᠂ ᠣᠪᠣᠷ ᠰᠤᠷᠲᠠᠯ ᠨᠢ ᠦᠨᠡᠨ ᠪᠣᠳᠠᠲᠠᠶ | ᠪᠢᠰᠢ᠂ ︽ᠤᠴᠢᠷ ᠶᠠᠪᠤᠳᠠᠯ ᠪᠦᠲᠦᠭᠡᠬᠦ ᠳᠤ ᠬᠦᠴᠢᠷᠲᠡᠶ︾ ᠦᠵᠡᠭᠳᠡᠯ ᠵᠣᠬᠢᠬᠤ ᠬᠡᠮᠵᠢᠶᠡᠨ᠎ᠡ ᠮᠥᠨ ᠯᠡ | ᠣᠷᠣᠰᠢᠭᠰᠠᠭᠠᠷ ᠪᠠᠶᠢᠨ᠎ᠠ᠃ ᠭᠤᠷᠪᠠ ᠳᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ | ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠬᠦᠰᠡᠯ ᠡᠷᠡᠮᠡᠯᠵᠡᠯ ᠲᠠᠢ ᠪᠠᠰᠠ ᠵᠦᠷᠢᠶ᠎ᠡ ᠲᠠᠢ ᠪᠠᠶᠢᠨ᠎ᠠ᠃ ᠲᠦᠷᠪᠡ ᠳᠤ᠂ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠥᠷᠢ ᠥᠭᠴᠡᠭᠡ ᠶᠢ ᠲᠦᠯᠦᠬᠦ ᠪᠠ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠦᠢᠯᠡᠰ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠲᠠᠪᠤ ᠳᠤ᠂ | ᠬᠡᠰᠡᠭ ᠺᠠᠳ᠋ᠷᠴᠤᠳ ᠤᠨ ᠠᠵᠤ ᠠᠬᠤᠶᠢᠯᠠᠯ ᠪᠠ ᠤᠯᠠᠨ ᠲᠦᠮᠡᠨ ᠳᠤ ᠦᠢᠯᠡᠴᠢᠯᠡᠬᠦ ᠰᠠᠨᠠᠭᠠᠴᠢᠯᠠᠭᠠᠲᠤ ᠴᠢᠨᠠᠷ | ᠬᠦᠷᠦᠯᠴᠡᠬᠦ ᠦᠭᠡᠢ ᠪᠠᠶᠢᠵᠤ᠂ ᠦᠢᠯᠡᠴᠢᠯᠡᠭᠡᠨ ᠤ ᠶᠠᠰᠤ ᠴᠢᠨᠠᠷ ᠪᠠ ᠠᠵᠢᠯ ᠤᠨ ᠦᠷ᠎ᠡ ᠪᠦᠲᠦᠮᠵᠢ ᠨᠢ ᠤᠯᠠᠨ | ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠳᠤ | ᠪᠢᠳᠡ ᠬᠠᠷᠢᠭᠤᠴᠠᠯᠭ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠲᠦᠷᠭᠡᠨ | ᠨᠥᠬᠦᠪᠥᠷᠢᠯᠡᠵᠦ᠂ ᠠᠷᠠᠳ ᠤᠯᠠᠨ ᠤ ᠢᠲᠡᠭᠡᠯ ᠪᠠ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ | ᠪᠠᠶᠢᠬᠤ ᠬᠡᠷᠡᠭᠲᠡᠢ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ | ᠡᠭᠦᠷᠭᠡ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠳᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ | ᠵᠦᠭ ᠤᠷᠤᠭᠰᠢᠯᠠᠭᠰᠠᠨ ᠠᠩᠬᠠᠳᠤᠭᠠᠷ ᠲᠠᠪᠤᠨ ᠵᠢᠯ ᠮᠥᠨ᠃ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠰᠠᠶᠢᠲᠤᠷ | ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ | ᠬᠤᠷᠠᠯᠳᠤᠭᠰᠠᠨ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠥᠭᠡᠷᠡᠴᠢᠯᠡᠯᠲᠡ ᠨᠡᠬᠡᠬᠡᠯᠳᠡ ᠶᠢᠨ ᠵᠢᠯᠣᠭᠤᠳᠬᠤ ᠦᠵᠡᠯ ᠰᠠᠨᠠᠭ᠎ᠠ᠂ | ᠭᠤᠣᠯᠳᠠᠯᠭ᠎ᠠ ᠲᠠᠢ ᠡᠭᠦᠷᠭᠡ ᠪᠣᠯᠤᠨ ᠭᠤᠣᠯ ᠬᠠᠷᠠᠯᠲᠠ ᠶᠢ ᠲᠣᠳᠣᠷᠬᠠᠶᠢᠯᠠᠵᠤ᠂ ᠪᠢᠳᠡᠨ ᠤ ᠳᠠᠷᠠᠭᠠᠴᠢ ᠶᠢᠨ | ᠠᠯᠬᠤᠮ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠥᠯᠥᠪᠵᠢᠭᠦᠯᠵᠦ᠂ ᠴᠢᠭᠯᠡᠯ ᠢ ᠲᠣᠳᠣᠷᠬᠠᠢ ᠵᠢᠭᠠᠵᠤ | ᠥᠭᠴᠡᠢ᠃ ᠨᠡᠩ ᠴᠢᠬᠤᠯᠠ ᠨᠢ ᠭᠡᠪᠡᠯ᠂ ᠤᠢᠢᠷ᠎ᠠ ᠶᠢᠨ ᠬᠡᠳᠦᠨ ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ | ᠲᠠᠮᠵᠢᠨ᠂ ᠮᠠᠨ ᠤ ᠰᠢᠶᠠᠨ ᠤ ᠠᠵᠤ ᠦᠢᠯᠡᠰ ᠤᠨ ᠰᠠᠭᠤᠷᠢ ᠲᠠᠰᠤᠷᠠᠯᠳᠡ ᠦᠭᠡᠢ ᠪᠠᠬᠢᠵᠢᠵᠦ᠂ ᠥᠷᠭᠡᠨ ᠤᠯᠠᠨ ᠺᠠᠳ᠋ᠷ | ᠤᠯᠠᠨ ᠲᠦᠮᠡᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ | ᠬᠦᠴᠢᠷ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠬᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠦᠷᠭᠦᠯᠵᠢᠯᠡᠨ | ᠴᠢᠩᠭᠠᠷᠠᠵᠤ᠂ ᠣᠷᠣᠨ ᠪᠠᠶᠢᠷᠢ ᠶᠢᠨ ᠵᠠᠮ ᠬᠠᠷᠢᠯᠴᠠᠭ᠎ᠠ᠂ ᠡᠨᠧᠷᠭᠢ ᠶᠢᠨ ᠡᠬᠢ ᠪᠠᠶᠠᠯᠢᠭ᠂ ᠪᠣᠬᠢᠷᠲᠤᠯ ᠦᠭᠡᠢ ᠠᠮᠢ | ᠠᠬᠤᠢ᠂ ᠠᠵᠤ ᠦᠢᠯᠡᠰ ᠤᠨ ᠰᠠᠭᠤᠷᠢ᠂ ᠬᠤᠳᠠ ᠶᠢᠨ ᠢᠵᠢ ᠪᠦᠷᠢᠳᠦᠭᠦᠯᠬᠦ ᠵᠡᠷᠭᠡ ᠲᠠᠯ᠎ᠠ ᠶᠢᠨ ᠬᠠᠷᠢᠴᠠᠭᠤᠯᠤᠭᠰᠠᠨ | ᠳᠠᠪᠠᠭᠤᠯᠢᠭ ᠨᠡᠩ ᠲᠤᠪᠤᠶᠢᠮ᠎ᠠ ᠪᠤᠯᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠰᠢᠶᠠᠨ ᠤ ᠬᠥᠭᠵᠢᠯᠲᠡ ᠶᠢᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ | ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠳᠬᠤᠵᠤ᠂ | ᠬᠡᠷᠡᠭᠴᠡᠭᠡ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ︽ᠠᠮᠢ ᠠᠬᠤᠢ ᠪᠠᠷ ᠰᠢᠶᠠᠨ ᠢ ᠪᠠᠶᠢᠭᠤᠯᠵᠤ᠂ | ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ | ᠡᠵᠡᠮᠳᠡᠵᠦ᠂ ︽ᠭᠤᠷᠪᠠᠨ ᠶᠡᠭᠡ ᠪᠠᠶᠢᠯᠳᠤᠬᠤ ᠪᠤᠳᠤᠯᠭ᠎ᠠ︾ ᠶᠢ ᠶᠡᠬᠡᠪᠡᠷ ᠬᠡᠷᠡᠭᠵᠢᠭᠦᠯᠵᠦ᠂ ︽ᠲᠦᠷᠪᠡᠨ ᠵᠦᠢᠯ ᠤᠨ | ᠵᠠᠭᠪᠤᠷ︾ ᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠮᠢ | ᠠᠬᠤᠢ ᠶᠢᠨ ᠦᠴᠤᠸᠠᠨ᠂ ᠦᠵᠡᠰᠬᠦᠯᠡᠩᠲᠦ ᠰᠠᠶᠢᠬᠠᠨ ᠦᠴᠤᠸᠠᠨ᠂ ᠵᠣᠯ ᠵᠢᠷᠭᠠᠯᠲᠤ ᠦᠴᠤᠸᠠᠨ︾ ᠢ ᠴᠢᠷᠮᠠᠶᠢᠨ | ᠪᠦᠳᠦᠭᠡᠨ ᠪᠠᠶᠢᠭᠤᠯᠤᠨ᠎ᠠ᠃ | ᠡᠨᠡ ᠬᠦ ᠰᠡᠳᠬᠢᠴᠡ ᠪᠠᠷ ᠢᠷᠡᠭᠡᠳᠦᠶ ᠶᠢᠨ ᠲᠠᠪᠤᠨ ᠵᠢᠯ ᠳᠤ ᠪᠢᠳᠡ ᠳᠣᠣᠷᠠᠬᠢ ᠮᠡᠲᠦ ᠲᠡᠮᠡᠴᠡᠬᠦ ᠬᠠᠷᠠᠯᠲᠠ ᠶᠢ | ᠳᠤᠷᠠᠳᠤᠶ᠎ᠠ᠄ | ᠨᠢᠭᠡ ᠳᠤ᠂ ᠠᠵᠤ ᠠᠬᠤᠶ ᠶᠢᠨ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ ᠴᠢᠨᠠᠷ ᠰᠠᠶᠢᠲᠠᠢ | ᠬᠥᠭᠵᠢᠯᠲᠡ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠰᠢᠨ᠎ᠡ ᠶᠢ ᠡᠭᠦᠳᠬᠦ ᠨᠢ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢᠨ ᠭᠤᠣᠯ ᠬᠥᠳᠡᠯᠭᠡᠬᠦ ᠬᠦᠴᠦᠨ ᠪᠣᠯᠵᠤ᠂ ᠨᠡᠬᠡᠬᠡᠯᠳᠡ ᠬᠢᠬᠦ ᠶᠢ | ᠠᠵᠤ ᠦᠢᠯᠡᠰ ᠤᠨ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠪᠣᠯᠭᠠᠵᠤ᠂ ᠲᠦᠷᠦᠯ ᠲᠡᠮᠳᠡᠭ ᠢ ᠠᠵᠤ | ᠦᠢᠯᠡᠰ ᠤᠨ ᠬᠥᠭᠵᠢᠯᠲᠡ ᠶᠢᠨ ᠦᠷᠳᠡᠭ ᠤᠨ ᠬᠥᠭᠡᠭᠡᠴᠡᠯᠳᠦᠯ ᠪᠣᠯᠭᠠᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠦᠴᠤᠸᠠᠨ ᠤ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠤᠯᠭᠠᠨ᠎ᠠ᠃ ︽ᠲᠥᠮᠥᠰᠥ᠂ | ᠨᠣᠬᠠᠶ ᠶᠢᠨ ᠬᠤᠰᠢᠭᠤ᠂ ᠢᠳᠡᠭᠡᠨ ᠤ ᠮᠥᠭᠦ᠂ ᠶᠠᠰᠤᠨ ᠬᠤᠨᠢ᠂ ᠬᠢᠲᠠᠳ ᠡᠮ ᠤᠨ ᠮᠠᠲ᠋ᠧᠷᠢᠶᠠᠯ︾ ᠵᠡᠷᠭᠡ ᠲᠠᠪᠤᠨ | ᠶᠡᠭᠡ ᠭᠤᠤᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ︽ᠳᠥᠷᠪᠡᠨ ᠠᠵᠤ ᠦᠢᠯᠡᠰ ᠤᠨ ᠬᠡᠯᠬᠢᠶ᠎ᠡ︾ ᠶᠢᠨ ᠨᠠᠷᠢᠯᠢᠭ ᠭᠦᠨᠵᠡᠭᠡᠶ ᠬᠥᠭᠵᠢᠬᠦ᠂ ᠥᠷᠲᠡᠭ ᠤᠨ | ᠬᠡᠯᠬᠢᠶ᠎ᠡ ᠶᠢ ᠳᠡᠭᠡᠳᠦ ᠲᠠᠰ ᠳᠠᠰᠢ ᠤᠷᠲᠤᠳᠬᠠᠬᠤ ᠶᠢ ᠠᠬᠢᠭᠤᠯᠤᠨ᠎ᠠ᠃ ︽ᠶᠤᠸᠠᠨ ᠸᠧᠢ ᠦᠴᠤᠸᠠᠨ︾ ᠨᠠᠷᠠᠲᠤ | ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠲᠠᠷᠢᠶᠠᠯᠠᠩ ᠤᠨ ᠬᠥᠭᠵᠢᠯᠲᠡ ᠶᠢᠨ ᠵᠦᠷᠢᠶᠡᠴᠢᠯᠡᠭᠰᠡᠨ᠂ | ᠣᠨᠴᠠᠯᠢᠬᠵᠢᠭᠰᠠᠨ᠂ ᠠᠵᠤ ᠦᠶᠢᠯᠡᠰᠵᠢᠭᠰᠡᠨ ᠵᠠᠮ ᠢᠶᠠᠷ ᠵᠠᠮᠨᠠᠵᠤ᠂ ᠪᠡᠭᠡᠵᠢᠩ ᠲᠢᠶᠠᠨᠵᠢᠨ ᠾᠧᠪᠸᠢ ᠳᠤ | ᠬᠠᠨᠳᠤᠭᠤᠯᠤᠭᠰᠠᠨ᠂ ᠬᠥᠬᠡᠬᠤᠲᠠ ᠪᠤᠭᠤᠲᠤ ᠣᠷᠳᠣᠰ ᠲᠤ ᠦᠢᠯᠡᠴᠢᠯᠡᠬᠦ ᠪᠣᠷᠣᠯᠠᠭᠤᠯᠭ᠎ᠠ ᠶᠢᠨ ᠪᠠᠶᠢᠷᠢᠰᠢᠯ ᠢ ᠪᠣᠶ | ᠪᠣᠯᠭᠠᠨ᠎ᠠ᠃ ᠠᠵᠤ ᠠᠬᠤᠢ ᠶᠢᠨ ᠪᠦᠲᠦᠴᠡ ᠶᠢ ᠨᠡᠩ ᠰᠢᠯᠢᠳᠡᠭᠵᠢᠭᠦᠯᠵᠦ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠭᠦᠯᠬᠦ ᠶᠢ ᠪᠠᠲᠤᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ | ᠲᠦᠷᠭᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ | ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠷ | ᠨᠡᠭᠡᠭᠡᠨ ᠬᠥᠭᠵᠢᠭᠦᠯᠵᠦ᠂ ᠲᠥᠪᠯᠡᠷᠡᠩᠭᠦᠶ ᠮᠠᠶ᠋ᠢᠭ ᠤᠨ ᠪᠠ ᠲᠠᠷᠬᠠᠯᠲᠠ ᠶᠢᠨ ᠮᠠᠶ᠋ᠢᠭ ᠢ ᠵᠡᠷᠭᠡᠪᠡᠷ ᠬᠥᠭᠵᠢᠭᠦᠯᠬᠦ᠂ | ᠰᠠᠯᠬᠢ ᠭᠡᠷᠡᠯ ᠤᠰᠤᠨ ᠤ ᠡᠨᠧᠷᠭᠢ ᠶᠢᠨ ᠣᠯᠠᠨ ᠲᠥᠷᠥᠯ ᠬᠡᠯᠪᠡᠷᠢ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠂ | ᠰᠠᠯᠬᠢ ᠭᠡᠷᠡᠯ ᠡᠯᠪᠡᠭ ᠬᠤᠷᠠᠭᠰᠠᠨ ᠣᠷᠣᠨ ᠳᠤ ᠰᠠᠯᠬᠢ ᠭᠡᠷᠡᠯ ᠤᠨ ᠬᠠᠳᠠᠭᠠᠯᠠᠯᠲᠠ ᠪᠠ ᠭᠠᠳᠠᠭᠰᠢ ᠬᠦᠷᠭᠡᠬᠦ ᠶᠢ ᠨᠢᠭᠡ | ᠴᠣᠭᠴᠠᠵᠢᠭᠤᠯᠬᠤ᠂ ᠪᠣᠭᠤᠵᠢᠯᠠᠵᠤ ᠭᠠᠳᠠᠭᠰᠢ ᠬᠦᠷᠭᠡᠬᠦ ᠲᠥᠷᠥᠯ ᠵᠦᠢᠯ ᠪᠠ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠤᠰᠤᠲᠥ᠋ᠷᠥᠭᠴᠢ ᠶᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ | ᠪᠥᠲᠥᠭᠡᠨ ᠪᠠᠶᠢᠭᠤᠯᠵᠤ᠂ ᠡᠨᠧᠷᠭᠢ ᠶᠢᠨ ᠢᠨᠲ᠋ᠧᠷ ᠰᠦᠯᠵᠢᠶ᠎ᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠥᠲᠥᠭᠡᠨ | ᠪᠠᠶᠢᠭᠤᠯᠵᠤ᠂ ︽ᠡᠬᠢ ᠰᠤᠷᠪᠤᠯᠵᠢ — ᠰᠦᠯᠵᠢᠶ᠎ᠡ — ᠴᠡᠨᠡᠭ — ᠨᠥᠭᠡᠴᠡᠯᠡᠬᠦ︾ ᠶᠢᠨ ᠵᠣᠬᠢᠴᠠᠯᠳᠤᠨ | ᠬᠥᠳᠡᠯᠦᠯᠴᠡᠬᠦ ᠶᠢ ᠪᠡᠶᠡᠯᠡᠭᠦᠯᠦᠨ᠎ᠡ᠃ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ | ᠬᠤᠶᠠᠳᠤᠭᠠᠷ ᠬᠤᠭᠤᠴᠠᠭ᠎ᠠ᠂ ᠵᠧᠩ ᠲᠠᠢ ᠪᠦᠯᠦᠭᠯᠡᠯ᠂ ᠳᠣᠷᠣᠨᠠᠳᠠᠬᠢᠨ ᠤ ᠡᠨᠧᠷᠭᠢ ᠶᠢᠨ ᠰᠤᠷᠪᠤᠯᠵᠢ᠂ ᠵᠢᠢ ᠳ᠋ᠢᠶᠠᠨ | ᠴᠠᠬᠢᠯᠭᠠᠨ ᠤ ᠰᠢᠨ᠎ᠡ ᠡᠨᠧᠷᠭᠢ ᠶᠢᠨ ᠰᠤᠷᠪᠤᠯᠵᠢ᠂ ᠶᠤᠸᠠᠨ ᠵᠢᠩ ᠰᠢᠨ᠎ᠡ ᠡᠨᠧᠷᠭᠢ ᠶᠢᠨ ᠰᠤᠷᠪᠤᠯᠵᠢ᠂ ᠴᠢᠩᠳᠣᠤ ᠶᠢᠨ | ᠪᠠᠶᠢᠭᠠᠯᠢ ᠶᠢᠨ ᠡᠨᠧᠷᠭᠢ ᠶᠢᠨ ᠬᠦᠨᠳᠦ ᠠᠵᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢᠨ ᠤᠰᠤᠲᠥ᠋ᠷᠥᠭᠴᠢ ᠦᠢᠯᠡᠳᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠵᠦᠢᠯᠡᠰ ᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ ᠤᠰᠤᠲᠥ᠋ᠷᠥᠭᠴᠢ ᠡᠨᠧᠷᠭᠢ ᠶᠢᠨ ᠬᠦᠷᠢᠶᠡᠯᠡᠩ ᠲᠣᠭᠤᠷᠢᠭ ᠢ ᠰᠦᠪᠡᠭᠴᠢᠯᠡᠨ | ᠪᠠᠶᠢᠷᠢᠰᠢᠭᠤᠯᠵᠤ᠂ ᠡᠨᠧᠷᠭᠢ ᠬᠡᠷᠡᠭᠯᠡᠬᠦ ᠠᠵᠤ ᠠᠬᠤᠶᠢᠯᠠᠯ ︵ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ | ᠵᠡᠷᠭᠡ︶ ᠤᠨ ᠲᠤᠬᠠᠶ ᠶᠢᠨ ᠭᠠᠵᠠᠷ ᠲᠤᠨᠢ ᠰᠢᠩᠭᠡᠭᠡᠬᠦ ᠪᠠ ᠤᠰᠤᠲᠥ᠋ᠷᠥᠭᠴᠢ ᠨᠡᠮᠡᠬᠦ ᠥᠷᠲᠡᠭᠡ ᠶᠢᠨ ᠪᠡᠯᠡᠳᠬᠡᠮᠵᠢ ᠶᠢ | ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠣᠷᠣᠨ ᠤ ᠲᠥᠪ ᠤᠨ ᠴᠡᠪᠡᠷ ᠡᠨᠧᠷᠭᠢ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠠᠩᠬ᠎ᠠ ᠠᠯᠬᠤᠮ ᠪᠠᠶᠢᠭᠤᠯᠤᠨ᠎ᠠ᠃ ᠲᠠᠷᠢᠶᠠᠯᠠᠩ ᠤᠨ ᠰᠠᠭᠤᠷᠢ ᠶᠢ ᠨᠡᠩ ᠪᠠᠬᠢᠵᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ | ᠨᠤᠷᠠᠬᠤ ᠠᠶᠤᠯᠲᠠᠶ ᠭᠡᠷ ᠪᠠᠶᠢᠰᠢᠩ ᠢ ᠬᠥᠳᠡᠯᠦᠩᠭᠦᠶ ᠪᠠᠷ ᠴᠡᠪᠡᠷᠯᠡᠨ ᠠᠷᠢᠯᠭᠠᠬᠤ ᠶᠢ ᠪᠠᠲᠤᠯᠠᠨ᠎ᠠ᠃ ᠣᠷᠣᠯᠭ᠎ᠠ ᠶᠢᠨ | ᠬᠤᠪᠢᠷᠠᠯᠲᠠ ᠪᠠ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠢ ᠪᠠᠬᠢᠵᠢᠭᠦᠯᠦᠭᠰᠡᠨ ᠪᠠᠶᠢᠳᠠᠯ ᠢ | ᠦᠷᠭᠦᠯᠵᠢᠯᠡᠨ ᠮᠥᠷᠳᠡᠵᠦ᠂ ᠳᠠᠬᠢᠨ ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠡᠭᠦᠰᠦᠭᠰᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠰᠠᠶᠢᠲᠤᠷ ᠬᠢᠵᠦ | ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠭᠤᠭᠤᠯᠤᠨ ᠪᠠᠶᠢᠴᠠᠭᠠᠵᠤ᠂ ᠴᠠᠭ ᠲᠤᠬᠠᠶ ᠳᠤᠨᠢ ᠢᠯᠡᠷᠡᠭᠦᠯᠦᠨ ᠬᠠᠪᠰᠤᠷᠤᠨ | ᠲᠡᠳᠬᠦᠵᠦ᠂ ᠬᠥᠳᠡᠯᠦᠩᠭᠦᠶ ᠪᠠᠷ ᠴᠡᠪᠡᠷᠯᠡᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠠᠷᠢᠯᠴᠠᠨ ᠬᠠᠮᠵᠢᠯᠴᠠᠭᠰᠠᠨ᠂ ᠣᠷᠭᠠᠨᠢᠭ ᠢᠶᠠᠷ ᠵᠣᠯᠭᠠᠯᠳᠤᠭᠰᠠᠨ | ᠰᠠᠶᠢᠨ ᠰᠠᠶᠢᠬᠠᠨ ᠨᠥᠬᠦᠴᠡᠯᠳᠦᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ ᠠᠵᠤ ᠦᠢᠯᠡᠰ ᠤᠨ ︽ᠪᠣᠬᠢᠷᠲᠤᠯ ᠥᠬᠡᠶ | ᠪᠣᠯᠭᠠᠬᠤ︾ ᠶᠢ ᠶᠡᠬᠡᠪᠡᠷ ᠳᠥᠯᠭᠢᠨ ᠠᠬᠢᠭᠤᠯᠵᠤ᠂ ᠠᠮᠢ ᠠᠬᠤᠶ ᠶᠢᠨ ᠠᠵᠤ ᠠᠬᠤᠶ᠂ ᠠᠮᠢ ᠠᠬᠤᠶ ᠶᠢᠨ ᠠᠵᠤ | ᠦᠢᠯᠡᠰ ᠢ ᠬᠥᠭᠵᠢᠭᠦᠯᠦᠨ᠂ ᠠᠵᠤ ᠠᠬᠤᠶ ᠶᠢᠨ ᠪᠣᠬᠢᠷᠲᠤᠯ ᠥᠬᠡᠶ ᠪᠣᠯᠭᠠᠬᠤ ᠬᠡᠮᠵᠢᠶ᠎ᠡ ᠶᠢ ᠶᠡᠭᠡ ᠪᠠᠷ | ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠦᠢᠯᠡᠰ ᠨᠡᠩ ᠴᠡᠴᠡᠭᠯᠡᠨ ᠬᠥᠭᠵᠢᠵᠦ᠂ ᠬᠥᠭᠵᠢᠯᠲᠡ ᠶᠢᠨ ᠲᠡᠩᠴᠡᠭᠦᠷᠢᠲᠦ | ᠴᠢᠨᠠᠷ᠂ ᠪᠠᠭᠲᠠᠭᠠᠮᠵᠢᠲᠤ ᠴᠢᠨᠠᠷ᠂ ᠦᠷᠭᠦᠯᠵᠢᠯᠡᠬᠦ ᠴᠢᠨᠠᠷ ᠲᠠᠰᠤᠷᠠᠯᠳᠠ ᠦᠭᠡᠢ ᠴᠢᠩᠭᠠᠷᠠᠵᠤ᠂ ᠠᠵᠤ ᠠᠬᠤᠶ ᠶᠢᠨ | ᠬᠡᠪᠴᠢᠶ᠎ᠡ᠂ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠨ᠎ᠡ᠃ | ᠬᠤᠶᠠᠷ ᠲᠤ᠂ ᠠᠷᠠᠳ ᠤᠨ ᠠᠮᠢᠳᠤᠷᠠᠯ ᠰᠢᠨ᠎ᠡ ᠳᠡᠭᠲᠡᠷ ᠲᠤ ᠭᠠᠷᠤᠨ᠎ᠠ᠃ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ | ᠨᠡᠶᠢᠭᠡᠮ ᠤᠨ ᠲᠥᠪ ᠭᠤᠣᠯᠴᠢ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠲᠦᠪᠰᠢᠨ ᠢ ᠠᠵᠤ | ᠠᠬᠤᠢ ᠶᠢᠨ ᠨᠡᠮᠡᠭᠳᠡᠯ ᠲᠠᠢ ᠵᠡᠷᠭᠡᠪᠡᠷ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ | ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ | ᠨᠡᠩ ᠭᠦᠢᠴᠡᠳ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠵᠦ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠨ᠎ᠠ᠃ ᠰᠢᠨ᠎ᠡ ᠴᠠᠭ | ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ | ᠰᠢᠶᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠤᠰ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ | ᠰᠢᠯᠭᠠᠨ ᠠᠪᠴᠤ ᠦᠨᠡᠯᠡᠨ ᠲᠣᠭᠲᠠᠭᠠᠬᠤ ᠶᠢ ᠥᠩᠭᠡᠷᠡᠬᠦ ᠪᠠᠷ ᠴᠢᠷᠮᠠᠶᠢᠨ᠎ᠠ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ | ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠮᠤᠵᠢ ᠶᠢᠨ ᠵᠠᠮ ᠤᠨ | 311 ᠦᠴᠤᠸᠠᠨ ᠠᠴᠠ ᠶᠠᠩ ᠱᠣ᠋ ᠪᠠ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠢ ᠪᠦᠬᠦ | ᠱᠤᠭᠤᠮ ᠢᠶᠠᠷ ᠨᠡᠪᠲᠡᠷᠡᠭᠦᠯᠵᠦ᠂ ᠤᠯᠤᠰ ᠤᠨ ᠲᠡᠰ ᠤᠨ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ | ᠡᠭᠦᠳᠦᠨ ᠪᠠᠶᠢᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ᠪᠦᠬᠦ ᠰᠢᠶᠠᠨ ᠤ ᠪᠠᠶᠢᠭᠠᠯᠢ ᠲᠣᠰᠬᠤᠨ ᠳᠤ | ᠬᠠᠲᠠᠭᠤᠷᠠᠭᠤᠯᠤᠭᠰᠠᠨ ᠵᠠᠮ 85% ᠳᠤ ᠬᠦᠷᠭᠡᠵᠣ᠂ ᠣᠷᠴᠢᠨ ᠲᠣᠭᠤᠷᠢᠨ ᠬᠠᠮᠤᠭ ᠤᠨ ᠭᠤᠶᠤ᠂ ᠬᠠᠮᠤᠭ ᠤᠨ | ᠪᠣᠯᠪᠠᠰᠤᠨ᠂ ᠠᠮᠢᠳᠤᠷᠠᠯ ᠬᠠᠮᠤᠭ ᠤᠨ ᠭᠤᠶᠤ ᠪᠠᠶᠢᠬᠤ ᠶᠢ ᠨᠡᠶᠢᠳᠡᠮ ᠤᠨ ᠬᠠᠮᠲᠤ ᠶᠢᠨ ᠲᠠᠨᠢᠯᠲᠠ ᠪᠤᠯᠭᠠᠨ᠎ᠠ᠃ | ᠭᠤᠷᠪᠠ ᠳᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠰᠢᠨ᠎ᠡ ᠠᠯᠬᠤᠮ ᠢ ᠡᠬᠢᠯᠡᠭᠦᠯᠦᠨ᠎ᠡ᠃ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ︽ᠬᠤᠶᠠᠷ ᠠᠭᠤᠯᠠ ᠶᠢᠨ ᠤᠨᠤᠯ︾ ᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠲᠥᠯᠥᠪᠵᠢᠭᠦᠯᠭᠡ ᠪᠣᠯᠤᠨ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ | ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ | ᠵᠥᠪᠰᠢᠶᠡᠷᠡᠯ ᠤᠨ ᠨᠠᠷᠢᠨ ᠲᠠᠩᠰᠠ ᠵᠡᠷᠭᠡ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ | ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ 300 ᠲᠦᠮᠡᠨ | ᠮᠥ ᠲᠠᠯᠠᠪᠠᠶ ᠶᠢ ᠵᠠᠰᠠᠬᠤ ᠶᠢ ᠪᠡᠶᠡᠯᠡᠭᠦᠯᠦᠨ᠎ᠡ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠡᠭᠡᠭᠡᠨ | ᠬᠥᠭᠵᠢᠭᠦᠯᠬᠦ ᠡᠷᠴᠢᠮ ᠢ ᠴᠢᠩᠭ᠎ᠠ ᠬᠢᠵᠠᠭᠠᠷᠯᠠᠨ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠪᠠ ᠡᠨᠧᠷᠭᠢ ᠶᠢᠨ | ᠬᠤᠷᠣᠭᠳᠠᠯ ᠤᠨ ᠭᠦᠢᠴᠡᠳᠬᠡᠬᠦ ᠲᠤᠭ᠎ᠠ ᠪᠠᠷ ᠠᠵᠤ ᠦᠢᠯᠡᠳᠪᠦᠷᠢ ᠶᠢᠨ ᠪᠦᠲᠦᠴᠡ ᠶᠢ ᠰᠢᠯᠢᠳᠡᠭᠵᠢᠭᠦᠯᠬᠦ᠂ ᠠᠵᠤ | ᠦᠢᠯᠡᠰ ᠤᠨ ᠲᠡᠰ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠡᠳᠡᠷᠬᠦ ᠰᠢᠬᠠᠮᠳᠠᠭᠤᠯᠤᠨ᠎ᠠ᠃ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠪᠣᠬᠢᠷ ᠤᠰᠤ ᠶᠢ | ᠵᠠᠰᠠᠬᠤ ᠠᠵᠢᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠯᠬᠢᠨ ᠠᠬᠢᠭᠤᠯᠵᠤ᠂ ᠬᠤᠳᠠ | ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ ᠳᠡᠭᠡᠭᠰᠢᠯᠡᠭᠦᠯᠬᠦ ᠶᠢ ᠲᠦᠯᠬᠢᠨ | ᠠᠬᠢᠭᠤᠯᠤᠨ᠎ᠠ᠃ ᠰᠢᠶᠠᠨ ᠤ ᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ | ᠡᠳᠦᠷ ᠤᠨ ᠲᠤᠭ᠎ᠠ ᠶᠢ 310 ᠡᠳᠦᠷ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠪᠠᠶᠢᠭᠠᠯᠢ ᠶᠢᠨ | ᠡᠬᠢ ᠪᠠᠶᠠᠯᠢᠭ ᠡᠳ᠋ ᠬᠦᠷᠦᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠳᠤ ᠬᠢᠨᠠᠨ ᠪᠤᠳᠤᠬᠤ ᠲᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠢ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠪᠣᠬᠢᠷᠲᠤᠯ ᠦᠭᠡᠢ ᠬᠡᠷᠡᠭᠯᠡᠭᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ | ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠨ᠎ᠠ᠃ | ᠲᠦᠷᠪᠡ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠦᠷ᠎ᠡ ᠪᠦᠲᠦᠮᠵᠢ ᠣᠯᠤᠨ᠎ᠠ ᠃ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂ ︽ᠨᠢᠭᠡ ᠰᠦᠯᠵᠢᠶ᠎ᠡ ᠪᠠᠷ ᠪᠦᠬᠦᠨ ᠢ | ᠰᠢᠢᠳᠪᠦᠷᠢᠯᠡᠬᠦ︾ ᠶᠢ ᠬᠡᠷᠡᠭᠵᠢᠭᠦᠯᠦᠨ᠂ ᠦᠢᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ | ᠣᠷᠣᠭᠤᠯᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠦᠬᠦᠨ ᠢ ᠬᠠᠮᠤᠷᠬᠤ᠂ ︽ᠣᠷᠣᠭᠤᠯᠬᠤ | ᠶᠣᠰᠣᠲᠠᠶ ᠶᠢ ᠨᠢ ᠵᠠᠪᠠᠯ ᠳᠡᠪᠰᠢᠭᠦᠯᠬᠦ︾ ᠰᠦᠯᠵᠢᠶᠡᠨ ᠤ ᠲᠠᠪᠴᠠᠩ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ︽ | ᠨᠢᠭᠡ ᠤᠳᠠᠭ᠎ᠠ ᠳᠤ ᠲᠡᠮᠳᠡᠭᠯᠡᠬᠦ᠂ ᠪᠦᠬᠦᠨ ᠢ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠪᠡᠶᠡᠯᠡᠭᠦᠯᠵᠦ᠂ | ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ ᠬᠡᠷᠡᠭᠲᠡᠶ᠃ 12345 | ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠬᠤᠪᠢᠶᠠᠷᠢ ᠲᠥᠪ ᠤᠨ ᠦᠢᠯᠡᠴᠢᠯᠡᠭᠡᠨ ᠤ | ᠴᠢᠳᠠᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ | ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠪᠠ ᠲᠣᠰᠬᠤᠨ ︵ᠨᠡᠶᠢᠭᠡᠮ | ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠬ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ᠣᠶᠢᠷ᠎ᠠ ᠬᠠᠪᠢ ᠳᠠᠭᠠᠨ ᠭᠦᠢᠴᠡᠳᠬᠡᠵᠦ ᠳᠡᠶᠢᠯᠬᠦ᠂ ᠴᠥᠭᠡᠨ ᠭᠦᠶᠦᠵᠦ ᠲᠦᠷᠭᠡᠨ ᠭᠦᠢᠴᠡᠳᠬᠡᠬᠦ ᠶᠢ | ᠪᠡᠶᠡᠯᠡᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠮᠥᠷᠳᠡᠨ ᠦᠢᠯᠡᠴᠢᠯᠡᠵᠣ᠂ | ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠵᠡᠷᠭᠡ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠯᠢᠳᠡᠭ ᠰᠠᠶᠢᠨ | ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ | ᠲᠠᠪᠤ ᠳᠤ᠂ ᠨᠡᠶᠢᠭᠡᠮ ᠤᠨ ᠪᠣᠯᠪᠠᠰᠤᠨ ᠢ ᠰᠢᠨ᠎ᠡ ᠬᠢᠷᠢ ᠬᠡᠮᠵᠢᠶᠡᠨ ᠳᠤ ᠬᠦᠷᠭᠡᠨ᠎ᠡ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠬᠥᠮᠦᠰ ᠤᠨ ᠰᠡᠳᠬᠢᠯ ᠳᠤ ᠭᠦᠨ ᠰᠠᠭᠤᠭᠳᠠᠵᠤ᠂ ᠠᠷᠠᠳ ᠲᠦᠮᠡᠨ ᠤ ᠦᠵᠡᠯ | ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ ᠰᠡᠳᠬᠢᠯ ᠤᠨ | ᠡᠷᠡᠭᠦᠯ ᠮᠡᠨᠳᠤ ᠶᠢᠨ ᠬᠡᠪ ᠴᠢᠨᠠᠷ ᠢᠯᠡᠳᠲᠡ ᠳᠡᠭᠡᠭᠰᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢᠤᠯᠠᠨ ᠨᠡᠶᠢᠲᠡ ᠶᠢᠨ ᠰᠣᠶᠣᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ ᠦᠢᠯᠡᠰ ᠤᠨ ᠰᠢᠰᠲ᠋ᠧᠮ ᠢ ᠨᠡᠩ | ᠲᠡᠭᠦᠯᠳᠡᠷᠵᠢᠭᠦᠯᠦᠨ᠎ᠡ᠃ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ | ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠨᠥᠯᠥᠭᠡᠯᠡᠬᠦ | ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠬᠤᠪᠢᠰᠬᠠᠯ ᠤᠨ ᠲᠡᠤᠬᠡ ᠪᠠ ᠪᠣᠬᠢᠷᠲᠤᠯ ᠥᠬᠡᠶ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠶ | ᠠᠭᠤᠳᠠᠯᠵᠤ᠂ ᠬᠤᠪᠢᠰᠬᠠᠯ ᠤᠨ ᠵᠢᠭᠤᠯᠴᠢᠯᠠᠯ ᠪᠠ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ | | ᠵᠢᠷᠭᠤᠭ᠎ᠠ ᠳᠤ᠂ ᠠᠷᠠᠳᠴᠢᠯᠠᠯ ᠪᠠ ᠬᠠᠤᠯᠢ ᠪᠠᠷ ᠵᠠᠰᠠᠬᠤ ᠠᠵᠢᠯ ᠢ ᠴᠢᠨᠠᠭᠰᠢᠲᠠ ᠴᠢᠩᠭᠠᠳᠬᠠᠨ᠎ᠠ᠃ ᠰᠢ ᠶᠢᠨ | ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ | ᠵᠢᠷᠤᠮ ᠤᠨ ᠠᠷᠠᠳᠴᠢᠯᠠᠯ ᠬᠠᠤᠯᠢᠵᠢᠯ ᠢ ᠨᠡᠩ ᠪᠦᠷᠢᠨᠰᠢᠬᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠭᠦᠯᠦᠨ᠎ᠡ᠃ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ | ᠢᠯᠡᠳᠲᠡ ᠳᠡᠭᠡᠭᠰᠢᠯᠡᠨ᠎ᠡ᠃ ᠠᠮᠤᠷ ᠠᠮᠤᠭᠤᠯᠠᠩ ᠦᠴᠤᠸᠠᠨ ᠤ ᠪᠦᠲᠦᠭᠡᠨ ᠪᠠᠶᠢᠭᠤᠯᠤᠯᠲᠠ ᠰᠢᠨ᠎ᠡ ᠳᠡᠭᠲᠡᠷ ᠲᠤ | ᠭᠠᠷᠴᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ | ᠲᠠᠰᠤᠷᠠᠯᠲᠠ ᠦᠭᠡᠢ ᠪᠦᠷᠢᠨᠰᠢᠭᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ | ᠢᠯᠡᠳᠲᠡ ᠳᠡᠭᠡᠭᠰᠢᠯᠡᠭᠦᠯᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠡᠩ ᠬᠦᠴᠦᠲᠡᠶ ᠪᠣᠯᠭᠠᠵᠤ᠂ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠲᠥᠯᠥᠭᠡᠯᠡᠭᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ | ᠪᠠᠷᠠᠯᠠᠬᠤᠶ᠎ᠠ᠂ ᠪᠢᠳᠡ ᠤᠳᠠᠯ ᠦᠭᠡᠢ ᠰᠢᠨ᠎ᠡ ᠠᠶᠠᠨ ᠵᠠᠮ ᠢᠶᠠᠨ ᠡᠬᠢᠯᠡᠭᠦᠯᠬᠦ ᠭᠡᠵᠦ ᠪᠠᠶᠢᠨ᠎ᠠ᠂ ᠠᠯᠤᠰ ᠢᠷᠡᠭᠡᠳᠦᠶ ᠨᠢ | ᠲᠦᠢᠯ ᠤᠨ ᠰᠠᠷᠠᠭᠤᠯ ᠠᠭᠤᠳᠠᠮ ᠪᠠᠶᠢᠵᠤ᠂ ᠬᠠᠷᠠᠯᠲᠠ ᠨᠢ ᠬᠥᠮᠦᠰ ᠤᠨ ᠵᠣᠷᠢᠭ ᠢ ᠬᠥᠪᠴᠢᠯᠡᠨ᠎ᠡ᠃ ᠭᠠᠭᠴᠠ ᠬᠦ | ᠬᠠᠷᠠᠯᠲᠠ ᠪᠠᠨ ᠪᠠᠲᠤ ᠪᠠᠷᠢᠮᠲᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠮᠡᠬᠡᠶᠢᠯᠡᠨ ᠤᠷᠤᠭᠰᠢᠯᠠᠳᠠᠭ ᠯᠠ ᠶᠤᠮ | ᠪᠣᠯ ᠲᠠᠪᠤᠨ ᠵᠢᠯ ᠤᠨ ᠠᠤᠭ᠎ᠠ ᠲᠥᠰᠦᠪ ᠯᠠᠪᠲᠠᠶ ᠪᠡᠶᠡᠯᠡᠭᠳᠡᠵᠦ᠂ ᠦᠴᠤᠸᠠᠨ ᠤ ᠢᠷᠡᠭᠡᠳᠦᠶ ᠯᠠᠪᠲᠠᠶ ᠨᠠᠩ ᠰᠠᠶᠢᠨ | ᠰᠠᠶᠢᠬᠠᠨ ᠪᠣᠯᠬᠤ ᠶᠤᠮ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ ᠡᠭᠦᠨ ᠳᠤ ᠪᠢᠳᠡ ᠭᠠᠭᠴᠠ ᠬᠦ ᠬᠠᠷᠠᠯᠲᠠ ᠪᠠᠨ | ᠪᠠᠲᠤ ᠪᠠᠷᠢᠮᠲᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠮᠡᠬᠡᠶᠢᠯᠡᠨ ᠤᠷᠤᠭᠰᠢᠯᠠᠳᠠᠭ ᠯᠠ ᠶᠤᠮ ᠪᠣᠯ ᠲᠠᠪᠤᠨ | ᠵᠢᠯ ᠤᠨ ᠠᠤᠭ᠎ᠠ ᠲᠥᠰᠦᠪ ᠯᠠᠪᠲᠠᠶ ᠪᠡᠶᠡᠯᠡᠭᠳᠡᠵᠦ᠂ ᠦᠴᠤᠸᠠᠨ ᠤ ᠢᠷᠡᠭᠡᠳᠦᠶ ᠯᠠᠪᠲᠠᠶ ᠨᠠᠩ ᠰᠠᠶᠢᠨ ᠰᠠᠶᠢᠬᠠᠨ | ᠪᠣᠯᠬᠤ ᠶᠤᠮ᠃ | ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ | ᠡᠬᠢᠯᠡᠯᠲᠡ ᠨᠢ ᠪᠦᠬᠦ ᠲᠠᠯ᠎ᠠ ᠲᠠᠢ ᠬᠤᠯᠪᠣᠭᠳᠠᠵᠤ᠂ ᠡᠬᠢᠯᠡᠯᠲᠡ ᠨᠢ ᠬᠤᠶᠢᠰᠢᠳᠠ ᠶᠢᠨ ᠪᠠᠶᠢᠳᠠᠯ ᠢ | ᠲᠣᠭᠲᠠᠭᠠᠳᠠᠭ᠃ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠡᠬᠢᠯᠡᠯᠲᠡ ᠶᠢᠨ ᠵᠢᠯ ᠮᠥᠨ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠡᠬᠢᠯᠡᠭᠦᠯᠬᠦ ᠵᠢᠯ ᠮᠥᠨ᠂ | ᠡᠭᠦᠨ ᠤ ᠵᠡᠷᠭᠡᠴᠡᠭᠡᠪᠡᠷ ᠪᠢᠳᠡ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠴᠢᠬᠤᠯᠠ ᠲᠡᠦᠬᠡᠨ ᠴᠠᠭ ᠮᠥᠴᠡ ᠶᠢ | ᠤᠭᠲᠤᠨ ᠠᠪᠴᠢᠷᠠᠬᠤ ᠪᠣᠯᠤᠨ᠎ᠠ᠃ ᠪᠢᠳᠡ ︽ᠡᠬᠢᠯᠡᠯᠲᠡ ᠶᠢᠨ ᠬᠤᠭᠤᠴᠠᠭ᠎ᠠ ᠪᠣᠯ ᠰᠢᠢᠳᠪᠦᠷᠢᠲᠦ ᠪᠠᠶᠢᠯᠳᠤᠭᠠᠨ | ᠮᠥᠨ᠂ ᠡᠬᠢᠯᠡᠯᠲᠡ ᠶᠢᠨ ᠬᠤᠭᠤᠴᠠᠭ᠎ᠠ ᠪᠣᠯ ᠰᠢᠪᠲᠤᠯᠤᠯᠲᠠ ᠮᠥᠨ︾ ᠭᠡᠬᠦ ᠲᠡᠮᠡᠴᠡᠯ ᠤᠨ ᠵᠣᠷᠢᠭ ᠢ ᠡᠪᠦᠷᠯᠡᠵᠦ᠂ | ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠢᠷᠡᠭᠡᠳᠦᠢ ᠶᠢ ᠪᠣᠳᠣᠯᠬᠢᠯᠠᠵᠤ᠂ ᠬᠤᠷᠢᠭ᠎ᠠ ᠱᠤᠭᠤᠮ ᠤᠨ | ᠰᠡᠳᠬᠢᠬᠦᠢ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠠᠮᠤᠭ ᠤᠨ ᠮᠠᠭᠤ ᠲᠠᠯ᠎ᠠ ᠠᠴᠠ ᠪᠣᠳᠣᠯᠬᠢᠯᠠᠨ᠂ | ᠬᠠᠮᠤᠭ ᠤᠨ ᠰᠠᠶᠢᠨ ᠲᠠᠯ᠎ᠠ ᠵᠦᠭ ᠴᠢᠷᠮᠠᠶᠢᠵᠤ᠂ ᠰᠠᠶᠢᠨ ᠡᠬᠢᠯᠡᠯᠲᠡ ᠲᠠᠢ ᠪᠣᠯᠬᠤ ᠪᠠᠷ ᠬᠦᠴᠦᠯᠡᠨ ᠴᠢᠷᠮᠠᠶᠢᠬᠤ | ᠬᠡᠷᠡᠭᠲᠡᠢ᠃ | ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠪᠦᠬᠦ ᠦᠷᠲᠡᠭ ᠢ 5.5% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠤᠴᠠ ᠶᠢ 6% ᠪᠠᠷ ᠨᠡᠮᠡᠭᠳᠡᠭᠦᠯᠵᠦ᠂ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 1.5% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 4.5% ᠪᠠᠷ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 5% ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠠ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% | ᠪᠠ 10% ᠠᠴᠠ ᠳᠡᠭᠡᠭᠰᠢ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ ᠳᠣᠣᠷᠠᠬᠢ ᠮᠡᠲᠦ ᠲᠤᠯᠤᠭᠠᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠨ᠎ᠠ᠃ | ︵ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ | ᠭᠤᠷᠪᠠᠨ ᠲᠠᠷᠢᠶᠠᠯᠠᠩ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ᠂ ᠣᠳᠣᠬᠢᠴᠢᠯᠠᠯᠲᠠ ᠶᠢᠨ ᠰᠠᠭᠤᠷᠢ | ᠲᠤᠯᠭᠠᠭᠤᠷᠢᠯᠠᠯ ᠢ ᠪᠠᠲᠤᠳᠬᠠᠨ᠎ᠠ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃ ︽ᠲᠦᠷᠪᠡ ᠶᠢ | ᠬᠠᠰᠤᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠳᠡᠰ ᠤᠨ ᠱᠦᠵᠢ︾ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠲᠤᠳᠬᠠᠨ ᠥᠷᠭᠡᠳᠬᠡᠬᠦ ᠶᠢ ᠠᠳᠬᠤᠬᠤ ᠱᠠᠭᠠᠷᠳᠠᠯᠭ᠎ᠠ | ᠶᠣᠰᠣᠭᠠᠷ᠂ ᠲᠣᠰᠬᠤᠨ ᠤ ᠨᠠᠮ ᠤᠨ ᠡᠭᠦᠷ ᠤᠨ ᠱᠦᠵᠢ ᠶᠢ ᠰᠠᠶᠢᠲᠤᠷ ᠰᠣᠩᠭᠤᠨ ᠳᠤᠬᠢᠷᠠᠭᠤᠯᠵᠤ᠂ ᠤᠶᠤᠲᠠᠳ ᠢ | ᠰᠣᠩᠭᠤᠨ ᠤᠷᠢᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠶᠢᠨ ᠵᠠᠯᠭᠠᠮᠵᠢ ᠪᠠᠲᠤᠯᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠠᠷᠠᠳ ᠤᠨ | ᠠᠮᠢᠳᠤᠷᠠᠯ ᠤᠨ ᠲᠤᠮᠤ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ | ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠎ᠠ᠃ ᠶᠠᠳᠠᠭᠤ ᠶᠢ ᠲᠡᠳᠬᠦᠬᠦ ᠡᠳ᠋ | ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠪᠥᠬᠦ ᠰᠢᠶᠠᠨ ᠤ 958 ᠥᠨᠥᠴᠢᠨ ᠬᠡᠦᠬᠡᠳ᠂ ᠬᠡᠷᠡᠭ | ᠳᠡᠭᠡᠷ᠎ᠡ ᠪᠠᠨ ᠠᠰᠠᠷᠠᠨ ᠲᠡᠵᠢᠭᠡᠬᠦ ᠬᠥᠮᠦᠨ ᠦᠭᠡᠢ ᠵᠢᠴᠢ ᠥᠷᠥᠭᠡᠰᠦᠨ ᠥᠨᠥᠴᠢᠨ ᠬᠡᠦᠬᠡᠳ ᠲᠤ ᠬᠤᠣᠰᠯᠠᠨ | ᠬᠠᠪᠰᠤᠷᠴᠤ ᠲᠡᠳᠬᠦᠬᠦ ᠲᠣᠭᠲᠠᠴᠠ ᠶᠢ ᠪᠠᠶᠢᠭᠤᠯᠵᠤ᠂ ᠬᠥᠳᠡᠯᠦᠩᠭᠦᠶ ᠪᠠᠷ ᠬᠢᠨᠠᠨ ᠬᠡᠮᠵᠢᠨ᠎ᠡ᠃ ᠲᠠᠷᠢᠶᠠᠯᠠᠩ ᠤᠨ | ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ | ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠤᠨ᠎ᠠ᠃ | ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ 217 ᠲᠦᠮᠡᠨ ᠮᠥ ᠲᠠᠷᠢᠶᠠᠨ ᠭᠠᠵᠠᠷ ᠤᠨ | ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ | ᠪᠠᠶᠢᠰᠢᠩ ᠪᠠᠷᠢᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ | ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠠᠮᠤ ᠪᠤᠳᠠᠭ᠎ᠠ ᠳᠠᠷᠢᠬᠤ | ᠲᠠᠯᠠᠪᠠᠶ ᠶᠢ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ᠃ ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠶ ᠳᠤ ᠲᠦᠰᠢᠭᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ | ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠲᠦᠷᠦᠯ ᠵᠦᠢᠯ ᠢᠶᠠᠷ | ᠰᠢᠯᠢᠳᠡᠭ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠢ ᠡᠭᠦᠳᠬᠦ ᠪᠠ | ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠪᠣᠯᠤᠨ ᠦᠴᠤᠸᠠᠨ ᠰᠢᠶᠠᠨ ᠤ ︽ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠥᠪᠥᠷ ᠮᠣᠩᠭᠤᠯ ᠤᠨ ᠬᠠᠭᠤᠷᠠᠶ ᠲᠠᠷᠢᠮᠠᠯ ᠤᠨ ᠲᠥᠪ︾ ᠢ ᠬᠠᠮᠲᠤᠪᠠᠷ ᠪᠠᠶᠢᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ ᠭᠤᠷᠪᠠᠨ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ | ᠰᠤᠷᠭᠠᠯᠲᠠ ᠶᠢᠨ ᠴᠢᠳᠠᠪᠤᠷᠢᠲᠠᠨ᠂ ᠲᠠᠪᠴᠠᠩ ᠵᠡᠷᠭᠡ ᠡᠬᠢ ᠪᠠᠶᠠᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠦᠷ᠎ᠡ ᠪᠦᠲᠦᠭᠡᠯ ᠢ ᠬᠤᠪᠢᠷᠠᠭᠤᠯᠤᠨ ᠠᠰᠢᠭᠯᠠᠬᠤ ᠶᠢ ᠲᠦᠷᠭᠡᠳᠬᠡᠨ᠎ᠡ᠃ ᠤᠯᠤᠰ ᠤᠨ ᠨᠣᠬᠠᠶ ᠶᠢᠨ ᠬᠤᠰᠢᠭᠤ ᠶᠢᠨ | ᠲᠤᠰᠬᠠᠶ ᠮᠡᠷᠭᠡᠵᠢᠯᠲᠡᠨ ᠤ ᠰᠢᠰᠲ᠋ᠧᠮ ᠤᠨ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠳᠠᠪᠠᠭᠤᠯᠢᠭ ᠢ ᠠᠰᠢᠭᠯᠠᠨ᠂ | ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠦᠷ᠎ᠡ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠡ᠃ ︽ᠳᠥᠷᠪᠡᠨ ᠠᠵᠤ ᠦᠢᠯᠡᠰ ᠤᠨ ᠬᠡᠯᠬᠢᠶ᠎ᠡ︾ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠬᠦᠴᠦᠯᠡᠨ ᠠᠬᠢᠭᠤᠯᠤᠨ᠎ᠠ᠃ ︽ᠳᠤᠮᠳᠠᠳᠤ ᠤᠯᠤᠰ ᠤᠨ ᠨᠣᠬᠠᠶ ᠶᠢᠨ ᠬᠤᠰᠢᠭᠤ ᠶᠢᠨ ᠨᠤᠲᠤᠭ︾ ᠤᠨ | ᠳᠠᠪᠠᠭᠤᠯᠢᠭ ᠲᠤ ᠲᠦᠰᠢᠭᠯᠡᠨ᠂ ︽ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠪᠣᠬᠢᠷᠲᠤᠯ ᠥᠬᠡᠶ᠂ ᠣᠷᠭᠠᠨᠢᠭ ᠢᠳᠡᠭᠡᠨ ᠤ | ᠭᠡᠷᠡᠴᠢᠯᠡᠭᠡ ᠶᠢ ᠲᠦᠷᠭᠡᠳᠬᠡᠨ᠂ ᠦᠢᠯᠡᠳᠬᠦᠨ ᠤ ᠶᠠᠰᠤ ᠴᠢᠨᠠᠷ ᠤᠨ ᠮᠥᠷᠳᠡᠵᠦ ᠪᠣᠯᠬᠤ ᠰᠢᠰᠲ᠋ᠧᠮᠵᠢ ᠶᠢᠨ | ᠪᠠᠶᠢᠭᠤᠯᠤᠯᠲᠠ ᠪᠠ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠬᠠᠮᠠᠭᠠᠯᠠᠨ ᠪᠤᠶᠢᠵᠢᠭᠤᠯᠬᠤ ᠶᠢ | ᠠᠬᠢᠭᠤᠯᠤᠨ᠎ᠠ᠃ ᠳᠠᠪᠠᠭᠤᠯᠢᠭ ᠤᠨᠴᠠᠯᠢᠭᠳᠤ ᠲᠥᠷᠥᠯ ᠵᠦᠢᠯ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ | ᠪᠠᠶᠢᠭᠤᠯᠬᠤ ᠶᠢ ᠠᠬᠢᠭᠤᠯᠵᠤ᠂ ᠲᠠᠷᠢᠶᠠᠯᠠᠩ ᠤᠨ ᠤᠨᠴᠠᠯᠢᠭᠳᠤ ᠵᠢᠵᠢᠭ ᠪᠠᠯᠭᠠᠰᠤ ᠪᠠ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠶᠢ ᠬᠥᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ | ᠯᠠᠪᠳᠠᠭᠤᠨ ᠪᠠᠲᠤᠲᠠᠶ ᠠᠬᠢᠭᠤᠯᠤᠨ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ | ᠪᠠᠲᠤᠯᠠᠬᠤ ᠬᠡᠷᠡᠭᠲᠡᠶ᠃ | ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠶᠢᠯ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠬᠤᠭ ᠨᠣᠪᠰᠢ | ᠪᠣᠬᠢᠷ ᠤᠰᠤ ᠶᠢ ᠰᠢᠢᠳᠪᠦᠷᠢᠯᠡᠬᠦ᠂ ᠵᠣᠷᠯᠣᠩ ᠤᠨ ᠬᠤᠪᠢᠰᠬᠠᠯ᠂ ᠲᠣᠰᠬᠤᠨ ᠤ ᠳᠦᠷᠰᠦ ᠪᠠᠶᠢᠳᠠᠯ ᠢ | ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠠᠶᠢᠯ ᠲᠣᠰᠬᠤᠨ ᠢ ᠴᠡᠪᠡᠷᠯᠡᠬᠦ ᠪᠠ ᠨᠣᠭᠤᠭᠠᠷᠠᠭᠤᠯᠬᠤ ᠠᠵᠢᠯᠯᠠᠭ᠎ᠠ | ᠥᠷᠨᠢᠭᠦᠯᠬᠦ ᠶᠢ ᠳᠡᠮᠵᠢᠵᠦ᠂ ᠤᠰᠤᠨ ᠰᠢᠰᠲ᠋ᠧᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠬᠡᠷᠡᠭᠵᠢᠭᠦᠯᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠤᠨ᠎ᠠ᠃ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠵᠦᠢᠯᠡᠰ ᠢ ᠲᠦᠷᠭᠡᠪᠴᠢᠯᠡᠨ | ᠬᠡᠷᠡᠭᠵᠢᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠵᠢᠵᠢᠭ ᠬᠡᠯᠪᠡᠷᠢ ᠶᠢᠨ ᠥᠷᠲᠡᠭᠡ ᠶᠢ 6᠂ ᠤᠰᠤ ᠪᠠᠷ ᠤᠬᠢᠶᠠᠬᠤ | ᠵᠣᠷᠯᠣᠩ ᠢ 21 ᠰᠢᠨ᠎ᠡ ᠪᠠᠷ ᠪᠠᠶᠢᠭᠤᠯᠵᠤ᠂ 2000 ᠡᠷᠦᠬᠡ ᠶᠢᠨ ᠡᠷᠦᠬᠡ ᠶᠢᠨ ᠵᠣᠷᠯᠣᠩ ᠢ ᠥᠭᠡᠷᠡᠴᠢᠯᠡᠨ᠎ᠡ᠃ | ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠲᠡᠮᠵᠢᠵᠤ᠂ ᠰᠦᠯᠢᠶᠣᠣ | ᠪᠦᠷᠬᠦᠪᠴᠢ ᠶᠢ ᠲᠠᠬᠢᠨ ᠠᠰᠢᠭᠯᠠᠵᠤ ᠪᠣᠯᠪᠠᠰᠤᠷᠠᠭᠤᠯᠬᠤ ᠵᠦᠢᠯᠡᠰ ᠢ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠤᠨ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ | ᠵᠦᠢᠯᠡᠰ ᠢ ᠬᠡᠷᠡᠭᠵᠢᠭᠦᠯᠵᠦ᠂ ᠤᠢ ᠰᠢᠭᠤᠶ ᠶᠢᠨ ᠬᠥᠳᠡᠭᠡ ᠲᠣᠰᠬᠤᠨ ᠢ ᠡᠭᠦᠳᠦᠨ ᠪᠠᠶᠢᠭᠤᠯᠬᠤ ᠪᠠ | ᠭᠤᠣᠯᠳᠠᠯᠭ᠎ᠠ ᠲᠠᠢ ᠵᠢᠱᠢᠶ᠎ᠡ ᠦᠵᠡᠭᠦᠯᠵᠦ ᠨᠣᠭᠤᠭᠠᠷᠠᠭᠤᠯᠬᠤ ᠲᠣᠰᠬᠤᠨ ᠤ ᠪᠦᠳᠦᠭᠡᠨ ᠪᠠᠶᠢᠭᠤᠯᠤᠯᠲᠠ ᠶᠢ | ᠥᠷᠨᠢᠭᠦᠯᠵᠦ᠂ ᠬᠥᠳᠡᠭᠡ ᠲᠣᠰᠬᠤᠨ ᠤ ᠠᠮᠢ ᠠᠬᠤᠶ ᠶᠢᠨ ᠪᠦᠬᠦ ︽ᠬᠠᠩᠭᠠᠨ ᠪᠣᠷᠣᠯᠠᠭᠤᠯᠬᠤ ᠬᠤᠷᠰᠢᠶᠠᠵᠢᠯ +︾ | ᠲᠣᠰᠬᠤᠨ ᠤ ᠬᠤᠶᠠᠷ ᠵᠥᠪᠯᠡᠯ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠡᠷᠡᠯ | ᠸᠣᠯᠲ ᠢᠶᠠᠷ ᠶᠠᠳᠠᠭᠤ ᠶᠢ ᠲᠡᠳᠬᠦᠬᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ᠂ ᠡᠯᠧᠺᠲᠷᠣᠨ ᠬᠤᠳᠠᠯᠳᠤᠭ᠎ᠠ ᠪᠠᠷ | ᠶᠠᠳᠠᠭᠤ ᠶᠢ ᠲᠡᠳᠬᠦᠬᠦ ᠶᠢ ᠬᠡᠷᠡᠭᠵᠢᠭᠦᠯᠵᠦ᠂ ᠣᠯᠠᠨ ᠠᠷᠭ᠎ᠠ ᠵᠠᠮ ᠢᠶᠠᠷ ᠣᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ | ᠬᠤᠷᠰᠢᠶᠠᠵᠢᠯ ᠢ ᠵᠢᠷᠤᠮᠵᠢᠭᠤᠯᠤᠨ ᠳᠡᠭᠡᠭᠰᠢᠯᠡᠭᠦᠯᠬᠦ᠂ ᠬᠠᠩᠭᠠᠨ ᠪᠣᠷᠣᠯᠠᠭᠤᠯᠬᠤ ᠬᠤᠷᠰᠢᠶᠠᠵᠢᠯ ᠢ ᠪᠤᠶᠢᠵᠢᠭᠤᠯᠤᠨ | ᠪᠤᠵᠠᠭᠠᠶᠢᠷᠠᠭᠤᠯᠬᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢ ᠪᠤᠶᠢᠵᠢᠭᠤᠯᠬᠤ ᠲᠥᠯᠥᠪᠯᠡᠭᠡ ᠪᠠ ᠰᠢᠨ᠎ᠡ | ᠬᠡᠯᠪᠡᠷᠢ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠭᠴᠢ ᠶᠢ ᠪᠤᠶᠢᠵᠢᠭᠤᠯᠬᠤ ᠢᠨᠵᠧᠨᠧᠷᠢᠩ ᠢ | ᠬᠡᠷᠡᠭᠵᠢᠭᠦᠯᠦᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠠᠶᠢᠭᠤᠯᠵᠤ᠂ | ᠵᠢᠯ ᠤᠨ ᠳᠣᠲᠣᠷ᠎ᠠ 150 ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠦᠨ᠂ 4.5 | ᠲᠦᠮᠡᠨ ᠬᠥᠮᠦᠨ ︵ᠤᠳᠠᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ | ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ︽ᠳᠣᠯᠤᠭᠠᠨ ᠵᠠᠰᠠᠯᠲᠠ ᠶᠢ ᠠᠭᠤᠰᠤᠯᠴᠠᠭᠤᠯᠬᠤ︾ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠲᠣᠭᠤᠷᠢᠨ ᠳᠤ᠂ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠤᠨ | ᠦᠢᠯᠡᠳᠦᠯᠭᠡᠵᠢᠭᠦᠯᠵᠦ᠂ ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠤᠨ ᠰᠤᠷᠲᠠᠯ᠂ ᠪᠣᠷᠣᠭᠵᠢᠭᠤᠨ | ᠠᠷᠠᠳ ᠤᠨ ᠰᠤᠷᠲᠠᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠤᠯᠠᠨ ᠲᠦᠮᠡᠨᠴᠢ | ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠵᠤ᠂ ᠭᠠᠴᠠᠭᠠᠨ ᠤ ᠶᠠᠪᠤᠳᠠᠯ ᠳᠤ ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠵᠠᠩ ᠳᠠᠳᠬᠠᠯ ᠢ ᠥᠭᠡᠷᠡᠴᠢᠯᠡᠬᠦ ᠶᠢ ᠶᠡᠬᠡᠪᠡᠷ ᠥᠷᠨᠢᠭᠦᠯᠵᠦ᠂ ᠲᠣᠰᠬᠤᠨ ᠤ ᠲᠦᠷᠢᠮ | ᠠᠷᠠᠳ ᠤᠨ ᠭᠡᠷ᠎ᠡ᠂ ᠤᠯᠠᠭᠠᠨ ᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠵᠡᠷᠭᠡ ᠬᠥᠳᠡᠭᠡ ᠲᠣᠰᠬᠤᠨ ᠤ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠬᠥᠳᠡᠭᠡ | ᠲᠣᠰᠬᠤᠨ ᠤ ᠣᠶᠤᠨ ᠰᠠᠨᠠᠭᠠᠨ ᠤ ᠳᠦᠷᠰᠦ ᠪᠠᠶᠢᠳᠠᠯ ᠤᠨ ᠡᠷᠡᠭᠦᠯ ᠥᠭᠡᠳᠡᠷᠬᠡᠭ ᠪᠠᠶᠢᠬᠤ ᠶᠢ ᠠᠬᠢᠭᠤᠯᠤᠨ᠎ᠠ᠃ | ︵ᠬᠤᠶᠠᠷ︶ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠷᠢᠮᠲᠠᠯᠠᠵᠤ᠂ ᠶᠠᠰᠤ ᠴᠢᠨᠠᠷ | ᠦᠷ᠎ᠡ ᠠᠰᠢᠭ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ | ᠪᠠᠶᠢᠭᠤᠯᠤᠨ᠎ᠠ | ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠤᠨ ᠬᠥᠭᠵᠢᠭᠦᠯᠦᠨ᠎ᠡ᠃ ᠣᠷᠣᠨ ᠤ ᠲᠥᠪ | ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠣᠷᠣᠨ ᠪᠦᠰᠡ ᠶᠢᠨ ᠴᠢᠨᠠᠷᠲᠠᠶ ᠲᠥᠪ ᠬᠤᠲᠠ︾ ᠶᠢᠨ | ᠬᠥᠭᠵᠢᠯᠲᠡ ᠶᠢᠨ ᠬᠡᠰᠡᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ︽ᠳᠥᠷᠪᠡᠨ ᠠᠵᠤ ᠦᠢᠯᠡᠰ ᠤᠨ | ᠬᠡᠯᠬᠢᠶ᠎ᠡ︾ ᠶᠢ ᠴᠢᠩᠭ᠎ᠠ ᠠᠳᠬᠤᠵᠤ᠂ ᠢᠳᠡᠭᠡᠨ ᠤ ᠮᠥᠭᠦ᠂ ᠲᠥᠮᠥᠰᠥ᠂ ᠨᠣᠬᠠᠶ ᠶᠢᠨ ᠬᠤᠰᠢᠭᠤ᠂ ᠶᠠᠰᠤᠨ ᠬᠤᠨᠢ | ᠵᠡᠷᠭᠡ ᠳᠠᠪᠠᠭᠤᠯᠢᠭ ᠠᠵᠤ ᠦᠢᠯᠡᠰ ᠲᠤ ᠲᠦᠰᠢᠭᠯᠡᠨ᠂ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ | ᠨᠥᠬᠦᠪᠥᠷᠢᠯᠡᠬᠦ᠂ ᠬᠡᠯᠬᠢᠶᠡᠰᠦ ᠶᠢ ᠴᠢᠩᠭᠠᠳᠬᠠᠬᠤ ᠪᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠳᠣᠷᠣᠭᠰᠢ | ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠬᠦ ᠶᠢ ᠪᠡᠶᠡᠯᠡᠭᠦᠯᠦᠨ᠎ᠡ᠃ ᠶᠠᠨ ᠬᠥ᠋ ᠹᠠᠩ ᠤᠨ ︽ᠲᠠᠯ᠎ᠠ | ᠨᠤᠲᠤᠭ ᠤᠨ ᠡᠭᠦᠳᠡ︾ ᠶᠢᠨ ᠬᠤᠶᠠᠳᠤᠭᠠᠷ ᠬᠤᠭᠤᠴᠠᠭ᠎ᠠ᠂ ᠱᠣ᠋ ᠶᠤᠸᠠᠨ ᠺᠠᠩ ᠲᠥᠮᠥᠰᠥ ᠶᠢᠨ ᠨᠠᠷᠢᠯᠢᠭ | ᠴᠠᠷᠳᠠᠭᠤᠯ ᠢ ᠡᠳ᠋ᠰᠢᠭᠦᠯᠬᠦ᠂ ᡁᠢ ᠪᠠᠩ ᠠᠮᠤ ᠪᠤᠳᠠᠭᠠᠨ ᠤ ᠨᠣᠬᠠᠶ ᠶᠢᠨ ᠬᠤᠰᠢᠭᠤ ᠡᠳ᠋ᠰᠢᠭᠦᠯᠬᠦ᠂ ᠵᠢᠶᠧ ᠲᠠᠢ ᠨᠦᠸᠧ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠰᠠᠨ ᠽᠢ ᠡᠮ ᠤᠨ ᠦᠢᠯᠡᠰ᠂ ᠶᠢᠦ ᠯᠢ ᠺᠠ ᠰᠦᠨ | ᠪᠦᠲᠦᠭᠡᠭᠳᠡᠬᠦᠨ ᠡᠳ᠋ᠰᠢᠭᠦᠯᠬᠦ᠂ ᠶᠤᠸᠠᠨ ᠲᠤᠩ ᠤᠲᠤᠮᠠᠯ ᠮᠢᠬ᠎ᠠ᠂ ᠶᠠᠨ ᠴᠢᠶᠤᠤ ᠶᠤᠸᠠᠨ ᠭᠤᠯᠢᠷ᠂ ᠫᠦ᠋ ᠵᠧᠨ ᠴᠠᠭᠠᠨ | ᠢᠳᠡᠭᠡᠨ᠂ ᠠᠮᠢᠨ ᠭᠤᠣᠯ ᠬᠠᠲᠠᠭᠠᠮᠠᠯ ᠦᠬᠡᠷ ᠤᠨ ᠮᠢᠬ᠎ᠠ ᠵᠡᠷᠭᠡ ᠲᠥᠷᠥᠯ ᠵᠦᠢᠯ ᠢ ᠵᠢᠯ ᠤᠨ ᠡᠴᠦᠰ ᠠᠴᠠ ᠡᠮᠦᠨ᠎ᠡ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠪᠥᠬᠦ ᠲᠠᠯ᠎ᠠ ᠪᠠᠷ | ᠲᠦᠷᠭᠡᠳᠬᠡᠵᠦ᠂ ᠵᠥᠩ ᠵᠢᠶᠠᠨ ᠪᠦᠦ ᠬᠤᠨᠴᠢᠷ ᠡᠳ᠋ᠰᠢᠭᠦᠯᠬᠦ᠂ ᠰᠢᠨ ᠹᠧᠩ ᠪᠦᠦ ᠯᠢ ᠪᠤᠭᠤᠳᠠᠢ ᠠᠮᠤ ᠡᠳ᠋ᠰᠢᠭᠦᠯᠬᠦ᠂ | ᠴᠢᠶᠤᠤ ᠮᠠ ᠮᠠ ᠴᠠᠭᠠᠨ ᠼᠤᠤ ᠨᠡᠷᠡᠬᠦ ᠵᠡᠷᠭᠡ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠡᠷᠲᠡᠬᠡᠨ ᠡᠬᠢᠯᠡᠭᠦᠯᠬᠦ ᠶᠢ | ᠠᠬᠢᠭᠤᠯᠤᠨ᠎ᠠ᠃ ᠠᠷᠢᠭᠤᠨ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ ᠮᠧᠩ ᠨᠧᠩ ᠰᠠᠯᠬᠢᠨ ᠬᠦᠴᠦᠨ ᠤ | ᠴᠠᠬᠢᠯᠭᠠᠨ ᠤ ᠢᠯᠴᠢ ᠬᠠᠩᠭᠠᠬᠤ ᠲᠥᠷᠥᠯ ᠵᠦᠢᠯ ᠤᠨ ᠲᠣᠤᠷ ᠰᠦᠯᠵᠢᠶ᠎ᠡ ᠶᠢ ᠲᠦᠷᠭᠡᠬᠡᠨ ᠨᠡᠶᠢᠯᠡᠭᠦᠯᠬᠦ ᠶᠢ | ᠠᠬᠢᠭᠤᠯᠵᠤ᠂ ᠬᠤᠸᠠ ᠢ ᠶᠢᠨ ᠰᠠᠯᠬᠢᠨ ᠡᠨᠧᠷᠭᠢ ᠶᠢᠨ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ᠂ | ᠲᠣᠮᠣ ᠠᠭᠠᠷ ᠤᠨ ᠠᠶᠠᠯᠠᠯ ᠤᠨ ᠪᠢᠴᠢᠯ ᠴᠠᠬᠢᠯᠭᠠᠨ ᠲᠣᠤᠷ ᠤᠨ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ | ᠴᠠᠬᠢᠯᠭᠠᠨ᠂ ᠲᠢᠶᠠᠨ ᠬᠤᠶ ᠹᠧᠩ ᠰᠢᠨ᠎ᠡ ᠡᠨᠧᠷᠭᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ | ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠎ᠡ᠃ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠵᠢᠤᠢ ᠶᠢᠨ ᠱᠠᠨ ᠠᠭᠤᠷᠬᠠᠶ ᠶᠢᠨ ᠣᠷᠣᠨ ᠤ ᠭᠠᠷᠳᠠᠮ ᠢ | ᠭᠦᠢᠴᠡᠳᠬᠡᠬᠦ ᠠᠬᠢᠴᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠾᠧᠪᠸᠢ ᠶᠢᠨ ᠵᠡᠭᠦᠨ ᠬᠡᠰᠡᠭ ᠤᠨ | ᠱᠦᠢᠨᠢ ᠶᠢᠨ ᠬᠡᠪ ᠤᠨ ᠡᠵᠡᠩᠨᠡᠯᠲᠡ ᠶᠢ ᠠᠬᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠠᠮᠢᠵᠢᠷᠠᠯ ᠤᠨ | ᠬᠦᠴᠦᠨ ᠢ ᠥᠭᠡᠷᠡᠴᠢᠯᠡᠨ ᠳᠡᠭᠡᠭᠰᠢᠯᠡᠭᠦᠯᠵᠦ᠂ ᠡᠤ ᠯᠠᠨ ᠱᠦᠢᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠥᠷᠥᠯ ᠵᠦᠢᠯ ᠢ ᠰᠠᠶᠢᠲᠤᠷ ᠬᠢᠨ᠎ᠠ᠃ ᠭᠡᠷ᠎ᠡ ᠲᠣᠭᠲᠠᠬᠤ ᠲᠦᠷᠦᠯ ᠵᠦᠢᠯ ᠢ ᠴᠢᠩᠭ᠎ᠠ ᠠᠳᠬᠤᠵᠤ | ᠪᠣᠳᠠᠲᠠᠢ ᠠᠳᠬᠤᠵᠤ᠂ ᠵᠧᠩ ᠲᠠᠢ ᠪᠦᠯᠦᠭᠯᠡᠯ᠂ ᠴᠢᠩᠳᠣᠤ ᠶᠢᠨ ᠲᠢᠶᠠᠨ ᠨᠧᠩ ᠬᠦᠨᠳᠦ ᠠᠵᠤ ᠦᠢᠯᠡᠳᠪᠦᠷᠢ᠂ | ᠳ᠋ᠦᠩ ᠹᠠᠩ ᠡᠨᠧᠷᠭᠢ᠂ ᠵᠢᠢ ᠳ᠋ᠢᠶᠠᠨ ᠰᠢᠨ᠎ᠡ ᠡᠨᠧᠷᠭᠢ᠂ ᠳ᠋ᠠ ᠲᠠᠩ᠂ ᠶᠤᠸᠠᠨ ᠵᠢᠩ᠂ ᠰᠢᠶᠧ ᠾᠧ ᠰᠢᠨ᠎ᠡ | ᠡᠨᠧᠷᠭᠢ ᠵᠡᠷᠭᠡ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠶᠡᠬᠡᠪᠡᠷ ᠬᠥᠭᠵᠢᠭᠦᠯᠵᠦ᠂ ︽ᠬᠠᠩᠭᠠᠨ ᠪᠣᠷᠣᠯᠠᠭᠤᠯᠬᠤ e +︾ ᠠᠵᠢᠯ ᠢ ᠢᠳᠡᠪᠬᠢᠲᠡᠶ ᠠᠬᠢᠭᠤᠯᠤᠨ᠂ | ᠰᠢᠶᠠᠩ ᠪᠠᠯᠭᠠᠰᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠥᠷᠲᠡᠭᠡ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠲᠦᠷᠭᠡᠨ ᠬᠦᠷᠭᠡᠯᠲᠡ ᠶᠢ ᠬᠥᠳᠡᠭᠡ ᠲᠣᠰᠬᠤᠨ ᠳᠤ | ᠣᠷᠣᠭᠤᠯᠬᠤ ᠶᠢ ᠪᠡᠶᠡᠯᠡᠭᠦᠯᠦᠨ᠎ᠡ᠃ ᠨᠥᠯᠥᠭᠡᠯᠡᠬᠦ ᠬᠦᠴᠦᠨ ᠲᠠᠢ ᠡᠯᠧᠺᠲᠷᠣᠨ ᠬᠤᠳᠠᠯᠳᠤᠭᠠᠨ ᠤ ᠪᠦᠯᠦᠭᠯᠡᠯ ᠢ | ᠦᠷᠭᠦᠯᠵᠢᠯᠡᠨ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠎ᠠ᠃ | | ᠠᠵᠤ ᠦᠢᠯᠡᠰ ᠤᠨ ᠪᠦᠲᠦᠴᠡ ᠶᠢᠨ ᠳᠡᠰ ᠳᠡᠪᠰᠢᠯᠲᠡ ᠶᠢ ᠴᠢᠩᠭᠠᠳᠬᠠᠨ᠎ᠠ᠃ ᠲᠠᠷᠢᠶᠠᠯᠠᠩ ᠤᠨ | ᠣᠳᠣᠬᠢᠴᠢᠯᠠᠯᠲᠠ ᠶᠢ ᠶᠡᠬᠡᠪᠡᠷ ᠲᠦᠯᠬᠢᠨ ᠠᠬᠢᠭᠤᠯᠵᠤ᠂ ︽ᠭᠤᠷᠪᠠᠨ ᠰᠢᠶᠠᠩ︾ ᠢ ᠡᠭᠦᠳᠦᠨ ᠪᠠᠶᠢᠭᠤᠯᠬᠤ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠶᠤᠸᠠᠨ ᠸᠧᠢ ᠦᠴᠤᠸᠠᠨ︾ ᠪᠣᠬᠢᠷᠲᠤᠯ ᠦᠭᠡᠢ ᠣᠷᠭᠠᠨᠢᠭ | ᠪᠦᠲᠦᠭᠡᠭᠳᠡᠬᠦᠨ ᠤ ᠨᠡᠷᠡᠳᠤ ᠲᠡᠮᠳᠡᠭ ᠢ ᠳᠠᠭᠤᠷᠢᠰᠤᠭᠤᠯᠤᠨ᠎ᠠ᠃ ᠵᠢᠯ ᠤᠨ ᠳᠣᠲᠣᠷ᠎ᠠ ᠨᠣᠬᠠᠶ ᠶᠢᠨ ᠬᠤᠰᠢᠭᠤ 25 | ᠲᠦᠮᠡᠨ ᠮᠥ᠂ ᠰᠠᠭᠠᠭ ᠤᠨ ᠨᠦᠢᠯ ᠪᠤᠭᠤᠳᠠᠶ 8 ᠲᠦᠮᠡᠨ ᠮᠥ ᠳᠠᠷᠢᠨ᠎ᠠ᠃ ᠦᠷ᠎ᠡ ᠶᠢᠨ ᠲᠥᠮᠥᠰᠥ ᠶᠢᠨ ᠰᠠᠭᠤᠷᠢᠨ | ᠭᠠᠵᠠᠷ ᠢ 10 ᠶᠢ ᠪᠥᠲᠥᠭᠡᠨ ᠪᠠᠶᠢᠭᠤᠯᠵᠤ᠂ ᠣᠷᠭᠠᠨᠢᠭ ᠲᠥᠮᠥᠰᠥ ᠶᠢᠨ ᠰᠠᠭᠤᠷᠢᠨ ᠭᠠᠵᠠᠷ ᠢ 50 ᠶᠢ ᠪᠠᠶᠢᠭᠤᠯᠤᠨ᠂ | ᠬᠤᠤᠷ ᠥᠬᠡᠶᠢᠳᠡᠭᠦᠯᠦᠭᠰᠡᠨ ᠲᠥᠮᠥᠰᠥ ᠶᠢ ᠳᠡᠯᠭᠡᠷᠡᠭᠦᠯᠬᠦ ᠲᠠᠯᠠᠪᠠᠶ ᠶᠢ 90% ᠠᠴᠠ ᠳᠡᠭᠡᠭᠰᠢ ᠳᠤ ᠬᠦᠷᠦᠭᠦᠯᠦᠨ᠎ᠡ᠃ | ᠠᠯᠠᠰᠢᠨ ᠬᠤᠨᠢᠨ ᠤ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ 20᠂ ᠪᠠᠷᠢᠮᠵᠢᠶᠠᠵᠢᠭᠤᠯᠤᠭᠰᠠᠨ | ᠲᠡᠵᠢᠭᠡᠨ ᠦᠷᠡᠵᠢᠭᠦᠯᠬᠦ ᠲᠠᠯᠠᠪᠠᠶ 10᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ | ᠲᠠᠯᠠᠪᠠᠶ ︵ᠡᠷᠦᠬᠡ︶ ᠶᠢ 10 ᠰᠢᠨ᠎ᠡ ᠪᠠᠷ ᠪᠠᠶᠢᠭᠤᠯᠤᠨ᠎ᠠ᠃ ᠬᠦᠯᠡᠮᠵᠢ ᠶᠢᠨ ᠬᠡᠪ ᠤᠨ ᠡᠵᠡᠩᠨᠡᠯᠲᠡ ᠶᠢ ᠠᠬᠢᠭᠤᠯᠵᠤ᠂ | ᠢᠳᠡᠭᠡᠨ ᠤ ᠮᠥᠭᠦ ᠶᠢᠨ ᠠᠵᠤ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠠᠶᠢᠴᠢᠯᠠᠨ᠎ᠠ᠃ 4.5 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ 10 ᠲᠦᠮᠡᠨ ᠮᠥ | ᠡᠭᠡᠯᠵᠢᠯᠡᠨ ᠳᠠᠷᠢᠬᠤ ᠶᠢ ᠲᠤᠷᠰᠢᠨ ᠠᠬᠢᠭᠤᠯᠤᠨ᠎ᠠ᠃ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠣᠭᠠᠨ ᠤ | ᠬᠠᠷᠢᠴᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢ 6 ᠲᠦᠮᠡᠨ ᠮᠥ | ᠳᠠᠷᠢᠬᠤ ᠶᠢ ᠥᠷᠭᠡᠳᠬᠡᠨ᠎ᠡ᠃ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠶᠠᠰᠤ | ᠴᠢᠨᠠᠷ ᠢᠶᠠᠷ ᠰᠢᠶᠠᠨ ᠢ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠪᠤᠶᠢᠵᠢᠭᠤᠯᠤᠨ ᠬᠠᠮᠠᠭᠠᠯᠠᠬᠤ ᠶᠢ ᠴᠢᠩᠭᠠᠳᠬᠠᠵᠤ᠂ ︽ᠨᠣᠬᠠᠶ ᠶᠢᠨ ᠬᠤᠰᠢᠭᠤ ᠶᠢᠨ ᠨᠤᠲᠤᠭ︾ ᠤᠨ | ᠳᠠᠪᠠᠭᠤᠯᠢᠭ ᠢ ᠪᠠᠳᠠᠷᠠᠭᠤᠯᠤᠨ᠂ ᠪᠣᠬᠢᠷᠲᠤᠯ ᠥᠬᠡᠶ᠂ ᠣᠷᠭᠠᠨᠢᠭ ᠢᠳᠡᠭᠡᠨ ᠤ ᠭᠡᠷᠡᠴᠢᠯᠡᠭᠡ ᠶᠢ ᠲᠦᠷᠭᠡᠳᠬᠡᠵᠦ᠂ | ᠪᠦᠲᠦᠭᠡᠭᠳᠡᠬᠦᠨ ᠤ ᠶᠠᠰᠤ ᠴᠢᠨᠠᠷ ᠤᠨ ᠮᠥᠷᠳᠡᠵᠦ ᠪᠣᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ︽ᠦᠴᠤᠸᠠᠨ ᠤ ᠬᠤᠨᠴᠢᠷ︾ ᠤᠨ ᠡᠮᠲᠦ ᠢᠳᠡᠭᠡᠨ ᠤ ᠭᠠᠷᠤᠯ ᠨᠢᠭᠡᠲᠡᠶ ᠲᠤᠷᠰᠢᠯᠲᠠ ᠶᠢᠨ ᠰᠢᠶᠠᠨ ᠤ | ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠡᠵᠡᠩᠨᠡᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠭᠦᠨᠵᠡᠭᠡᠶ ᠠᠭᠤᠰᠤᠯᠴᠠᠭᠤᠯᠬᠤ ᠶᠢ ᠬᠡᠷᠡᠭᠵᠢᠭᠦᠯᠦᠨ᠂ ᠰᠦᠯᠵᠢᠶᠡᠨ ᠳᠡᠭᠡᠷ᠎ᠡ | ᠭᠦᠢᠴᠡᠳᠬᠡᠵᠣ ᠪᠣᠯᠬᠤ ᠨᠣᠷᠮ᠎ᠠ ᠶᠢ 90% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠪᠡᠶᠡᠯᠡᠭᠦᠯᠦᠨ᠎ᠡ᠃ ︽ | ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ | ᠭᠦᠨᠵᠡᠭᠡᠶᠢᠷᠡᠭᠦᠯᠦᠨ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠴᠣᠮᠬᠠᠳᠬᠠᠵᠤ᠂ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ ᠪᠠᠭᠠᠰᠬᠠᠨ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ᠃ ᠰᠢᠶᠠᠩ | ᠪᠠᠯᠭᠠᠰᠤᠨ ᠤ ᠠᠷᠠᠳ ᠲᠦᠮᠡᠨ ᠳᠤ ᠦᠢᠯᠡᠴᠢᠯᠡᠬᠦ ᠦᠷᠳᠡᠭᠡ᠂ ᠲᠣᠰᠬᠤᠨ ︵ᠨᠡᠶᠢᠭᠡᠮ ᠲᠣᠭᠤᠷᠢᠭ︶ ᠤ ᠠᠷᠠᠳ | ᠲᠦᠮᠡᠨ ᠳᠤ ᠦᠢᠯᠡᠴᠢᠯᠡᠬᠦ ᠴᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠴᠤᠤᠷᠢᠶᠠᠲᠤᠨ ᠲᠠᠭᠠᠬᠤ ᠪᠠ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠥᠪ ᠭᠤᠣᠯᠴᠢ ᠪᠠᠷ ᠥᠷᠢᠰᠥᠯᠳᠦᠬᠦ ᠣᠷᠴᠢᠨ ᠨᠥᠬᠦᠴᠡᠯ ᠢ ᠡᠭᠦᠳᠦᠨ ᠪᠠᠶᠢᠭᠤᠯᠵᠤ᠂ ᠠᠵᠢᠯ | ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ ᠬᠠᠤᠯᠢ ᠲᠣᠭᠲᠠᠭᠠᠯ ᠢ ᠵᠥᠷᠢᠴᠡᠭᠰᠡᠨ ᠡᠯ᠎ᠡ ᠵᠦᠢᠯ ᠤᠨ | ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ 12345 ︽ᠵᠠᠭᠠᠯᠳᠤᠯᠭ᠎ᠠ ᠶᠢ ᠬᠦᠯᠢᠶᠡᠨ | ᠠᠪᠤᠪᠠᠯ ᠳᠠᠷᠤᠶ ᠰᠢᠢᠳᠪᠦᠷᠢᠯᠡᠬᠦ︾ ᠬᠤᠪᠢᠶᠠᠷᠢ ᠲᠥᠪ ᠤᠨ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ | ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ︽ᠵᠠᠭᠠᠯᠳᠤᠯᠭ᠎ᠠ ᠶᠢ ᠬᠦᠯᠢᠶᠡᠨ | ᠠᠪᠤᠪᠠᠯ ᠳᠠᠷᠤᠶ ᠰᠢᠢᠳᠪᠦᠷᠢᠯᠡᠬᠦ︾ ᠪᠠ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠨ᠎ᠠ᠃ ᠤᠬᠠᠮᠰᠠᠷ ᠠᠴᠠ ᠪᠠᠨ ᠬᠠᠤᠯᠢᠵᠢᠯ ᠤᠨ ᠰᠡᠳᠬᠢᠬᠦᠢ | ᠪᠠ ᠬᠠᠤᠯᠢᠵᠢᠯ ᠤᠨ ᠠᠷᠭ᠎ᠠ ᠬᠡᠯᠪᠡᠷᠢ ᠶᠢ ᠬᠡᠷᠡᠭᠯᠡᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠷᠭᠦᠯᠵᠢᠯᠡᠨ | ᠰᠢᠯᠢᠳᠡᠭᠵᠢᠬᠦ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ︽ᠡᠷᠬᠡ ᠴᠢᠯᠥᠭᠡ ᠪᠠᠨ ᠤᠯᠬᠤ | ᠳᠠᠶᠢᠯᠠᠯᠳᠤᠭᠠᠨ︾ ᠤ ᠢᠯᠠᠯᠲᠠ ᠶᠢ ᠵᠠᠪᠠᠯ ᠣᠯᠵᠤ᠂ ︽ᠠᠵᠢᠯ ᠶᠠᠪᠤᠳᠠᠯ ᠪᠦᠲᠦᠭᠡᠬᠦ ᠳᠤ ᠬᠥᠮᠦᠨ ᠢ ᠱᠠᠭᠠᠷᠳᠠᠬᠤ | ᠦᠭᠡᠢ᠂ ᠲᠦᠷᠦᠯ ᠵᠦᠢᠯ ᠢ ᠨᠠᠶᠢᠳᠠᠪᠤᠷᠢᠵᠢᠭᠤᠯᠵᠤ ᠴᠢᠳᠠᠬᠤ︾ ᠦᠴᠤᠸᠠᠨ ᠤ ᠰᠢᠨ᠎ᠡ ᠲᠦᠷᠢ ᠲᠥᠷᠬᠦ ᠶᠢ ᠪᠦᠬᠦ | ᠬᠦᠴᠦᠨ ᠢᠶᠠᠷ ᠢᠶᠠᠨ ᠴᠣᠭᠴᠠᠯᠠᠨ᠎ᠠ᠃ | ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠡᠷᠬᠡ ᠰᠡᠳᠦᠪ ᠢ ᠰᠢᠢᠳᠪᠦᠷᠢᠯᠡᠬᠦ | ᠲᠠᠶᠢᠨ ᠢ ᠡᠬᠢᠯᠡᠭᠦᠯᠦᠨ᠎ᠡ᠃ ︽ᠶᠡᠭᠡ ᠪᠠᠷ ᠬᠤᠳᠠᠯᠳᠤᠭᠠᠴᠢᠨ ᠤᠷᠢᠬᠤ᠂ ᠥᠷᠭᠡᠨ ᠢᠶᠠᠷ ᠬᠤᠳᠠᠯᠳᠤᠭᠠᠴᠢᠨ ᠤᠷᠢᠬᠤ︾ | ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠪᠣᠬᠢᠷᠲᠤᠯ ᠥᠬᠡᠶ ᠬᠥᠭᠵᠢᠭᠦᠯᠬᠦ ᠱᠠᠭᠠᠷᠳᠠᠯᠭ᠎ᠠ | ᠶᠣᠰᠣᠭᠠᠷ᠂ ᠭᠤᠤᠯᠯᠠᠬᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ᠵᠠᠮ ᠱᠤᠭᠤᠮ ᠤᠨ ᠵᠢᠷᠤᠭ ᠢ | ᠨᠠᠶᠢᠷᠠᠭᠤᠯᠤᠨ ᠵᠣᠬᠢᠶᠠᠵᠤ᠂ ᠳᠠᠭᠠᠭᠤᠯᠤᠭᠴᠢ ᠠᠵᠤ ᠠᠬᠤᠶᠢᠯᠠᠯ᠂ ᠬᠤᠯᠪᠣᠭᠳᠠᠬᠤ ᠠᠵᠤ ᠠᠬᠤᠶᠢᠯᠠᠯ᠂ ᠡᠭᠦᠰᠦᠮᠡᠯ | ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠡᠭᠴᠡ | ᠨᠡᠶᠢᠯᠡᠯᠲᠡ ᠶᠢᠨ ᠬᠡᠮᠵᠢᠶ᠎ᠡ ᠪᠠ ᠠᠵᠤ ᠦᠢᠯᠡᠰ ᠤᠨ ᠠᠭᠤᠰᠤᠯᠴᠠᠯ ᠤᠨ ᠬᠠᠷᠢᠯᠴᠠᠨ ᠨᠥᠬᠦᠪᠥᠷᠢᠯᠡᠬᠦ ᠴᠢᠨᠠᠷ ᠢ | ᠳᠡᠭᠡᠭᠰᠢᠯᠡᠭᠦᠯᠦᠨ᠎ᠡ᠃ ᠲᠤᠭ᠎ᠠ ᠬᠡᠮᠵᠢᠶ᠎ᠡ᠂ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ᠂ ᠠᠵᠤ ᠠᠬᠤᠶ ᠶᠢᠨ ᠦᠷ᠎ᠡ | ᠠᠰᠢᠭ᠂ ᠠᠮᠢ ᠠᠬᠤᠶ ᠶᠢᠨ ᠦᠷ᠎ᠡ ᠠᠰᠢᠭ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠪᠠᠯᠠ | ᠣᠷᠣᠭᠤᠯᠤᠯᠲᠠ ᠶᠢᠨ ᠪᠣᠳᠠᠲᠤ ᠬᠦᠴᠦᠨ ᠢᠶᠠᠷ ᠴᠢᠩᠭ᠎ᠠ᠂ ᠠᠵᠤ ᠦᠢᠯᠡᠰ ᠤᠨ ᠬᠡᠲᠦ ᠶᠢᠨ ᠲᠥᠯᠥᠪ ᠢᠶᠠᠷ ᠰᠠᠶᠢᠨ᠂ | ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠠᠮᠤᠷ ᠲᠦᠪᠰᠢᠨ ᠣᠷᠴᠢᠨ ᠲᠣᠭᠤᠷᠢᠨ ᠤ | ᠬᠠᠮᠠᠭᠠᠯᠠᠯᠲᠠ ᠪᠠᠷ ᠰᠢᠯᠢᠳᠡᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ ᠲᠥᠷᠥᠯ ᠵᠦᠢᠯ ᠢ ᠴᠢᠩᠭ᠎ᠠ | ᠠᠩᠬᠠᠷᠬᠤ ᠬᠡᠷᠡᠭᠲᠡᠶ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ︽ᠨᠢᠭᠡᠳᠦᠭᠡᠷ ᠭᠠᠷ ᠤᠨ ᠢᠨᠵᠧᠨᠧᠷᠢᠩ︾ ᠢ | ᠪᠠᠷᠢᠮᠲᠠᠯᠠᠨ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ | ᠪᠥᠬᠦ ᠭᠠᠵᠠᠷ ᠣᠷᠣᠨ᠂ ᠪᠥᠬᠦ ᠬᠦᠴᠦᠨ ᠵᠦᠢᠯ᠂ ᠪᠥᠬᠦ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ | ᠤᠷᠢᠬᠤ ᠶᠢ ᠪᠠᠷᠢᠮᠲᠠᠯᠠᠨ᠂ ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠳᠬᠦ ᠪᠠ ᠳᠠᠪᠠᠵᠤ ᠭᠠᠷᠬᠤ᠂ | ᠲᠡᠷᠢᠭᠦᠨ ᠳᠤ ᠣᠷᠣᠬᠤ ᠪᠠᠷ ᠴᠢᠷᠮᠠᠶᠢᠬᠤ ᠠᠷᠠᠯᠵᠢᠶᠠᠴᠢᠨ ᠤᠷᠢᠬᠤ ᠠᠭᠤᠷ ᠠᠮᠢᠰᠬᠤᠯ ᠢ ᠪᠣᠶ ᠪᠣᠯᠭᠠᠨ᠎ᠠ᠃ | ︵ᠭᠤᠷᠪᠠ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ | ᠵᠦᠢᠯᠡᠰ ᠢ ᠨᠥᠬᠦᠪᠥᠷᠢᠯᠡᠬᠦ ᠪᠠᠷ ᠴᠢᠷᠮᠠᠶᠢᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠤ | ᠰᠢᠨ᠎ᠡ ᠳᠠᠪᠠᠭᠤᠯᠢᠭ ᠢ ᠳᠡᠭᠡᠭᠰᠢᠯᠡᠭᠦᠯᠦᠨ᠎ᠡ | ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠶ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠲᠤᠤᠱᠯᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ | ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠲᠤᠪᠤᠶᠢᠯᠭᠠᠨ᠂ | ᠬᠤᠳᠠ ᠶᠢᠨ ᠲᠣᠭᠤᠷᠢᠭ ᠪᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠤᠸᠠᠷ ᠫᠤᠤᠵᠢᠩ ᠲᠠᠯᠪᠢᠬᠤ ᠶᠢ | ᠴᠠᠭᠠᠵᠠᠯᠠᠬᠤ ᠠᠵᠢᠯ ᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠵᠢᠯ ᠤᠨ ᠭᠠᠵᠠᠷ ᠲᠤ ︽6 ᠵᠠᠭᠤᠨ ᠤ ᠵᠠᠭᠤ︾ | ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ | ᠭᠠᠳᠠᠭᠰᠢᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠰᠢᠶᠠᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠤᠨ᠎ᠠ᠃ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠵᠦ᠂ ᠬᠤᠲᠠ ᠪᠠᠯᠭᠠᠰᠤ ᠶᠢᠨ ᠪᠣᠬᠢᠷ | ᠤᠰᠤᠨ ᠤ ᠬᠤᠭᠤᠯᠠᠶ ᠶᠢᠨ ᠲᠣᠤᠷ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠪᠣᠬᠢᠷ | ᠤᠰᠤ ᠶᠢ ᠵᠠᠰᠠᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ | ᠣᠷᠣᠨ ᠤ ᠬᠠᠮᠠᠭᠠᠯᠠᠯᠲᠠ ᠶᠢᠨ ᠣᠷᠣᠨ ᠤ ᠣᠷᠴᠢᠨ ᠠᠬᠤᠶ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ | ᠤᠰᠤᠨ ᠤ ᠴᠢᠨᠠᠷ ᠢ ᠪᠦᠬᠦ ᠵᠢᠯ ᠳᠤ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠢ | ᠴᠢᠩᠭᠠᠳᠬᠠᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ | ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠠᠪᠤᠨ ᠰᠠᠮᠠᠭᠤᠷᠠᠯ ᠢ ᠠᠷᠢᠯᠭᠠᠬᠤ︾ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠬᠢᠷ ᠤᠰᠤ ᠶᠢ ᠰᠢᠭᠤᠳ ᠭᠠᠳᠠᠭᠰᠢᠯᠠᠭᠤᠯᠬᠤ ᠶᠢ ᠪᠦᠬᠦ ᠲᠠᠯ᠎ᠠ ᠪᠠᠷ | ᠪᠠᠶᠢᠴᠠᠭᠠᠨ ᠪᠢᠲᠡᠭᠦᠮᠵᠢᠯᠡᠵᠦ᠂ ᠪᠦᠬᠦ ᠲᠠᠯ᠎ᠠ ᠪᠠᠷ ᠬᠤᠷᠢᠭᠯᠠᠨ ᠵᠣᠭᠰᠣᠭᠠᠨ᠎ᠠ᠃ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠦᠷᠭᠦᠯᠵᠢᠯᠡᠨ ᠵᠠᠰᠠᠵᠤ᠂ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠭᠡᠭᠰᠢᠯᠡᠭᠦᠯᠵᠦ᠂ ᠬᠥᠷᠥᠰᠥ ᠰᠢᠷᠣᠶ ᠶᠢᠨ | ᠣᠷᠴᠢᠨ ᠠᠬᠤᠶ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠤᠭ ᠨᠣᠪᠰᠢ ᠶᠢ ᠲᠦᠷᠦᠯ ᠬᠤᠪᠢᠶᠠᠨ | ᠰᠢᠢᠳᠪᠦᠷᠢᠯᠡᠬᠦ ᠪᠦᠲᠦᠮᠵᠢᠲᠡᠶ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠠᠮᠢ ᠠᠬᠤᠶ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠨ᠎ᠠ᠃ | ᠪᠥᠬᠦ ᠣᠷᠣᠨ ᠪᠦᠰᠡ ᠶᠢᠨ ᠠᠮᠢ ᠠᠬᠤᠶ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠣᠶ | ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠳᠤ ᠲᠦᠰᠢᠭᠯᠡᠨ᠂ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ | ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠶᠡᠬᠡᠪᠡᠷ ᠳᠥᠯᠭᠢᠨ ᠠᠬᠢᠭᠤᠯᠵᠤ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠡᠷᠭᠡ | ᠡᠯ᠎ᠡ ᠵᠦᠢᠯ ᠤᠨ ᠣᠶ ᠰᠢᠭᠤᠶ ᠶᠢᠨ ᠢᠨᠵᠧᠨᠧᠷᠢᠩ ᠢ 16.9 ᠲᠦᠮᠡᠨ ᠮᠥ ᠬᠡᠷᠡᠭᠵᠢᠭᠦᠯᠵᠦ᠂ ᠬᠥᠨᠥᠭᠡᠯᠲᠡᠶ ᠠᠮᠢᠳᠤ | ᠪᠣᠳᠠᠰ ᠢ ᠰᠡᠷᠭᠡᠶᠢᠯᠡᠨ ᠵᠠᠰᠠᠬᠤ ᠬᠢᠨᠠᠨ ᠬᠡᠮᠵᠢᠬᠦ ᠴᠢᠬ ᠢ ᠰᠢᠨ᠎ᠡ ᠪᠠᠷ 8 ᠪᠠᠶᠢᠭᠤᠯᠵᠤ᠂ ᠰᠡᠷᠭᠡᠶᠢᠯᠡᠨ ᠵᠠᠰᠠᠬᠤ ᠣᠶ | ᠰᠢᠭᠤᠶ ᠶᠢᠨ ᠲᠠᠯᠠᠪᠠᠶ 60 ᠲᠦᠮᠡᠨ ᠮᠥ᠂ ᠨᠤᠲᠤᠭ ᠪᠡᠯᠴᠢᠭᠡᠷ ᠤᠨ ᠲᠠᠯᠠᠪᠠᠶ 100 ᠲᠦᠮᠡᠨ ᠮᠥ ᠰᠢᠨ᠎ᠡ ᠪᠠᠷ | ᠪᠠᠶᠢᠭᠤᠯᠪᠠ᠃ 20 ᠲᠡᠭᠰᠢ ᠳᠥᠷᠪᠡᠯᠵᠢᠨ ᠺᠢᠯᠣᠮᠧᠲᠷ ᠤᠨ ᠬᠥᠷᠥᠰᠥ ᠰᠢᠷᠣᠶ ᠶᠢ ᠬᠠᠮᠠᠭᠠᠯᠠᠨ ᠶᠡᠷᠦᠩᠬᠡᠶᠢᠯᠡᠨ | ᠵᠠᠰᠠᠬᠤ ᠶᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠬᠤᠶᠠᠳᠤᠭᠠᠷ ᠬᠤᠭᠤᠴᠠᠭᠠᠨ ᠤ | 50 ᠲᠡᠭᠰᠢ ᠳᠥᠷᠪᠡᠯᠵᠢᠨ ᠺᠢᠯᠣᠮᠧᠲᠷ ᠤᠨ ᠬᠥᠷᠥᠰᠥ ᠰᠢᠷᠣᠶ ᠶᠢ ᠬᠠᠮᠠᠭᠠᠯᠠᠨ ᠶᠡᠷᠦᠩᠬᠡᠶᠢᠯᠡᠨ ᠵᠠᠰᠠᠬᠤ ᠶᠢ | ᠬᠡᠷᠡᠭᠵᠢᠭᠦᠯᠦᠨ᠎ᠡ᠃ ︽ᠤᠢ ᠰᠢᠭᠤᠶ ᠶᠢᠨ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ ᠪᠠ ᠡᠭᠡᠯᠵᠢᠯᠡᠨ ᠲᠠᠷᠢᠬᠤ ᠪᠡᠯᠴᠢᠭᠡᠷ ᠵᠠᠪᠰᠠᠷᠯᠠᠬᠤ ᠶᠢ ᠥᠷᠭᠡᠳᠬᠡᠨ᠎ᠡ᠃ ᠯᠢᠤᠢ ᡁᠢ ᠠᠮᠢ | ᠠᠬᠤᠶ ᠶᠢᠨ ᠲᠣᠮᠣ ᠳ᠋ᠠᠶᠢᠲ᠋ᠠ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠶ ᠶᠢᠨ | ᠰᠢᠰᠲ᠋ᠧᠮ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠰᠠᠶᠢᠲᠤᠷ ᠬᠢᠨ᠎ᠠ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠭᠠᠯ ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠵᠠᠮ᠂ ᠠᠶᠢᠯ | ᠲᠣᠰᠬᠤᠨ ᠵᠡᠷᠭᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠵᠤ᠂ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠠᠵᠠᠷ᠂ ᠬᠤᠲᠠ ᠲᠣᠭᠤᠷᠢᠭᠰᠠᠨ ᠨᠣᠭᠤᠭᠠᠷᠠᠭᠤᠯᠤᠯᠲᠠ ᠶᠢᠨ ᠪᠦᠰᠡ ᠶᠢᠨ | ᠪᠥᠲᠥᠭᠡᠨ ᠪᠠᠶᠢᠭᠤᠯᠤᠯᠲᠠ ᠶᠢ ᠵᠦᠶ ᠵᠣᠬᠢᠰᠲᠠᠶ ᠪᠠᠶᠢᠷᠢᠰᠢᠭᠤᠯᠵᠤ᠂ ᠨᠣᠭᠤᠭᠠᠷᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ | ᠨᠡᠮᠡᠭᠳᠡᠭᠦᠯᠦᠨ᠂ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ | ᠠᠬᠢᠭᠤᠯᠤᠨ᠎ᠠ᠃ ᠣᠷᠴᠢᠨ ᠠᠬᠤᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠦᠨᠳᠦ ᠪᠠᠷ ᠪᠠᠶᠢᠴᠠᠭᠠᠨ | ᠰᠢᠢᠳᠪᠦᠷᠢᠯᠡᠨ᠎ᠡ᠃ ᠠᠮᠢ ᠠᠬᠤᠶ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠨᠧᠷᠭᠢ ᠠᠷᠪᠢᠯᠠᠵᠤ ᠣᠷᠴᠢᠨ | ᠠᠬᠤᠶ ᠶᠢ ᠬᠠᠮᠠᠭᠠᠯᠠᠬᠤ᠂ ᠴᠡᠪᠡᠷ ᠡᠨᠧᠷᠭᠢ ᠵᠡᠷᠭᠡ ᠪᠣᠬᠢᠷᠲᠤᠯ ᠦᠭᠡᠢ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ | ᠪᠣᠬᠢᠷᠲᠤᠯ ᠪᠣᠳᠠᠰ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠨ᠎ᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ | ᠶᠡᠷᠦᠩᠬᠡᠶᠢᠯᠡᠨ ᠠᠰᠢᠭᠯᠠᠬᠤ ᠶᠢ ᠠᠵᠤ ᠦᠢᠯᠡᠰᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠶᠡᠷᠦᠩᠬᠡᠶ | ᠬᠡᠮᠵᠢᠶ᠎ᠡ ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠲᠤᠷ ᠠᠳᠬᠤᠵᠤ᠂ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠲᠤᠯ | ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠦᠬᠦ ᠠᠷᠠᠳ ᠢᠶᠠᠷ ᠢᠶᠠᠨ ᠡᠨᠧᠷᠭᠢ ᠠᠷᠪᠢᠯᠠᠬᠤ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠠᠵᠢᠯᠯᠠᠭ᠎ᠠ ᠶᠢ | ᠬᠤᠷᠢᠭᠯᠠᠨ ᠵᠣᠭᠰᠣᠭᠠᠨ᠎ᠠ᠃ | ︵ᠲᠦᠷᠪᠡ︶ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠣᠳᠣᠬᠢᠴᠢᠯᠠᠭᠰᠠᠨ ᠣᠷᠣᠨ ᠵᠠᠢ ᠶᠢᠨ ᠠᠴᠢᠶᠠᠯᠠᠪᠤᠷᠢ ᠶᠢ ᠪᠠᠬᠢᠵᠢᠭᠦᠯᠬᠦ ᠪᠠᠷ ᠴᠢᠷᠮᠠᠶᠢᠵᠤ᠂ ᠬᠤᠳᠠ ᠬᠥᠳᠡᠭᠡ ᠶᠢᠨ | ᠬᠥᠭᠵᠢᠯᠲᠡ ᠶᠢ ᠨᠢᠭᠡ ᠴᠤᠭᠴᠠᠵᠢᠭᠤᠯᠬᠤ ᠠᠬᠢᠴᠠ ᠶᠢ ᠲᠦᠷᠭᠡᠳᠬᠡᠨ᠎ᠡ | ᠬᠤᠳᠠ ᠬᠥᠳᠡᠭᠡ ᠶᠢᠨ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠤᠷᠢᠳᠠᠪᠠᠷ ᠲᠥᠯᠥᠪᠵᠢᠭᠦᠯᠬᠦ ᠶᠢ | ᠴᠢᠬᠤᠯᠠᠴᠢᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠡᠯ᠎ᠡ | ᠲᠦᠷᠦᠯ ᠤᠨ ᠣᠷᠣᠨ ᠵᠠᠢ ᠶᠢᠨ ᠴᠢᠨᠠᠷᠲᠠᠢ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠵᠦ᠂ ︽ᠵᠡᠭᠦᠨ ᠲᠠᠯ᠎ᠠ | ᠨᠢ ᠦᠵᠡᠮᠵᠢ ᠡᠮᠦᠨ᠎ᠡ ᠲᠠᠯ᠎ᠠ ᠶᠢ ᠨᠣᠭᠤᠭᠠᠷᠠᠭᠤᠯᠬᠤ᠂ ᠪᠠᠷᠠᠭᠤᠨ ᠲᠠᠯ᠎ᠠ ᠶᠢ ᠰᠢᠯᠢᠳᠡᠭᠵᠢᠭᠦᠯᠬᠦ ᠬᠤᠶᠢᠲᠤ ᠲᠠᠯ᠎ᠠ ᠶᠢ | ᠬᠤᠯᠪᠣᠬᠤ︾ ᠣᠷᠣᠨ ᠵᠠᠢ ᠶᠢᠨ ᠪᠠᠶᠢᠷᠢᠰᠢᠯ ᠤᠨ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ | ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠵᠤ᠂ ᠦᠴᠤᠸᠠᠨ ᠤ | ᠠᠯᠤᠰ ᠬᠡᠳᠦ ᠶᠢᠨ ᠦᠷᠭᠦᠯᠵᠢᠯᠡᠬᠦ ᠬᠥᠭᠵᠢᠯᠲᠡ ᠳᠤ ᠭᠦᠢᠴᠡᠳ ᠣᠷᠣᠨ ᠵᠠᠢ ᠦᠯᠡᠳᠡᠭᠡᠵᠦ ᠥᠭᠭᠦᠨ᠎ᠡ᠃ ︽ᠭᠤᠷᠪᠠᠨ | ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠰᠢᠶᠠᠨ ᠤ ᠬᠤᠲᠠ ᠪᠠᠷ | ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠬᠤᠲᠠ ᠶᠢᠨ | ᠠᠮᠢ ᠠᠬᠤᠶ ᠶᠢ ᠰᠡᠷᠭᠦᠭᠡᠬᠦ᠂ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠲᠤ ᠲᠣᠬᠢᠷᠠᠮᠵᠢᠲᠠᠶ ᠣᠳᠣᠬᠢᠴᠢᠯᠠᠭᠰᠠᠨ ᠬᠤᠲᠠ ᠪᠠᠯᠭᠠᠰᠤ ᠶᠢ | ᠪᠥᠲᠥᠭᠡᠨ ᠪᠠᠶᠢᠭᠤᠯᠤᠨ᠎ᠠ᠃ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠵᠦᠢᠯᠡᠰ ᠢ | ᠦᠷᠭᠦᠯᠵᠢᠯᠡᠨ ᠵᠢᠷᠤᠮᠵᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ | ᠳᠠᠩᠰᠠᠯᠠᠬᠤ ᠠᠵᠢᠯ ᠢ ᠪᠡᠶᠡᠯᠡᠭᠦᠯᠵᠦ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠦᠷ᠎ᠡ ᠪᠦᠲᠦᠮᠵᠢ ᠪᠠ | ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠲᠦᠯᠬᠢᠨ ᠠᠬᠢᠭᠤᠯᠤᠨ᠎ᠠ᠃ ᠬᠤᠸᠠᠷ ᠬᠠᠳᠬᠤᠬᠤ | ᠡᠷᠳᠡᠮ ᠢᠶᠠᠷ ᠬᠤᠲᠠ ᠶᠢ ᠬᠠᠮᠢᠶᠠᠷᠴᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ | ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ ︽ᠤᠶᠤᠨᠲᠤ ᠬᠤᠳᠠ︾᠂ ︽ᠭᠡᠭᠡᠨ ᠰᠠᠷᠠᠭᠤᠯ | ᠢᠨᠵᠧᠨᠧᠷᠢᠩ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠵᠦᠢᠯᠡᠰ ᠢ | ᠬᠡᠷᠡᠭᠵᠢᠭᠦᠯᠦᠨ᠎ᠡ᠃ ᠵᠠᠮ ᠡᠵᠡᠯᠡᠨ ᠡᠵᠡᠩᠨᠡᠬᠦ᠂ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ ᠵᠡᠷᠭᠡ | ᠴᠡᠭᠴᠡᠯᠡᠨ ᠵᠠᠰᠠᠵᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠣᠷᠣᠰᠢᠨ ᠰᠠᠭᠤᠬᠤ ᠳᠤ | ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠤᠨ᠎ᠠ᠃ ᠬᠤᠳᠠ | ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠢᠭᠡ ᠴᠤᠭᠴᠠᠵᠢᠭᠤᠯᠬᠤ ᠶᠢ ᠲᠦᠯᠬᠢᠨ ᠠᠬᠢᠭᠤᠯᠵᠤ᠂ | ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠴᠡᠭ ᠤᠨ ᠠᠵᠢᠯ ᠢ | ᠰᠠᠶᠢᠲᠤᠷ ᠬᠢᠨ᠎ᠡ᠃ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠰᠦᠪᠡᠭᠴᠢᠯᠡᠨ ᠬᠡᠷᠡᠭᠵᠢᠭᠦᠯᠵᠦ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠢᠯᠭᠠᠬᠤ ᠲᠥᠪ ᠤᠨ ᠲᠥᠷᠥᠯ ᠵᠦᠢᠯ ᠢ ᠠᠵᠢᠯ ᠡᠬᠢᠯᠡᠭᠦᠯᠦᠨ | ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ᠂ ᠴᠤᠭᠯᠠᠭᠤᠯᠬᠤ᠂ ᠲᠡᠭᠡᠭᠡᠪᠦᠷᠢᠯᠡᠬᠦ | ᠂ ᠰᠢᠢᠳᠪᠦᠷᠢᠯᠡᠬᠦ ᠠᠵᠢᠯᠯᠠᠭᠠᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ | ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠢᠳᠡᠪᠬᠢᠲᠡᠶ ᠪᠠᠷ ᠳᠥᠯᠭᠢᠨ | ᠠᠬᠢᠭᠤᠯᠵᠤ᠂ ᠬᠥᠬᠡ ᠡᠷᠭᠢ ᠪᠠᠯᠭᠠᠰᠤᠨ ᠤ ᠳ᠋ᠦᠩ ᠰᠢ ᠯᠢᠶᠠᠩ ᠳᠥᠭᠦᠮ ᠪᠦᠳᠦᠭᠦᠯᠢᠭ ᠣᠷᠣᠨ ᠰᠠᠭᠤᠴᠠᠳᠤ | ᠲᠣᠭᠤᠷᠢᠭ ᠢ ᠨᠤᠷᠠᠭᠠᠵᠤ ᠨᠡᠭᠦᠯᠭᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ 9 ᠬᠠᠭᠤᠴᠢᠨ ᠪᠠ | ᠬᠠᠭᠤᠴᠢᠷᠬᠠᠰᠠᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ | ᠬᠤᠳᠠᠯᠳᠤᠭᠠᠨ ᠤ ᠵᠠᠮ ᠤᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠦᠴᠦᠯᠡᠨ ᠠᠬᠢᠭᠤᠯᠵᠤ᠂ ᠠᠯᠲᠠᠨ | ᠭᠤᠷᠪᠠᠯᠵᠢᠨ ᠬᠤᠶᠢᠭ ᠤᠨ ᠪᠣᠷᠣᠭᠠᠨ ᠤ ᠪᠣᠬᠢᠷᠲᠤᠯ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ ᠪᠠᠯᠠ ᠮᠥᠩᠭᠦ ᠤᠯᠬᠤ ᠪᠠᠷ ᠢᠳᠡᠪᠬᠢᠲᠡᠶ ᠴᠢᠷᠮᠠᠶᠢᠵᠤ᠂ ᠪᠠᠯᠭᠠᠰᠤ ᠬᠤᠲᠠ | ᠲᠣᠭᠤᠷᠢᠭ ᠤᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠵᠢᠴᠢ ᠮᠡᠳᠡᠭᠡ ᠵᠠᠩᠭᠢᠵᠢᠯᠲᠠ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ᠂ | ᠢᠯᠴᠢ ᠶᠢᠨ ᠬᠤᠭᠤᠯᠠᠶ ᠶᠢᠨ ᠲᠣᠣᠷ ᠢ ᠠᠯᠬᠤᠮ ᠠᠯᠬᠤᠮ ᠢᠶᠠᠷ ᠥᠭᠡᠷᠡᠴᠢᠯᠡᠵᠦ᠂ ᠰᠢᠲᠠᠮᠠᠬᠠᠶ ᠬᠡᠢ ᠶᠢᠨ | ᠬᠤᠭᠤᠯᠠᠶ ᠶᠢᠨ ᠲᠣᠣᠷ ᠤᠨ ᠬᠠᠮᠤᠷᠬᠤ ᠬᠡᠪᠴᠢᠶ᠎ᠡ ᠶᠢ ᠤᠷᠲᠤᠳᠬᠠᠵᠤ᠂ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ | ᠃ ᠮᠤᠵᠢ ᠶᠢᠨ ᠵᠠᠮ ᠤᠨ 311 ᠶᠢᠨ ᠦᠴᠤᠸᠠᠨ ᠠᠴᠠ ᠶᠠᠩ ᠱᠣ᠋ ᠪᠠ ᠬᠥᠷᠬᠦ ᠬᠡᠰᠡᠭ ᠤᠨ ᠨᠢᠭᠡᠳᠦᠭᠡᠷ ᠳᠡᠰ ᠤᠨ | ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠡᠯ᠎ᠡ ᠵᠦᠢᠯ ᠤᠨ ᠠᠵᠢᠯ ᠢ | ᠨᠠᠶᠢᠳᠠᠪᠤᠷᠢᠵᠢᠭᠤᠯᠤᠨ᠂ ᠬᠥᠬᠡᠬᠤᠲᠠ ᠠᠴᠠ ᠦᠴᠦᠸᠠᠨ ᠬᠥᠷᠬᠦ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢ | ᠢᠳᠡᠪᠬᠢᠲᠡᠶ ᠠᠬᠢᠭᠤᠯᠤᠨ᠎ᠠ᠃ | ︵ᠲᠠᠪᠤ︶ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠠᠷᠠᠳ ᠤᠨ | ᠠᠮᠢᠳᠤᠷᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠡᠶ᠎ᠡ ᠵᠣᠬᠢᠴᠠᠯ ᠤᠨ ᠢᠯᠡᠳᠬᠡᠭᠴᠢ ᠲᠤᠭ᠎ᠠ︾ ᠶᠢ | ᠨᠡᠮᠡᠭᠳᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ ᠢᠳᠡᠪᠬᠢᠲᠡᠶ ᠠᠵᠢᠯ | ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ | ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ᠂ ᠴᠡᠷᠢᠭ ᠠᠴᠠ | ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠬᠤ | ᠲᠤᠰᠠᠯᠠᠮᠵᠢ ᠶᠢ ᠰᠠᠶᠢᠲᠤᠷ ᠬᠢᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠲᠥᠪᠬᠢᠨᠡᠭᠦᠯᠦᠯᠲᠡ ᠶᠢ ᠦᠷᠭᠦᠯᠵᠢᠯᠡᠨ ᠥᠷᠭᠡᠳᠬᠡᠨ᠎ᠡ᠃ ᠲᠤᠰᠬᠠᠶ ᠲᠠᠯᠠᠪᠤᠷ ᠤᠨ ᠤᠷᠢᠵᠤ ᠡᠯᠰᠡᠬᠦ ᠴᠤᠭᠯᠠᠭᠠᠨ᠂ | ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠦᠷᠭᠦᠯᠵᠢᠯᠡᠨ ᠵᠣᠬᠢᠶᠠᠨ ᠪᠠᠶᠢᠭᠤᠯᠵᠤ ᠪᠠᠶᠢᠭᠠᠳ ᠠᠵᠢᠯ ᠣᠯᠭᠤᠬᠤ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠠᠭ ᠲᠤᠨᠢ ᠲᠣᠬᠢᠷᠠᠭᠤᠯᠤᠨ ᠬᠦᠷᠭᠡᠵᠦ᠂ ᠠᠵᠢᠯ ᠣᠯᠭᠤᠬᠤ | ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠬᠥᠳᠡᠯᠮᠦᠷᠢ ᠬᠦᠴᠦᠨ ᠤ ᠤᠢᠢᠷ᠎ᠠ | ᠬᠠᠪᠢ ᠳᠠᠭᠠᠨ ᠲᠤᠬᠠᠶ ᠶᠢᠨ ᠭᠠᠵᠠᠷ ᠲᠠᠭᠠᠨ ᠠᠵᠢᠯ ᠤᠯᠬᠤ᠂ ᠰᠢᠯᠵᠢᠵᠦ ᠠᠵᠢᠯ ᠤᠯᠬᠤ ᠶᠢ ᠠᠬᠢᠭᠤᠯᠤᠨ᠎ᠠ᠃ | ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠦᠷ᠎ᠡ ᠪᠦᠲᠦᠭᠡᠯ ᠢ ᠪᠠᠬᠢᠵᠢᠭᠦᠯᠵᠦ᠂ ᠮᠠᠭᠤ ᠰᠠᠨᠠᠭ᠎ᠠ ᠪᠠᠷ | ᠴᠠᠯᠢᠩ ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ | ᠨᠡᠮᠡᠭᠳᠡᠭᠦᠯᠦᠨ᠎ᠡ᠃ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠡᠭᠦᠯᠳᠡᠷᠵᠢᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠢ ᠳ᠋ᠢ ᠬᠡᠤᠬᠡᠳ ᠤᠨ ᠴᠡᠴᠡᠷᠯᠢᠭ᠂ | ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ᠂ ᠦᠨᠳᠦᠰᠦᠲᠡᠨ ᠤ ᠬᠡᠤᠬᠡᠳ ᠤᠨ | ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠠᠯᠪᠠᠨ ᠠᠴᠠ ᠡᠷᠭᠢᠯᠡᠭᠰᠡᠨ ᠬᠡᠤᠬᠡᠳ ᠤᠨ | ᠴᠡᠴᠡᠷᠯᠢᠭ ᠤᠨ ᠰᠤᠷᠭᠠᠭᠤᠯᠢ ᠳᠤ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ | ᠶᠡᠬᠡᠪᠡᠷ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠶᠡᠷᠦᠩᠬᠡᠶ ᠬᠡᠪ ᠴᠢᠨᠠᠷ ᠢ ᠳᠡᠭᠡᠭᠰᠢᠯᠡᠭᠦᠯᠦᠨ᠎ᠡ᠃ ᠪᠡᠶ᠎ᠡ ᠶᠢᠨ | ᠲᠠᠮᠢᠷ ᠤᠨ ᠠᠵᠢᠯ ᠢ ᠦᠨᠡᠨ ᠬᠦ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠶ ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠪᠠ ᠰᠢ ᠭᠤᠸᠠᠨ ᠵᠢᠩ ᠨᠡᠶᠢᠭᠡᠮ ᠲᠣᠭᠤᠷᠢᠭ᠂ ᠪᠢᠨ ᠾᠧ ᠨᠡᠶᠢᠭᠡᠮ | ᠲᠣᠭᠤᠷᠢᠭ᠂ ᠰᠣᠶᠣᠯ ᠤᠨ ᠨᠡᠶᠢᠭᠡᠮ ᠲᠣᠭᠤᠷᠢᠭ ᠵᠡᠷᠭᠡ 3 ᠬᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠠᠵᠢᠯ ᠡᠬᠢᠯᠡᠭᠦᠯᠦᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠦᠨ | ᠨᠠᠰᠤᠲᠠᠶᠢᠴᠤᠳ ᠲᠤ ᠦᠢᠯᠡᠴᠢᠯᠡᠬᠦ ︽12349︾ ᠮᠡᠳᠡᠭᠡ ᠵᠠᠩᠭᠢ ᠶᠢᠨ ᠲᠠᠪᠴᠠᠩ ᠢ ᠡᠬᠢᠯᠡᠨ ᠠᠵᠢᠯᠯᠠᠭᠤᠯᠵᠤ᠂ | ᠥᠲᠡᠯᠪᠡᠯ ᠠᠰᠠᠷᠠᠮᠵᠢ ᠲᠠᠢ᠂ ᠥᠲᠡᠯᠪᠡᠯ ᠬᠠᠪᠰᠤᠷᠤᠯᠭ᠎ᠠ ᠲᠠᠢ᠂ ᠥᠲᠡᠯᠪᠡᠯ ᠡᠮᠴᠢᠯᠡᠭᠡ ᠲᠠᠢ ᠪᠣᠯᠭᠠᠬᠤ ᠶᠢ ᠴᠢᠷᠮᠠᠶᠢᠨ | ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠢ ᠲᠥᠪᠬᠢᠨᠡᠭᠦᠯᠬᠦ ᠪᠠ ᠠᠰᠠᠷᠠᠮᠵᠢ ᠬᠠᠷᠠᠭᠠᠯᠵᠠᠯ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ | ᠨᠥᠬᠦᠪᠥᠷᠢ ᠪᠠ ᠡᠮ ᠡᠮᠨᠡᠯᠭᠡ ᠶᠢᠨ ᠲᠤᠰᠠᠯᠠᠮᠵᠢ ᠶᠢᠨ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ | ᠣᠯᠭᠤᠨ᠎ᠠ᠃ | ᠡᠷᠡᠭᠦᠯ ᠬᠠᠮᠠᠭᠠᠯᠠᠯ ᠤᠨ ᠦᠢᠯᠡᠰ ᠢ ᠬᠥᠭᠵᠢᠭᠦᠯᠵᠦ᠂ ︽ᠡᠷᠡᠭᠦᠯ ᠮᠡᠨᠳᠦ ᠶᠢᠨ ᠢᠯᠡᠳᠬᠡᠭᠴᠢ ᠲᠤᠭ᠎ᠠ︾ ᠶᠢ | ᠨᠡᠮᠡᠭᠳᠡᠭᠦᠯᠦᠨ᠎ᠡ᠃ ︽ᠭᠠᠳᠠᠨ᠎ᠠ ᠠᠴᠠ ᠣᠷᠤᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ | ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠭᠠᠳᠬᠠᠵᠤ᠂ ᠣᠷᠣᠨ ᠬᠤᠪᠢᠶᠠᠨ ᠲᠡᠰ ᠬᠤᠪᠢᠶᠠᠨ ᠤᠨᠢᠨ ᠳᠡᠭᠡᠷ᠎ᠡ ᠨᠢ | ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠣᠯᠤᠨ ᠬᠤᠯᠤᠭᠠᠨ᠎ᠠ ᠶᠢᠨ ᠬᠢᠵᠢᠭ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠬᠢᠴᠢᠶᠡᠨ | ᠡᠴᠦᠰ ᠲᠤᠨᠢ ᠲᠤᠯᠲᠠᠯ᠎ᠠ ᠰᠠᠶᠢᠲᠤᠷ ᠠᠳᠬᠤᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠠᠵᠢᠯ ᠤᠨ ᠰᠢᠰᠲ᠋ᠧᠮ ᠢ ᠪᠠᠬᠢᠵᠢᠭᠦᠯᠦᠨ᠎ᠡ᠃ | ᠠᠵᠢᠯᠲᠠᠨ ᠢ ᠬᠠᠮᠢᠶᠠᠷᠤᠨ ᠡᠵᠡᠮᠳᠡᠬᠦ᠂ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠬᠢᠵᠢᠭ ᠪᠠᠶᠢᠴᠠᠭᠠᠬᠤ ᠵᠡᠷᠭᠡ ᠠᠵᠢᠯ ᠢ ᠴᠢᠩᠳᠠᠯᠠᠵᠤ᠂ ᠡᠳ᠋ ᠪᠣᠳᠠᠰ᠂ ᠮᠡᠷᠭᠡᠵᠢᠯ ᠤᠨ | ᠨᠥᠭᠡᠴᠡᠯᠡᠯᠲᠡ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ︽ᠡᠷᠡᠭᠦᠯ | ᠡᠩᠭᠡ ᠦᠴᠤᠸᠠᠨ︾ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠶᠠᠨ ᠤ ᠡᠮᠨᠡᠯᠭᠡ ᠶᠢᠨ | ᠬᠤᠷᠢᠶᠠᠨ ᠤ ᠬᠠᠯᠳᠠᠪᠤᠷᠢᠲᠤ ᠡᠪᠡᠳᠴᠢᠨ ᠤ ᠶᠡᠷᠦᠩᠬᠡᠶᠢᠯᠡᠭᠰᠡᠨ ᠠᠰᠠᠷ᠂ ᠡᠮ ᠡᠮᠨᠡᠯᠭᠡ ᠶᠢᠨ ᠮᠡᠳᠡᠭᠡ ᠵᠠᠩᠭᠢᠵᠢᠯᠲᠠ ᠶᠢᠨ | ᠲᠦᠷᠦᠯ ᠵᠦᠢᠯ ᠢ ᠪᠠᠶᠢᠭᠤᠯᠬᠤ ᠪᠠᠷ ᠢᠳᠡᠪᠬᠢᠲᠡᠢ ᠴᠢᠷᠮᠠᠶᠢᠵᠤ᠂ ᠡᠮ ᠡᠮᠨᠡᠯᠭᠡ ᠶᠢᠨ ᠰᠢᠰᠲ᠋ᠧᠮ ᠤᠨ ᠦᠨᠳᠦᠰᠦᠨ | ᠲᠥᠬᠦᠭᠡᠷᠦᠮᠵᠢ ᠶᠢ ᠨᠢᠭᠡᠳᠦᠯᠲᠡᠢ ᠲᠥᠯᠥᠪᠵᠢᠭᠦᠯᠦᠨ ᠬᠤᠳᠠᠯᠳᠤᠨ ᠠᠪᠴᠤ᠂ ᠡᠮ ᠡᠮᠨᠡᠯᠭᠡ ᠶᠢᠨ ᠡᠳ᠋ ᠪᠣᠳᠠᠰ ᠤᠨ | ᠨᠥᠭᠡᠴᠡᠯᠡᠯᠲᠡ ᠶᠢ ᠰᠠᠶᠢᠲᠤᠷ ᠬᠢᠵᠦ᠂ ᠪᠦᠬᠦᠯᠢ ᠴᠣᠭᠴᠠ ᠶᠢᠨ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠤᠨ | ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠤᠢᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠬᠡᠷᠡᠭᠴᠡᠭᠡ | ᠱᠠᠭᠠᠷᠳᠠᠯᠭ᠎ᠠ ᠶᠢ ᠴᠢᠷᠮᠠᠶᠢᠨ ᠬᠠᠩᠭᠠᠬᠤ ᠬᠡᠷᠡᠭᠲᠡᠢ᠃ ᠬᠠᠯᠳᠠᠪᠤᠷᠢᠲᠤ ᠡᠪᠡᠳᠴᠢᠨ ᠪᠠ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠰᠢᠨ᠎ᠡ ᠸᠠᠺᠼᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠸᠠᠺᠼᠢᠨ ᠤ ᠲᠦᠭᠰᠢᠭᠦᠷᠢ ᠶᠢ ᠡᠵᠡᠮᠳᠡᠬᠦ ᠶᠢ ᠪᠦᠲᠦᠮᠵᠢᠲᠡᠶ ᠰᠡᠷᠭᠡᠶᠢᠯᠡᠨ᠎ᠡ᠃ ᠡᠮ ᠡᠮᠨᠡᠯᠭᠡ ᠶᠢᠨ | ᠳᠠᠭᠠᠳᠬᠠᠯ ᠤᠨ ᠤᠬᠠᠭᠤᠯᠭ᠎ᠠ ᠶᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ | ᠳᠡᠭᠡᠭᠰᠢᠯᠡᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠵᠠᠮ ᠢ ᠥᠷᠭᠡᠳᠬᠡᠨ᠂ ᠡᠯ᠎ᠡ | ᠵᠦᠢᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠡᠷᠭᠢᠯᠳᠦᠵᠦ᠂ ᠴᠠᠭ ᠲᠤᠬᠠᠢ ᠳᠤ ᠨᠢ ᠲᠥᠯᠦᠬᠦ ᠶᠢ | ᠪᠠᠲᠤᠯᠠᠨ᠎ᠠ᠃ | ᠰᠣᠶᠣᠯ ᠵᠤᠭᠠᠴᠠᠯ ᠤᠨ ᠦᠢᠯᠡᠰ ᠢ ᠬᠥᠭᠵᠢᠭᠦᠯᠵᠦ ︽ᠪᠣᠯᠪᠠᠰᠤᠨ ᠤ ᠵᠢᠭᠠᠯᠲᠠ ᠲᠤᠭ᠎ᠠ︾ ᠶᠢ | ᠨᠡᠮᠡᠭᠳᠡᠭᠦᠯᠦᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠭᠤᠣᠯ ᠰᠡᠳᠦᠪ ᠤᠨ ᠲᠣᠭᠤᠷᠢᠨ ᠳᠤ | ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠬᠢᠯᠡᠨ᠎ᠡ᠃ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠲᠡᠦᠬᠡ ᠶᠢᠨ ᠳᠤᠷᠠᠰᠬᠠᠯᠲᠤ | ᠵᠦᠢᠯ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠣᠯᠠᠨ ᠥᠶ᠎ᠡ ᠶᠢᠨ ᠤᠷᠳᠤ ᠴᠠᠭᠠᠨ ᠬᠡᠷᠡᠮ ᠪᠣᠯᠤᠨ ᠶᠠᠫᠣᠨ ᠢ | ᠡᠰᠡᠷᠭᠦᠴᠡᠬᠦ ᠰᠠᠭᠤᠷᠢᠨ ᠭᠠᠵᠠᠷ ᠤᠨ ᠪᠠᠭᠤᠷᠢ᠂ ᠶᠢᠨ ᠵᠢᠶᠧ ᠬᠤᠤ ᠶᠢᠨ ᠪᠠᠭᠤᠷᠢ ᠶᠢᠨ ᠪᠠᠭ᠎ᠠ ᠬᠦᠩ ᠤᠨ ᠬᠡᠰᠡᠭ ᠵᠢᠴᠢ | ᠤᠮᠠᠷᠠᠲᠤ ᠸᠧᠢ ᠤᠯᠤᠰ ᠤᠨ ᠲᠩᠷᠢ ᠶᠢ ᠳᠠᠬᠢᠬᠤ ᠪᠠᠭᠤᠷᠢ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠠ᠃ ︽ᠶᠢᠰᠦᠳᠦᠭᠡᠷ ᠬᠤᠭᠤᠴᠠᠭᠠᠨ ᠤ ᠨᠣᠬᠠᠶ ᠶᠢᠨ ᠬᠤᠰᠢᠭᠤ ᠶᠢᠨ | ᠰᠣᠶᠣᠯ ᠤᠨ ᠨᠠᠶᠢᠷ︾᠂ ︽ᠲᠠᠪᠤᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠤᠨ ᠨᠠᠶᠢᠷ︾ ᠢ ᠰᠠᠶᠢᠲᠤᠷ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠣᠮᠣ | ᠬᠡᠯᠪᠡᠷᠢ ᠶᠢᠨ ᠣᠲᠣ ᠦᠶ᠎ᠡ ᠶᠢᠨ ᠰᠢ ᠳᠠᠭᠤᠷᠢᠯᠢᠭ ︽ᠬᠥᠬᠡᠮᠳᠦᠭ ᠠᠭᠤᠯᠠ ᠶᠢᠨ ᠢᠳᠡᠷᠡᠭᠦᠨ ᠨᠠᠷᠠᠰᠤ︾ ᠶᠢ | ᠵᠣᠬᠢᠶᠠᠨ ᠪᠦᠲᠦᠭᠡᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ ᠠᠳᠬᠤᠵᠤ᠂ | ᠲᠣᠭᠯᠠᠯᠲᠠ ᠬᠦᠷᠭᠡᠬᠦ ︵ᠰᠢ ᠬᠦᠷᠭᠡᠬᠦ︶᠂ ᠨᠣᠮ ᠪᠢᠴᠢᠭ ᠢ ᠬᠥᠳᠡᠭᠡ ᠬᠦᠷᠭᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ | ᠤᠯᠠᠭᠠᠨᠮᠥ᠋ᠴᠢᠷ ᠠᠴᠠ 110 ᠲᠠᠯᠠᠪᠠᠶ ᠰᠢ ᠬᠦᠷᠭᠡᠵᠦ᠂ ᠰᠣᠶᠣᠯ ᠤᠨ ᠣᠷᠳᠣᠨ ᠤ ᠵᠦᠴᠦᠭᠡ ᠶᠢᠨ ᠪᠦᠯᠬᠦᠮ 60 | ᠲᠠᠯᠠᠪᠠᠶ ︵ᠤᠳᠠᠭ᠎ᠠ︶ ᠠᠴᠠ ᠳᠡᠭᠡᠭᠰᠢ᠂ ᠨᠤᠲᠤᠭ ᠤᠨ ᠵᠢᠵᠢᠭ ᠵᠦᠴᠦᠭᠡ ᠶᠢᠨ ᠪᠦᠯᠬᠦᠮ ᠣᠶᠢᠷ᠎ᠠ ᠬᠠᠪᠢ ᠳᠠᠭᠠᠨ | 50 ᠲᠠᠯᠠᠪᠠᠶ ᠠᠷᠠᠳ ᠲᠤ ᠠᠰᠢᠭ ᠬᠦᠷᠲᠡᠭᠡᠬᠦ ᠲᠣᠭᠯᠠᠯᠲᠠ ᠭᠠᠷᠭᠠᠨ᠎ᠠ᠃ ᠳᠠᠯᠠᠨ ᠬᠠᠷ᠎ᠠ ᠠᠭᠤᠯᠠ ᠶᠢᠨ ᠶᠠᠫᠣᠨ ᠢ | ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ ᠢ ᠰᠢᠨ᠎ᠡ ᠪᠠᠷ ᠳᠡᠯᠭᠡᠨ | ᠦᠵᠡᠭᠦᠯᠬᠦ ᠶᠢ ᠪᠡᠶᠡᠯᠡᠭᠦᠯᠵᠦ᠂ ︽ᠳᠠᠯᠠᠨ ᠬᠠᠷ᠎ᠠ ᠠᠭᠤᠯᠠ ᠶᠢᠨ ᠵᠢᠭᠤᠯᠴᠢᠯᠠᠯ ᠤᠨ ᠥᠷᠲᠡᠭᠡ︾ ᠶᠢ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠬᠠᠳᠠᠭ ᠤᠨ ᠥᠨᠳᠦᠷᠯᠢᠭ ᠤᠨ ᠦᠵᠡᠮᠵᠢ ᠶᠢᠨ ᠣᠷᠣᠨ ᠢ ᠭᠦᠨᠵᠡᠭᠡᠶ ᠨᠡᠭᠡᠭᠡᠨ | ᠬᠥᠭᠵᠢᠭᠦᠯᠵᠦ᠂ ᠰᠢᠨ᠎ᠡ ᠶᠢ ᠡᠭᠦᠳᠬᠦ ᠤᠶᠤᠨᠲᠤ ᠴᠠᠮᠬᠠᠭᠲᠤ ᠠᠰᠠᠷ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠲᠡᠭᠦᠯᠳᠡᠷᠵᠢᠭᠦᠯᠦᠨ᠂ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ ᠨᠡᠭᠡᠭᠡᠨ ᠬᠥᠭᠵᠢᠭᠦᠯᠦᠯᠲᠡ ᠶᠢ | ᠲᠦᠷᠭᠡᠳᠬᠡᠨ᠎ᠡ᠃ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠳ᠋ᠧ ᠱᠧᠩ ᠭᠸᠤ ᠶᠢᠨ ᠲᠣᠭᠤᠷᠢᠨ ᠳᠤ᠂ | ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ︽136︾ ᠪᠠᠶᠢᠷᠢᠰᠢᠯ ᠤᠨ ᠷᠢᠳᠢ ᠰᠢᠳᠢ ᠶᠢ ᠪᠦᠬᠦ ᠬᠦᠴᠦᠨ ᠢᠶᠠᠷ | ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠪᠣᠯᠪᠠᠰᠤᠷᠠᠯ᠂ ᠬᠤᠪᠢᠰᠬᠠᠯ ᠤᠨ ᠬᠥᠮᠦᠵᠢᠯ᠂ ᠬᠤᠪᠢᠰᠬᠠᠯ ᠤᠨ | ᠥᠩᠭᠡᠷᠡᠭᠡᠯᠲᠡ᠂ ᠵᠤᠭᠠᠴᠠᠨ ᠲᠣᠭᠤᠷᠢᠬᠤ ᠶᠢ ᠨᠢᠭᠡ ᠴᠤᠬᠴᠠᠵᠢᠭᠤᠯᠤᠬᠰᠠᠨ ᠬᠤᠪᠢᠰᠬᠠᠯ ᠤᠨ ᠳᠤᠷᠠᠰᠬᠠᠯᠲᠤ | ᠬᠦᠷᠢᠶᠡᠯᠡᠩ ᠲᠣᠭᠤᠷᠢᠭ ᠢ ᠪᠤᠶᠢᠵᠢᠭᠤᠯᠤᠨ ᠪᠦᠷᠢᠯᠳᠦᠭᠦᠯᠵᠦ᠂ 4A ᠦᠵᠡᠮᠵᠢ ᠶᠢᠨ ᠣᠷᠣᠨ ᠪᠣᠯᠭᠠᠨ ᠳᠡᠪᠰᠢᠭᠦᠯᠵᠦ᠂ | ᠨᠠᠮ ᠪᠠᠶᠢᠭᠤᠯᠤᠭᠳᠠᠭᠰᠠᠨ ᠵᠠᠭᠤᠨ ᠵᠢᠯ ᠳᠤ ᠪᠡᠯᠡᠭ ᠬᠦᠷᠭᠡᠬᠦ ᠪᠠᠷ ᠴᠢᠷᠮᠠᠶᠢᠨ᠎ᠠ᠃ | ᠡᠭᠦᠨ ᠤ ᠬᠠᠮᠲᠤ᠂ ᠠᠷᠠᠳ ᠲᠦᠮᠡᠨ ᠢ ᠳᠡᠭᠡᠳᠦᠯᠡᠬᠦ ᠬᠥᠭᠵᠢᠯᠲᠡ ᠶᠢᠨ ᠤᠢᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠪᠢᠯᠧᠲ ᠥᠭᠭᠦᠭᠦᠯᠬᠦ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠰᠣᠩᠭᠤᠵᠤ᠂ ᠰᠠᠶᠢᠲᠤᠷ ᠬᠢᠨᠠᠯᠲᠠ | ᠲᠠᠯᠪᠢᠵᠤ᠂ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ︵ᠵᠢᠷᠭᠤᠭ᠎ᠠ︶ ᠠᠮᠤᠷ ᠲᠦᠪᠰᠢᠨ ᠢᠶᠠᠷ ᠬᠥᠭᠵᠢᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠤᠷ | ᠲᠦᠪᠰᠢᠨ ᠢ ᠪᠠᠲᠤᠯᠠᠬᠤ ᠪᠠᠷ ᠬᠦᠴᠦᠯᠡᠨ ᠴᠢᠷᠮᠠᠶᠢᠵᠤ᠂ ᠠᠮᠤᠷ ᠲᠠᠶᠢᠪᠤᠩ ᠦᠴᠤᠸᠠᠨ ᠢ ᠴᠢᠷᠮᠠᠶᠢᠨ ᠪᠦᠳᠦᠭᠡᠨ | ᠪᠠᠶᠢᠭᠤᠯᠤᠨ᠎ᠠ | ᠠᠮᠤᠷ ᠠᠮᠤᠭᠤᠯᠠᠩ ᠦᠴᠤᠸᠠᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠬᠦᠷᠢᠶᠡᠨ ᠤ | ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ | ᠬᠤᠷᠢᠭ᠎ᠠ ᠱᠤᠭᠤᠮ ᠢ ᠪᠠᠲᠤ ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ | ᠴᠢᠩᠭ᠎ᠠ ᠰᠠᠶᠢᠲᠤᠷ ᠠᠳᠬᠤᠵᠤ᠂ ᠲᠥᠰᠦᠪ ᠤᠨ ᠲᠣᠬᠢᠷᠠᠭᠤᠯᠤᠯᠲᠠ᠂ ᠠᠪᠴᠠᠭᠠᠨ ᠤ ᠡᠷᠬᠡ ᠶᠢ ᠰᠣᠯᠢᠬᠤ᠂ ᠡᠳ᠋ | ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠬᠠᠮ ᠠᠷᠭ᠎ᠠ ᠪᠠᠷᠢᠯ ᠢ | ᠰᠠᠶᠢᠲᠤᠷ ᠠᠳᠬᠤᠵᠤ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠢᠬᠦ᠂ | ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠴᠢᠬᠤᠯᠠ ᠶᠡᠭᠡ ᠰᠢᠢᠳᠪᠦᠷᠢᠲᠦ ᠪᠤᠳᠤᠯᠭ᠎ᠠ᠂ ᠴᠢᠬᠤᠯᠠ ᠶᠡᠭᠡ | ᠵᠦᠢᠯᠡᠰ᠂ ᠭᠤᠣᠯᠳᠠᠯᠭ᠎ᠠ ᠲᠠᠢ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠠᠯ᠎ᠠ ᠪᠠᠷ ᠬᠢ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠲᠠᠯᠳᠠ ᠭᠡᠮ ᠢ ᠡᠬᠢ | ᠰᠤᠷᠪᠤᠯᠵᠢ ᠠᠴᠠ ᠨᠢ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠦᠨᠡᠨᠬᠦ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠴᠢᠩᠭ᠎ᠠ ᠳᠠᠷᠤᠵᠤ᠂ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ᠂ ᠦᠢᠯᠡᠳᠪᠦᠷᠢᠯᠡᠯ ᠤᠨ | ᠠᠶᠤᠯᠭᠦᠢ ᠶᠢᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ | ᠲᠥᠷᠥᠯ ᠤᠨ ᠪᠠᠶᠢᠭᠠᠯᠢ ᠶᠢᠨ ᠭᠠᠶ ᠭᠠᠮᠰᠢᠭ ᠤᠨ ᠲᠦᠭᠰᠢᠭᠦᠷᠢ ᠪᠠ ᠨᠡᠶᠢᠭᠡᠮ ᠤᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ᠎ᠡ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠣᠣ ᠶᠢᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ᠂ ᠲᠤᠰᠬᠠᠶ | ᠮᠡᠷᠭᠡᠵᠢᠯ ᠤᠨ ᠡᠶᠡᠳᠡᠭᠦᠯᠭᠡ ᠵᠢᠴᠢ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ︽ᠨᠢᠭᠡ ᠯᠡ | ᠥᠷᠲᠡᠭᠡᠨ ᠤ ᠮᠠᠶ᠋ᠢᠭ ᠢᠶᠠᠷ ᠬᠦᠯᠢᠶᠡᠨ ᠠᠪᠬᠤ︾ ᠶᠢ ᠬᠠᠮᠤᠷᠤᠭᠰᠠᠨ ᠨᠡᠶᠢᠭᠡᠮ ᠤᠨ ᠵᠠᠰᠠᠯᠲᠠ ᠶᠢᠨ ᠰᠢᠨ᠎ᠡ ᠵᠠᠭᠪᠤᠷ ᠢ | ᠪᠠᠶᠢᠭᠤᠯᠵᠤ᠂ ᠦᠨᠳᠦᠰᠦᠨ ᠱᠠᠲᠤᠨ ᠤ ᠵᠥᠷᠢᠴᠡᠯ ᠢ ᠡᠬᠢ ᠡᠭᠦᠰᠦᠯ ᠠᠴᠠ ᠨᠢ ᠠᠷᠢᠯᠭᠠᠬᠤ ᠶᠢ ᠲᠦᠯᠬᠢᠨ | ᠠᠬᠢᠭᠤᠯᠤᠨ᠎ᠠ᠃ ᠡᠯ ᠹᠧᠨ ᠽᠢ ᠰᠢᠶᠠᠩ ᠤᠨ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠬᠡᠷᠡᠭᠵᠢᠭᠦᠯᠵᠦ᠂ | ᠲᠣᠣᠷᠵᠢᠭᠤᠯᠤᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ | ᠠᠪᠬᠤ᠂ ᠤᠳᠤᠷᠢᠳᠤᠯᠭ᠎ᠠ ᠠᠴᠠ ᠬᠡᠷᠡᠭ ᠢ ᠳᠠᠭᠠᠭᠠᠴᠢᠯᠠᠬᠤ᠂ ᠳᠠᠷᠤᠭᠳᠠᠮᠠᠯ ᠬᠡᠷᠡᠭ ᠢ ᠠᠷᠢᠯᠭᠠᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ᠂ ᠬᠤᠶᠠᠷ ᠢ ᠬᠦᠷᠢᠶᠡᠯᠡᠨ | ᠬᠠᠮᠲᠤ ᠪᠠᠷ ᠪᠠᠶᠢᠭᠤᠯᠬᠤ ᠪᠠ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯ ᠢ | ᠭᠦᠨᠵᠡᠭᠡᠶ ᠪᠥᠭᠡᠳ ᠨᠠᠷᠢᠯᠢᠭ ᠰᠠᠶᠢᠲᠤᠷ ᠬᠢᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠬᠢᠯᠡᠭᠦᠯᠵᠦ᠂ ᠨᠡᠩ ᠥᠨᠳᠥᠷ ᠬᠢᠷᠢ ᠲᠦᠪᠰᠢᠨ ᠪᠦᠬᠦᠢ ᠬᠠᠤᠯᠢ ᠪᠠᠷ | ᠵᠠᠰᠠᠬᠤ ᠦᠴᠤᠸᠠᠨ ᠢ ᠪᠦᠳᠦᠭᠡᠨ ᠪᠠᠶᠢᠭᠤᠯᠤᠨ᠎ᠠ᠃ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠲᠦᠷᠢᠮ︾ ᠢ ᠰᠠᠶᠢᠲᠤᠷ ᠨᠠᠶᠢᠳᠠᠪᠤᠷᠢᠵᠢᠭᠤᠯᠤᠨ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | ᠠᠬᠠᠮᠠᠳ ᠺᠠᠳ᠋ᠷ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠠᠰᠤᠲᠠᠶᠢᠴᠤᠳ ᠢ ᠠᠬᠢᠭᠤᠯᠬᠤ | ᠡᠪᠯᠡᠯ᠂ ᠨᠡᠶᠢᠭᠡᠮ ᠢ ᠠᠬᠢᠭᠤᠯᠬᠤ ᠡᠪᠯᠡᠯ᠂ ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ᠂ ᠭᠠᠵᠠᠷ | ᠬᠥᠳᠡᠯᠦᠯᠲᠡ᠂ ᠴᠠᠭ ᠠᠭᠤᠷ᠂ ᠲᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠯ᠎ᠡ | ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ︵ᠳᠣᠯᠤᠭ᠎ᠠ︶ ᠬᠠᠤᠯᠢ ᠶᠣᠰᠣᠭᠠᠷ ᠪᠥᠬᠦ ᠲᠠᠯ᠎ᠠ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ | ᠪᠠᠷᠢᠮᠲᠠᠯᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠦᠴᠦᠯᠡᠨ ᠴᠢᠷᠮᠠᠶᠢᠵᠤ᠂ ᠵᠠᠰᠠᠭ ᠤᠨ ᠣᠷᠳᠣᠨ ᠤ ᠲᠣᠰ | ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠎ᠠ | ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠨ᠎ᠠ᠃ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠡᠯ᠎ᠡ ᠵᠦᠢᠯ ᠤᠨ ᠲᠣᠭᠲᠠᠭᠠᠯ ᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠪᠠ ᠪᠦᠬᠦ ᠶᠠᠪᠤᠴᠠ ᠳᠤ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ | ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠤᠷᠳᠤ ᠬᠤᠭᠤᠴᠠᠭᠠᠨ ᠤ | ᠪᠦᠲᠦᠮᠵᠢᠲᠡᠢ ᠠᠷᠭ᠎ᠠ ᠬᠡᠮᠵᠢᠶ᠎ᠡ ᠶᠢ ᠪᠦᠷᠢᠨᠰᠢᠭᠦᠯᠵᠣ᠂ ᠬᠠᠤᠯᠢ ᠶᠢᠨ ᠰᠡᠳᠬᠢᠬᠦᠢ᠂ ᠬᠠᠤᠯᠢ ᠶᠢᠨ ᠠᠷᠭ᠎ᠠ ᠮᠠᠶ᠋ᠢᠭ ᠢᠶᠠᠷ | ᠳᠠᠮᠵᠢᠭᠤᠯᠤᠨ ᠪᠤᠳᠠᠳᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠵᠠᠰᠠᠭ ᠤᠨ | ᠣᠷᠳᠤᠨ ᠤ ᠰᠢᠢᠳᠪᠦᠷᠢᠲᠦ ᠪᠣᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠬᠡᠳ ᠤᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠰᠠᠨᠠᠯ | ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠨ᠎ᠡ᠃ | ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠵᠦ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠬᠠᠤᠯᠢ | ᠶᠣᠰᠤᠭᠠᠷ ᠰᠢᠨᠵᠢᠯᠡᠬᠦ ᠤᠬᠠᠭᠠᠨᠴᠢ ᠠᠷᠠᠳᠴᠢᠯᠠᠯᠲᠤ ᠰᠢᠢᠳᠪᠦᠷᠢᠲᠦ ᠪᠣᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ | ᠵᠠᠰᠠᠭ ᠤᠨ ᠶᠠᠪᠤᠳᠠᠯ ᠤᠨ ᠰᠢᠢᠳᠪᠦᠷᠢᠲᠦ ᠪᠣᠳᠤᠯᠭ᠎ᠠ ᠲᠣᠭᠲᠠᠭᠠᠬᠤ ᠶᠠᠪᠤᠴᠠ ᠶᠢᠨ ᠲᠣᠭᠲᠠᠭᠠᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠤᠨ ᠤ ᠬᠠᠤᠯᠢ ᠶᠢᠨ ᠵᠥᠪᠯᠡᠭᠴᠢ ᠶᠢᠨ ᠦᠢᠯᠡᠳᠦᠯ ᠢ ᠪᠠᠳᠠᠷᠠᠭᠤᠯᠤᠨ᠎ᠠ᠃ | ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾᠂ ︽ | ᠪᠢᠲᠡᠭᠦᠦ ᠴᠠᠭᠠᠷᠢᠭ ᠤᠨ ᠠᠵᠢᠯ ᠤᠨ ᠠᠷᠭ᠎ᠠ︾᠂ ︽ᠳᠦᠷᠪᠡᠨ ᠦᠭᠡᠢ ᠬᠤᠶᠠᠷ ᠰᠢᠭᠤᠳ ︾ ᠪᠠᠶᠢᠴᠠᠭᠠᠨ | ᠰᠤᠳᠤᠯᠬᠤ ᠠᠷᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠶᠢ ᠲᠡᠷᠢᠭᠦᠨ ᠳᠤ ᠲᠠᠯᠪᠢᠵᠤ᠂ | ᠠᠵᠢᠯᠯᠠᠬᠤ ᠶᠢ ᠲᠡᠷᠢᠭᠦᠨ ᠳᠤ ᠲᠠᠯᠪᠢᠵᠤ᠂ ᠬᠡᠢ ᠪᠤᠳᠤᠯ ᠳᠤ ᠰᠢᠨᠤᠬᠤ ᠦᠭᠡᠢ᠂ ᠬᠡᠶᠢᠰᠪᠦᠷᠢ ᠦᠭᠡ ᠶᠢ | ᠬᠥᠭᠡᠭᠡᠴᠡᠯᠳᠦᠬᠦ ᠦᠭᠡᠢ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠲᠤᠲᠠᠢ ᠪᠠᠷ ᠠᠵᠢᠯ ᠢᠶᠠᠨ ᠰᠠᠶᠢᠲᠤᠷ ᠬᠢᠨ᠎ᠡ᠃ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠲᠦᠷᠢ ᠲᠥᠷᠬᠦ ᠶᠢᠨ ᠢᠨᠵᠧᠨᠧᠷᠢᠩ︾᠂ ︽ | ᠵᠠᠰᠠᠭ ᠤᠨ ᠠᠵᠢᠯ ᠤᠨ ᠠᠮᠵᠢᠯᠲᠠ ᠶᠢᠨ ᠢᠨᠵᠧᠨᠧᠷᠢᠩ︾ ᠢ ᠬᠢᠬᠦ ᠦᠭᠡᠢ᠂ ︽ᠠᠯᠵᠠᠭᠤ ᠬᠤᠶᠢᠷᠭᠤ ᠰᠤᠯᠠ ᠵᠠᠳᠠᠭᠠᠶ︾ | ᠶᠢ ᠡᠷᠡᠰ ᠵᠠᠯᠬᠠᠭᠠᠨ ᠰᠢᠢᠳᠬᠡᠵᠦ᠂ ︽ᠳᠤᠮᠳᠠᠬᠢ ᠲᠦᠭᠵᠢᠷᠡᠯ︾ ᠢ ᠠᠷᠢᠯᠭᠠᠨ᠎ᠠ᠃ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ | ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ | ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠢᠮᠠᠭᠲᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠶᠠᠪᠤᠳᠠᠯ ᠢ ᠵᠠᠰᠠᠭ ᠤᠨ ᠣᠷᠳᠣᠨ ᠤ ᠠᠵᠢᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠣᠯᠭᠠᠵᠤ᠂ | ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠶᠠᠪᠤᠳᠠᠯ ᠢ ᠡᠷᠡᠰ ᠭᠤᠶᠢᠪᠢᠰᠢ ᠦᠭᠡᠢ ᠪᠠᠷ | ᠭᠦᠨᠵᠡᠭᠡᠶᠢᠷᠡᠭᠦᠯᠦᠨ᠎ᠡ᠃ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠢᠵᠢ ᠪᠦᠷᠢᠳᠦᠭᠰᠡᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ | ᠢᠯᠵᠠᠷᠠᠯ ᠤᠨ ᠦᠢᠯᠡ ᠠᠵᠢᠯᠯᠠᠭ᠎ᠠ ᠡᠭᠦᠰᠬᠦ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ ᠬᠤᠷᠢᠭᠯᠠᠵᠤ᠂ ᠨᠡᠩ | ᠲᠣᠳᠣᠷᠬᠠᠶ ᠤᠯᠤᠰ ᠲᠦᠷᠦ ᠶᠢᠨ ᠠᠮᠢ ᠠᠬᠤᠶ᠂ ᠨᠡᠩ ᠳᠠᠪᠠᠭᠤᠯᠢᠭ ᠪᠡᠯᠡ ᠣᠷᠣᠭᠤᠯᠤᠯᠲᠠ ᠶᠢᠨ ᠣᠷᠴᠢᠨ | ᠨᠥᠬᠦᠴᠡᠯ ᠢ ᠪᠤᠢ ᠪᠣᠯᠭᠠᠨ᠎ᠠ᠃ | ᠲᠥᠯᠥᠭᠡᠯᠡᠭᠴᠢᠳ ᠡ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠪᠢᠳᠡ ᠯᠠᠪᠳᠠᠭᠤᠨ ᠪᠠᠲᠤᠲᠠᠶ ᠪᠠᠷ | ᠠᠵᠢᠯ ᠢᠶᠠᠨ ᠥᠷᠨᠢᠭᠦᠯᠦᠭᠰᠡᠨ ᠪᠠᠶᠢᠨ᠎ᠠ︔ ᠢᠷᠡᠭᠡᠳᠦᠶ ᠪᠠᠨ ᠪᠠᠷᠠᠯᠠᠬᠤᠶ᠎ᠠ᠂ ᠪᠢᠳᠡᠨ ᠤ ᠢᠲᠡᠭᠡᠯ ᠵᠣᠷᠢᠭ ᠬᠡᠬᠦᠳᠡᠭ | ᠳᠦᠭᠦᠷᠡᠩ ᠪᠠᠶᠢᠨ᠎ᠠ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠᠨ ᠤ ᠵᠢᠯᠤᠭᠤᠳᠤᠯᠭ᠎ᠠ ᠳᠣᠣᠷ᠎ᠠ᠂ ᠰᠢᠶᠠᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠠᠷᠠᠳ ᠲᠦᠮᠡᠨ ᠲᠠᠢ ᠪᠦᠯᠬᠦᠮᠳᠡᠵᠦ᠂ | ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠭᠡ ᠲᠤᠰᠢᠶᠠᠯ ᠢᠶᠠᠨ | ᠰᠢᠳᠤᠷᠭᠤ ᠪᠠᠷ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠢᠯᠢᠳᠡᠭ ᠠᠮᠵᠢᠯᠲᠠ ᠪᠠᠷ ᠢᠶᠠᠨ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠪᠡᠯᠡᠭ ᠬᠦᠷᠭᠡᠶ᠎ᠡ︕ | |