ᠸᠠᠩ ᠯᠢ ᠰᠢᠶᠠ ᠰᠢᠨ᠎ᠡ ᠬᠤᠲᠠ ᠲᠣᠭᠤᠷᠢᠭ ᠲᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠠᠷᠭ᠎ᠠ ᠵᠠᠮ ᠢ ᠨᠡᠪᠲᠡ ᠭᠦᠨᠵᠡᠭᠡᠢ ᠲᠥᠯᠥᠪᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠨ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2021/6/28
     ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ ᠵᠠᠯᠠᠨ ᠪᠠᠶᠢᠰᠢᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠠᠯᠢ ᠤᠯᠠᠨ ᠴᠢᠬᠤᠯᠠ ᠶᠠᠷᠢᠶ᠎ᠠ ᠪᠣᠯᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠡᠷᠦᠩᠬᠡᠢ ᠬᠠᠷᠠᠯᠲᠠ᠂ ᠶᠡᠷᠦᠩᠬᠡᠢ ᠴᠢᠭᠯᠡᠯᠲᠡ᠂ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠤᠢᠢᠯᠠᠭᠠᠨ ᠡᠵᠡᠮᠰᠢᠵᠦ᠂ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠠᠷᠭ᠎ᠠ ᠵᠠᠮ ᠢ ᠨᠡᠪᠲᠡ ᠬᠦᠨᠵᠡᠭᠡᠢ ᠲᠥᠯᠥᠪᠯᠡᠨ᠂ ᠲᠠᠷᠢᠶᠠᠴᠢᠨ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃      ᠵᠤᠨ ᠤ ᠴᠠᠭ ᠤᠨ ᠴᠡᠯᠡᠭᠡᠷ ᠲᠠᠯ᠎ᠠ ᠬᠥᠬᠡᠷᠡᠨ ᠲᠤᠨᠢᠶᠠᠷᠲᠤᠵᠤ᠂ ᠥᠩᠭᠡ ᠶᠢᠨ ᠴᠡᠴᠡᠭ ᠰᠠᠯᠬᠢᠨ᠎ᠠ ᠮᠢᠷᠠᠯᠵᠠᠨ᠎ᠠ᠃ ᠵᠠᠯᠠᠨ ᠪᠠᠶᠢᠰᠢᠩ ᠭᠡᠷ ᠲᠣᠰᠬᠤᠨ ᠳᠤ᠂ ᠮᠤᠷᠢᠨ ᠬᠤᠭᠤᠷ ᠤᠨ ᠲᠠᠯ᠎ᠠ ᠨᠤᠲᠤᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠨᠢᠭᠡᠨᠲᠡ ᠠᠩᠬ᠎ᠠ ᠠᠯᠬᠤᠮ ᠤᠨ ᠳᠦᠷᠢ ᠪᠠᠶᠢᠳᠠᠯ ᠢ ᠪᠦᠷᠢᠯᠳᠦᠭᠦᠯᠵᠡᠢ᠃ ᠸᠠᠩ ᠯᠢ ᠰᠢᠶᠠ ᠨᠠᠷ ᠠᠵᠤ ᠦᠢᠯᠡᠰ ᠤᠨ ᠬᠦᠷᠢᠶᠡᠯᠡᠩ ᠢ ᠲᠤᠷᠰᠢᠨ ᠡᠵᠡᠩᠨᠡᠬᠦ ᠨᠡᠭᠡᠭᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠯ᠎ᠠ ᠨᠤᠲᠤᠭ ᠤᠨ ᠦᠨᠦᠷ ᠠᠮᠲᠠ ᠵᠠᠩ ᠦᠢᠯᠡ ᠶᠢᠨ ᠵᠡᠭᠡᠯᠢ᠂ ᠮᠤᠷᠢᠨ ᠬᠤᠭᠤᠷ ᠤᠨ ᠦᠢᠯᠡᠳᠬᠡᠯ ᠤᠨ ᠳᠡᠯᠭᠡᠭᠦᠷ᠂      ᠴᠡᠯᠡᠭᠡᠷ ᠲᠠᠯ᠎ᠠ ᠶᠢᠨ ᠪᠡᠯᠡᠭ ᠰᠡᠯᠲᠡ ᠶᠢᠨ ᠰᠣᠶᠣᠯ ᠤᠨ ᠪᠦᠲᠦᠭᠡᠯᠴᠢ ᠳᠡᠯᠭᠡᠭᠦᠷ ᠵᠢᠴᠢ ᠭᠠᠵᠠᠷ ᠲᠡᠯᠡᠭᠡᠢ ᠤᠷᠠᠯᠢᠭ ᠤᠨ ᠪᠠᠭᠤᠳᠠᠯ ᠢ ᠲᠣᠭᠤᠷᠢᠨ ᠦᠵᠡᠵᠡᠢ᠃      ᠸᠠᠩ ᠯᠢ ᠰᠢᠶᠠ ᠲᠣᠰᠬᠤᠨ ᠤ ᠠᠷᠠᠳ ᠲᠠᠢ ᠳᠤᠲᠤᠨᠤᠰᠤᠭ ᠢᠶᠠᠷ ᠶᠠᠷᠢᠯᠴᠠᠵᠤ᠂ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠤᠬᠠᠢ ᠪᠣᠳᠤᠯ ᠲᠦᠷᠦᠭᠳᠡᠯ ᠢ ᠨᠢ ᠯᠠᠪᠯᠠᠨ ᠠᠰᠠᠭᠤᠪᠠ᠃ ᠲᠣᠰᠬᠤᠨ ᠤ ᠬᠠᠵᠠᠭᠤ ᠳᠠᠬᠢ ᠲᠠᠯ᠎ᠠ ᠨᠤᠲᠤᠭ ᠤᠨ ᠦᠨᠦᠷ ᠠᠮᠲᠠ ᠵᠠᠩ ᠦᠢᠯᠡ ᠶᠢᠨ ᠵᠡᠭᠡᠯᠢ ᠳᠡᠭᠡᠷ᠎ᠡ᠂ ᠰᠠᠶᠢᠬᠠᠨ ᠲᠣᠭᠤᠷᠢᠭ ᠠᠴᠠ ᠢᠷᠡᠭᠰᠡᠨ ᠫᠢᠶᠣᠣ ᠶᠢᠩ ᠽᠢ ᠨᠢᠭᠡᠨ ᠪᠣᠣᠪᠤ ᠬᠠᠭᠰᠠᠭᠠᠬᠤ ᠳᠡᠯᠭᠡᠭᠦᠷ ᠡᠵᠡᠩᠨᠡᠵᠦ ᠪᠣᠢ᠂ ᠸᠠᠩ ᠯᠢ ᠰᠢᠶᠠ ᠲᠡᠭᠦᠨ ᠲᠠᠢ ᠳᠣᠲᠣᠨᠣᠰᠤᠭ ᠢᠶᠠᠷ ᠶᠠᠷᠢᠯᠴᠠᠵᠤ᠂ ᠫᠢᠶᠣᠣ ᠶᠢᠩ ᠽᠢ ᠱᠦᠵᠢ ᠳᠤ ᠮᠠᠶᠢᠮᠠᠢ ᠨᠢ ᠯᠠᠪᠲᠠᠢ ᠰᠠᠶᠢᠨ ᠪᠣᠯᠣᠨ᠎ᠠ ᠭᠡᠵᠦ ᠢᠲᠡᠭᠡᠯ ᠲᠡᠭᠦᠯᠳᠡᠷ ᠬᠡᠯᠡᠵᠦ ᠪᠠᠶᠢᠯ᠎ᠠ᠃ ᠲᠤᠰ ᠲᠣᠰᠬᠤᠨ ᠤ ᠵᠠᠯᠠᠭᠤ ᠵᠠᠩ ᠵᠢᠶᠦ᠋ᠨ ᠳ᠋ᠡ ᠨᠡᠶᠢᠳᠡᠮ ᠡᠮᠦᠨᠡᠲᠦ ᠣᠷᠣᠨ ᠤ ᠬᠤᠳᠠ ᠳᠤ ᠬᠥᠯᠥᠰᠥᠨ ᠠᠵᠢᠯ ᠬᠢᠵᠦ ᠪᠠᠶᠢᠪᠠ᠂ ᠥᠪᠡᠷ ᠤᠨ ᠨᠤᠲᠤᠭ ᠨᠢᠤᠯᠠᠮ ᠠᠴᠠ ᠤᠯᠠᠮ ᠦᠵᠡᠰᠬᠦᠯᠡᠩᠲᠦ ᠰᠠᠶᠢᠬᠠᠨ ᠪᠣᠯᠤᠭᠰᠠᠨ ᠢ ᠰᠣᠨᠣᠰᠤᠭᠠᠳ᠂ ᠵᠣᠷᠢᠭ ᠰᠢᠭᠤᠳᠤᠨ ᠲᠣᠰᠬᠤᠨ ᠳᠠᠭᠠᠨ ᠬᠠᠷᠢᠵᠤ ᠰᠢᠬᠢᠷᠯᠢᠭ ᠢᠳᠡᠭᠡᠨ ᠤ ᠳᠡᠯᠭᠡᠭᠦᠷ ᠨᠡᠭᠡᠭᠡᠪᠡ᠂ ᠲᠡᠭᠦᠨ ᠤ ᠦᠵᠡᠬᠦ ᠪᠠᠷ᠂ ᠭᠡᠷ ᠤᠨ ᠡᠭᠦᠳᠡᠨ ᠳᠡᠭᠡᠷ᠎ᠡ ᠪᠠᠨ ᠦᠢᠯᠡᠰ ᠪᠤᠰᠬᠠᠬᠤ ᠳᠤ ᠰᠡᠳᠬᠢᠯ ᠠᠮᠤᠷ ᠭᠡᠨ᠎ᠡ᠃       ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠤᠴᠢᠷ ᠪᠣᠯᠣᠨ᠎ᠠ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠣᠰᠬᠤᠨ ᠤ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠰᠡᠳᠦᠨ ᠲᠥᠯᠥᠪᠯᠡᠵᠦ᠂ ᠨᠠᠷᠢᠨ ᠨᠠᠷᠢᠯᠢᠭ ᠣᠶᠢᠯᠠᠭᠠᠭᠳᠠᠬᠤᠨ ᠢ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ᠂ ᠤᠷᠳᠤ᠂ ᠬᠦᠴᠦᠷᠬᠡᠭ ᠪᠣᠯᠭᠠᠨ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠭᠡᠢ ᠥᠷᠭᠡᠳᠬᠡᠵᠦ᠂ ᠬᠦᠮᠦᠰ ᠤᠨ ᠬᠠᠷᠠᠭ᠎ᠠ ᠶᠢ ᠪᠣᠯᠢᠶᠠᠭᠰᠠᠨ ᠰᠢᠨ᠎ᠡ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠴᠡᠭ᠂ ᠬᠥᠳᠡᠭᠡ ᠲᠣᠰᠬᠤᠨ ᠪᠠ ᠵᠢᠭᠤᠯᠴᠢᠯᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠦᠨᠡᠨᠬᠦ ᠰᠠᠶᠢᠲᠤᠷ ᠠᠳᠬᠤᠵᠤ ᠪᠣᠳᠠᠲᠠᠢ ᠠᠳᠬᠤᠵᠤ ᠦᠷ᠎ᠡ ᠪᠦᠲᠦᠮᠵᠢ ᠭᠠᠷᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠾᠧ ᠬᠠᠶ ᠳ᠋ᠦᠩ᠂ ᠸᠠᠩ ᠬᠤᠤ ᠯᠸᠢ᠂ ᠡᠤ ᠸᠧᠨ ᠮᠢᠩ᠂ ᠲᠠᠩ ᠶᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号