ᠡᠨᠡ ᠰᠠᠷ᠎ᠠ ᠠᠴᠠ ᠡᠬᠢᠯᠡᠨ᠂ ᠬᠥᠬᠡᠬᠤᠲᠠ ᠨᠢ ᠡᠷᠦᠬᠡ ᠠᠮᠠ ᠶᠢᠨ ᠲᠠᠩᠰᠠ ᠶᠢᠨ ᠲᠦᠷᠢᠮ ᠤᠨ | ᠥᠭᠡᠷᠡᠴᠢᠯᠡᠯᠲᠡ ᠬᠢᠵᠦ᠂ ︽ᠬᠥᠬᠡᠬᠤᠲᠠ ᠶᠢᠨ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠴᠢᠨᠠᠬᠰᠢᠳᠠ | ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠢ | ᠬᠡᠷᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠬᠢᠵᠠᠭᠠᠷᠯᠠᠯ᠂ ᠲᠥᠷᠥᠯ ᠰᠠᠳᠤᠨ ᠤ ᠳᠤ ᠪᠠᠨ | ᠡᠷᠦᠬᠡ ᠠᠮᠠ ᠣᠷᠣᠭᠤᠯᠬᠤ ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠪᠠ︔ ᠬᠥᠮᠦᠰ ᠤᠨ | ᠡᠷᠦᠬᠡ ᠠᠮᠠ ᠣᠷᠣᠭᠤᠯᠬᠤ ᠨᠥᠬᠦᠴᠡᠯ ᠪᠠ ᠨᠢᠭᠡᠴᠡ ᠶᠢᠨ ᠬᠠᠮᠲᠤ ᠶᠢᠨ ᠡᠷᠦᠬᠡ ᠠᠮᠠ ᠪᠠᠶᠢᠭᠤᠯᠬᠤ ᠨᠥᠬᠦᠴᠡᠯ ᠢ | ᠠᠭᠤᠵᠢᠭᠤ ᠪᠣᠯᠭᠠᠪᠠ︔ ᠲᠡᠷᠡᠴᠢᠯᠡᠨ ᠡᠷᠦᠬᠡ ᠠᠮᠠ ᠶᠢᠨ ᠭᠠᠷᠳᠠᠮ ᠭᠦᠢᠴᠡᠳᠬᠡᠬᠦ ᠠᠮᠠᠯᠠᠯᠲᠠ ᠶᠢᠨ ᠳᠦᠷᠢᠮ ᠢ | ᠬᠡᠷᠡᠭᠵᠢᠭᠦᠯᠵᠦ᠂ ᠴᠣᠩᠬᠤᠪᠴᠢ ᠦᠢᠯᠡᠴᠢᠯᠡᠭᠡᠨ ᠤ ᠲᠦᠪᠰᠢᠨ ᠢ ᠴᠢᠨᠠᠬᠰᠢᠳᠠ ᠳᠡᠭᠡᠭᠰᠢᠯᠡᠭᠦᠯᠪᠡ᠃ ︽ᠠᠷᠭ᠎ᠠ | ᠬᠡᠮᠵᠢᠶ᠎ᠡ︾ ᠲᠠᠢ ᠬᠠᠷᠠᠭᠠᠯᠵᠠᠭᠤᠯᠤᠨ ᠢᠵᠢ ᠪᠥᠷᠢᠳᠦᠭᠰᠡᠨ ᠬᠡᠷᠡᠭᠵᠢᠭᠦᠯᠬᠦ ᠨᠠᠷᠢᠨ ᠲᠦᠷᠢᠮ ᠢ ᠵᠡᠷᠭᠡ ᠪᠠᠷ ᠨᠡᠶᠢᠲᠡᠯᠡᠪᠡ᠃ | | ︽ᠠᠷᠭ᠎ᠠ ᠬᠡᠮᠵᠢᠶ᠎ᠡ︾ ᠶᠢᠨ ᠠᠭᠤᠯᠭ᠎ᠠ ᠳᠤ᠄ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠬᠢᠵᠠᠭᠠᠷᠯᠠᠯ ᠢ | ᠪᠥᠬᠦ ᠲᠠᠯ᠎ᠠ ᠪᠠᠷ ᠴᠢᠯᠥᠭᠡᠲᠡᠶ ᠪᠣᠯᠭᠠᠨ᠎ᠠ᠃ ᠴᠢᠳᠠᠪᠤᠷᠢᠲᠠᠨ ᠡᠷᠦᠬᠡ ᠠᠮᠠ ᠣᠷᠣᠭᠤᠯᠬᠤ ᠳᠤ ᠣᠷᠣᠰᠢᠨ ᠰᠠᠭᠤᠬᠤ | ᠴᠠᠭ ᠬᠤᠭᠤᠴᠠᠭ᠎ᠠ ᠵᠡᠷᠭᠡ ᠨᠥᠬᠦᠴᠡᠯ ᠳᠤ ᠬᠢᠵᠠᠭᠠᠷᠯᠠᠭᠳᠠᠬᠤ ᠥᠬᠡᠶ︔ ᠴᠢᠳᠠᠪᠤᠷᠢᠲᠠᠨ ᠤ ᠡᠷᠦᠬᠡ ᠠᠮᠠ | ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠬᠠᠮᠲᠤ ᠶᠢᠨ ᠡᠷᠦᠬᠡ ᠠᠮᠠ ᠳᠤ ᠲᠥᠷᠥᠯ ᠰᠠᠳᠤᠨ ᠢᠶᠠᠨ ᠳᠠᠭᠠᠵᠤ | ᠨᠡᠭᠦᠵᠦ ᠢᠷᠡᠭᠰᠡᠨ ᠬᠦᠮᠦᠰ ᠢ ᠤᠷᠤᠭᠤᠯᠬᠤ ᠥᠬᠡᠶ ᠭᠡᠰᠡᠨ ᠲᠣᠭᠲᠠᠭᠠᠯ ᠢ ᠬᠦᠴᠦᠨ ᠥᠬᠡᠶ ᠪᠣᠯᠭᠠᠵᠤ᠂ ᠲᠤᠰ | ᠬᠤᠲᠠ ᠶᠢᠨ ᠬᠢᠨ ᠭᠡᠷ ᠪᠦᠯᠢ ᠶᠢᠨ ᠡᠷᠦᠬᠡ ᠠᠮᠠ ᠳᠤ ᠤᠷᠤᠭᠤᠯᠬᠤ ᠶᠢ ᠬᠦᠯᠢᠶᠡᠨ ᠠᠪᠬᠤ ᠪᠠᠶᠢᠳᠠᠯ ᠳᠣᠣᠷ᠎ᠠ᠂ | ᠴᠢᠳᠠᠪᠤᠷᠢᠲᠠᠨ ᠬᠦᠯᠢᠶᠡᠨ ᠠᠪᠤᠭᠴᠢ ᠶᠢᠨ ᠢᠶᠠᠨ ᠭᠡᠷ ᠪᠦᠯᠢ ᠳᠤ ᠡᠷᠦᠬᠡ ᠠᠮᠠ ᠣᠷᠣᠭᠤᠯᠬᠤ ᠶᠢ ᠵᠥᠪᠰᠢᠶᠡᠷᠡᠨ᠎ᠡ᠃ | ᠪᠥᠬᠦ ᠬᠤᠲᠠ ᠶᠢᠨ ᠡᠯ᠎ᠡ ᠡᠷᠦᠬᠡ ᠠᠮᠠ ᠶᠢᠨ ᠲᠠᠩᠰᠠ ᠶᠢᠨ ᠭᠠᠷᠳᠠᠮ ᠬᠦᠢᠴᠡᠳᠭᠡᠬᠦ ᠴᠣᠩᠬᠤᠪᠴᠢ ᠳᠤ ᠴᠥᠮ ︽ | ᠰᠠᠭᠠᠳ ᠥᠬᠡᠶ ᠨᠡᠪᠲᠡᠷᠡᠬᠦ ᠵᠠᠮ︾ ᠭᠠᠷᠭᠠᠵᠤ᠂ ᠴᠢᠳᠠᠪᠤᠷᠢᠲᠠᠨ ᠤ ᠡᠷᠦᠬᠡ ᠠᠮᠠ ᠣᠷᠣᠭᠤᠯᠬᠤ ᠳᠤ ᠴᠢᠨᠠᠷ | ᠰᠠᠶᠢᠲᠠᠶ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ᠲᠤᠰ ᠠᠷᠭ᠎ᠠ ᠬᠡᠮᠵᠢᠶ᠎ᠡ ᠳᠤ ᠲᠤᠷᠠᠳᠤᠬᠰᠠᠨ ︽ | ᠴᠢᠳᠠᠪᠤᠷᠢᠲᠠᠨ︾ ᠭᠡᠳᠡᠭ ᠨᠢ᠄ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ᠂ ᠵᠠᠰᠠᠭ ᠤᠨ | ᠣᠷᠳᠣᠨ ᠤ ᠨᠥᠬᠦᠪᠥᠷᠢ ᠬᠥᠷᠳᠡᠵᠦ ᠪᠠᠶᠢᠭ᠎ᠠ ᠬᠥᠮᠦᠰ᠂ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ | ᠬᠥᠮᠦᠰ᠂ ᠶᠡᠭᠡ ᠲᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ | ᠲᠡᠭᠦᠰᠦᠭᠰᠡᠳ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠮᠡᠷᠭᠡᠵᠢᠯ ᠤᠨ ᠠᠵᠢᠯᠴᠢᠨ᠂ | ᠰᠢᠶᠠᠨ ᠤ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ᠂ ᠦᠨᠡᠨ ᠶᠣᠰᠣᠨ ᠤ ᠲᠥᠯᠥᠭᠡ ᠡᠷᠡᠯᠬᠡᠭ ᠢᠶᠠᠷ | ᠲᠡᠮᠡᠴᠡᠭᠰᠡᠨ ᠲᠡᠷᠢᠭᠦᠨ ᠤ ᠬᠤᠪᠢ ᠬᠥᠮᠦᠨ ᠢ ᠵᠢᠭᠠᠵᠤ ᠪᠠᠶᠢᠨ᠎ᠠ᠃ | ᠬᠥᠮᠦᠰ ᠤᠨ ᠡᠷᠦᠬᠡ ᠠᠮᠠ ᠤᠷᠤᠭᠤᠯᠬᠤ ᠨᠥᠬᠦᠴᠡᠯ ᠢ ᠠᠭᠤᠵᠢᠭᠤ ᠪᠣᠯᠭᠠᠨ᠎ᠠ᠃ ︽ᠬᠠᠤᠯᠢ | ᠶᠣᠰᠣᠨ ᠤ ᠲᠣᠭᠲᠠᠪᠤᠷᠢᠲᠠᠶ ᠤᠷᠤᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠲᠠᠢ ᠪᠤᠶᠤ ᠪᠦᠬᠦᠯᠢ | 6 ᠰᠠᠷ᠎ᠠ ᠣᠷᠣᠰᠢᠨ ᠰᠠᠭᠤᠬᠤ︾ ᠨᠥᠬᠦᠴᠡᠯ ᠳᠤ ᠨᠡᠶᠢᠴᠡᠬᠦ ᠬᠥᠮᠦᠨ ᠪᠦᠬᠦᠨ ᠴᠥᠮ ᠬᠤᠲᠠ ᠶᠢᠨ ᠳᠥᠷᠪᠡᠨ | ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠲᠠᠪᠤᠨ ᠬᠤᠰᠢᠭᠤ ᠰᠢᠶᠠᠨ ᠲᠣᠭᠤᠷᠢᠭ ᠤᠨ ᠵᠠᠰᠠᠬ ᠵᠠᠬᠢᠷᠭᠠᠨ ᠤ | ᠪᠠᠶᠢᠭᠤᠯᠤᠮᠵᠢᠲᠤ ᠪᠠᠯᠭᠠᠰᠤ ᠳᠤ ᠡᠷᠦᠬᠡ ᠠᠮᠠ ᠤᠷᠤᠭᠤᠯᠬᠤ ᠪᠠᠷ ᠭᠤᠶᠤᠴᠢᠯᠠᠵᠤ ᠪᠣᠯᠤᠨ᠎ᠠ᠃ ᠲᠥᠷᠥᠯ ᠰᠠᠳᠤᠨ ᠤ | ᠳᠤ ᠪᠠᠨ ᠡᠷᠦᠬᠡ ᠠᠮᠠ ᠣᠷᠣᠭᠤᠯᠬᠤ ᠨᠥᠬᠦᠴᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ | ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥᠯ ᠰᠠᠳᠤᠨ ᠢᠶᠠᠨ ᠲᠦᠰᠢᠬᠦ ᠪᠠᠷ ᠡᠷᠦᠬᠡ ᠠᠮᠠ ᠤᠷᠤᠭᠤᠯᠬᠤ | ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠲᠥᠷᠥᠯ ᠰᠠᠳᠤᠨ ᠢᠶᠠᠨ ᠲᠦᠰᠢᠬᠦ ᠳᠤ ᠪᠣᠳᠠᠲᠠᠶ ᠣᠷᠣᠰᠢᠨ ᠰᠠᠭᠤᠬᠤ | ᠨᠥᠬᠦᠴᠡᠯ ᠱᠠᠭᠠᠷᠳᠠᠬᠤ ᠶᠢ ᠬᠦᠴᠦᠨ ᠥᠬᠡᠶ ᠪᠣᠯᠭᠠᠨ᠎ᠠ᠃ ᠨᠢᠭᠡᠴᠡ ᠶᠢᠨ ᠬᠠᠮᠲᠤ ᠶᠢᠨ ᠡᠷᠦᠬᠡ ᠠᠮᠠ ᠪᠠᠶᠢᠭᠤᠯᠬᠤ | ᠨᠥᠬᠦᠴᠡᠯ ᠢ ᠠᠭᠤᠵᠢᠭᠤ ᠪᠣᠯᠭᠠᠨ᠎ᠠ᠃ 15 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠠᠮᠠ | ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ 5 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠠᠮᠠ | ᠪᠠᠶᠢᠭᠤᠯᠵᠤ ᠪᠣᠯᠤᠨ᠎ᠠ ᠬᠡᠵᠦ ᠲᠣᠬᠢᠷᠠᠭᠤᠯᠤᠯᠲᠠ ᠬᠢᠨ᠎ᠡ︔ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠨᠢ ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠭᠡ ᠪᠠᠰᠠ ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠠᠭᠤᠵᠢᠭᠤ | ᠲᠠᠯᠪᠢᠨ᠎ᠠ︔ ᠬᠠᠮᠲᠤ ᠶᠢᠨ ᠡᠷᠦᠬᠡ ᠠᠮᠠ ᠳᠤ ᠡᠷᠦᠬᠡ ᠰᠠᠯᠭᠠᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ | ᠪᠣᠳᠠᠲᠤ ᠪᠠᠶᠢᠳᠠᠯ ᠪᠣᠯᠤᠨ ᠬᠡᠷᠡᠭᠴᠡᠭᠡ ᠪᠠᠨ ᠦᠨᠳᠦᠰᠦᠯᠡᠨ᠂ ᠠᠵᠢᠯ ᠶᠠᠪᠤᠳᠠᠯ ᠭᠦᠢᠴᠡᠳᠬᠡᠬᠦ ᠳᠤ ᠳᠥᠭᠦᠮ | ᠪᠣᠯᠭᠠᠬᠤ ᠪᠠᠷ ᠵᠠᠷᠴᠢᠮ ᠪᠣᠯᠭᠠᠵᠤ᠂ ᠡᠷᠦᠬᠡ ᠠᠮᠠ ᠶᠢᠨ ᠳᠡᠪᠲᠡᠷ ︵ᠤᠤᠯ ᠤᠨ ᠬᠠᠮᠲᠤ ᠶᠢᠨ ᠡᠷᠦᠬᠡ ᠠᠮᠠ ᠶᠢᠨ | ᠬᠠᠭᠤᠳᠠᠰᠤ ᠶᠢ ᠳᠠᠷᠤᠮᠠᠯᠯᠠᠬᠤ᠂ ᠡᠷᠦᠬᠡ ᠠᠮᠠ ᠶᠢᠨ ᠳᠡᠪᠲᠡᠷ ᠢ ᠳᠠᠷᠤᠮᠠᠯᠯᠠᠬᠤ ᠦᠭᠡᠶ︶ ᠢ ᠠᠰ ᠢᠶᠠᠷ ᠨᠢ | ᠳᠠᠷᠤᠮᠠᠯᠯᠠᠵᠤ ᠪᠣᠯᠤᠨ᠎ᠠ᠃ ᠣᠯᠠᠨ ᠶᠠᠩᠵᠤ ᠶᠢᠨ ᠡᠷᠦᠬᠡ ᠠᠮᠠ ᠣᠷᠣᠭᠤᠯᠬᠤ ᠠᠷᠭ᠎ᠠ ᠮᠠᠶ᠋ᠢᠭ ᠢ ᠬᠠᠩᠭᠠᠨ᠎ᠠ᠃ ᠬᠠᠤᠯᠢ | ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠣᠯ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ | ᠶᠢᠨ ᠭᠠᠵᠠᠷ ᠲᠤᠨᠢ ᠡᠷᠦᠬᠡ ᠠᠮᠠ ᠣᠷᠣᠭᠤᠯᠵᠦ ᠦᠭᠭᠦᠨ᠎ᠡ︔ ᠬᠠᠤᠯᠢ ᠶᠣᠰᠣᠨ ᠤ ᠲᠣᠭᠲᠠᠪᠤᠷᠢᠲᠠᠢ ᠣᠷᠣᠨ | ᠰᠠᠭᠤᠴᠠ ᠦᠭᠡᠢ᠂ ᠬᠤᠪᠢ ᠶᠢᠨ ᠭᠡᠷ ᠪᠠᠶᠢᠰᠢᠩ ᠢ ᠲᠦᠷᠢᠶᠡᠰᠦᠯᠡᠨ ᠰᠠᠭᠤᠵᠦ ᠪᠠᠶᠢᠪᠠᠯ᠂ ᠭᠡᠷ ᠤᠨ ᠡᠵᠡᠨ ᠢᠶᠠᠷ ᠨᠢ | ᠵᠥᠪᠰᠢᠶᠡᠷᠡᠭᠦᠯᠦᠭᠡᠳ ᠲᠦᠷᠢᠶᠡᠰᠦᠨ ᠭᠡᠷ ᠪᠠᠶᠢᠰᠢᠩ ᠤᠨ ᠬᠠᠶ᠋ᠢᠭ ᠢᠶᠠᠷ ᠡᠷᠤᠭᠡ ᠠᠮᠠ ᠣᠷᠣᠭᠤᠯᠵᠤ ᠪᠣᠯᠤᠨ᠎ᠠ︔ | ᠬᠠᠤᠯᠢ ᠶᠣᠰᠣᠨ ᠤ ᠲᠣᠭᠲᠠᠪᠤᠷᠢᠲᠠᠢ ᠣᠷᠣᠨ ᠰᠠᠭᠤᠴᠠ ᠦᠭᠡᠢ᠂ ᠬᠤᠪᠢ ᠶᠢᠨ ᠭᠡᠷ ᠪᠠᠶᠢᠰᠢᠩ ᠢ ᠲᠦᠷᠢᠶᠡᠰᠦᠯᠡᠨ | ᠰᠠᠭᠤᠵᠤ ᠪᠠᠶᠢᠭ᠎ᠠ ᠬᠦᠮᠦᠰ ᠤᠨ ᠡᠷᠦᠭᠡ ᠠᠮᠠ ᠣᠷᠣᠭᠤᠯᠬᠤ ᠶᠢ ᠭᠡᠷ ᠤᠨ ᠡᠵᠡᠨ ᠨᠢ ᠵᠥᠪᠰᠢᠶᠡᠷᠡᠬᠦ ᠦᠭᠡᠢ ᠳᠤ | ᠬᠦᠷᠪᠡᠯ᠂ ᠨᠢᠭᠡᠴᠡ᠂ ᠴᠢᠳᠠᠪᠤᠷᠢᠲᠠᠨ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠭᠡ ᠠᠮᠠ ᠳᠤ ᠡᠷᠦᠭᠡ ᠠᠮᠠ ᠪᠠᠨ | ᠣᠷᠣᠭᠤᠯᠵᠤ ᠪᠣᠯᠤᠨ᠎ᠠ᠃ ᠡᠷᠦᠬᠡ ᠠᠮᠠ ᠣᠷᠣᠭᠤᠯᠬᠤ ᠪᠣᠳᠠᠲᠠᠶ ᠶᠠᠪᠤᠴᠠ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ᠂ | ᠬᠡᠷᠡᠭᠵᠢᠭᠦᠯᠬᠦ ᠨᠠᠷᠢᠨ ᠲᠦᠷᠢᠮ ᠢ ᠲᠣᠳᠣᠷᠬᠠᠶ ᠲᠤᠬᠳᠠᠭᠠᠨ᠎ᠠ ᠬᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠷᠦᠬᠡ ᠠᠮᠠ ᠶᠢᠨ ᠲᠠᠩᠰᠠ ᠶᠢᠨ ᠲᠦᠷᠢᠮ ᠤᠨ | ᠥᠭᠡᠷᠡᠴᠢᠯᠡᠯᠲᠡ ᠳᠤ ᠭᠤᠷᠪᠠᠨ ᠶᠡᠭᠡ ᠬᠢᠯᠠᠰ ᠴᠡᠭ ᠢᠯᠡᠷᠡᠪᠡ᠄ ᠨᠢᠭᠡ ᠳᠤ ᠴᠢᠳᠠᠪᠤᠷᠢᠲᠠᠨ ᠤ ᠡᠷᠦᠬᠡ ᠠᠮᠠ | ᠤᠷᠤᠭᠤᠯᠬᠤ ᠬᠢᠵᠠᠭᠠᠷᠯᠠᠯ ᠤᠨ ᠨᠥᠬᠦᠴᠡᠯ ᠢ ᠪᠥᠬᠦ ᠲᠠᠯ᠎ᠠ ᠪᠠᠷ ᠬᠦᠴᠦᠨ ᠥᠬᠡᠶ ᠪᠤᠯᠭᠠᠪᠠ᠃ | ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠡᠨᠡ ᠤᠳᠠᠭᠠᠨ ᠤ ᠡᠷᠦᠬᠡ ᠠᠮᠠ ᠶᠢᠨ ᠲᠠᠩᠰᠠ ᠶᠢᠨ ᠲᠦᠷᠢᠮ ᠤᠨ | ᠥᠭᠡᠷᠡᠴᠢᠯᠡᠯᠲᠡ ᠨᠢ ᠬᠠᠤᠯᠢ ᠴᠠᠭᠠᠵᠠ ᠶᠢᠨ ᠵᠥᠪᠰᠢᠶᠡᠷᠡᠬᠦ ᠬᠡᠪᠴᠢᠶᠡᠨ ᠳᠤ ᠴᠢᠳᠠᠪᠤᠷᠢᠲᠠᠨ ᠤ ᠡᠷᠦᠬᠡ ᠠᠮᠠ ᠶᠢᠨ | ᠲᠠᠩᠰᠠ ᠤᠷᠤᠭᠤᠯᠬᠤ ᠶᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠴᠢᠳᠠᠪᠤᠷᠢᠲᠠᠨ ᠤ ᠡᠷᠦᠬᠡ ᠠᠮᠠ ᠶᠢᠨ ᠲᠠᠩᠰᠠ | ᠣᠷᠣᠭᠤᠯᠬᠤ ᠳᠤ ᠬᠠᠷᠰᠢ ᠰᠠᠭᠠᠳ ᠦᠭᠡᠢ ᠪᠤᠯᠭᠠᠪᠠ᠃ ᠬᠥᠮᠦᠰ ᠤᠨ ᠡᠷᠦᠬᠡ ᠠᠮᠠ ᠤᠷᠤᠭᠤᠯᠬᠤ ᠠᠷᠭ᠎ᠠ ᠵᠠᠮ ᠢ | ᠥᠷᠭᠡᠳᠬᠡᠵᠦ᠂ ᠳᠠᠭᠠᠵᠤ ᠨᠡᠭᠦᠬᠦ ᠬᠥᠮᠦᠰ ᠨᠢ ᠴᠢᠳᠠᠪᠤᠷᠢᠲᠠᠨ ᠢ ᠳᠠᠭᠠᠵᠤ ᠬᠠᠤᠯᠢ ᠶᠣᠰᠣᠨ ᠤ ᠲᠣᠭᠲᠠᠪᠤᠷᠢᠲᠠᠶ | ᠣᠷᠣᠨ ᠰᠠᠭᠤᠴᠠ ᠪᠤᠶᠤ ᠭᠥᠯᠢᠶᠡᠨ ᠠᠪᠤᠭᠴᠢ ᠶᠢᠨ ᠬᠡᠷ ᠪᠦᠯᠢ ᠶᠢᠨ ᠡᠷᠦᠬᠡ ᠠᠮᠠ᠂ ᠨᠢᠭᠡᠴᠡ ᠶᠢᠨ ᠬᠠᠮᠲᠤ ᠶᠢᠨ | ᠡᠷᠦᠬᠡ ᠠᠮᠠ᠂ ᠴᠢᠳᠠᠪᠤᠷᠢᠲᠠᠨ ᠤ ᠬᠠᠮᠲᠤ ᠶᠢᠨ ᠡᠷᠦᠬᠡ ᠠᠮᠠ᠂ ᠨᠡᠶᠢᠭᠡᠮ ᠲᠣᠭᠤᠷᠢᠭ ᠤᠨ ᠬᠠᠮᠲᠤ ᠶᠢᠨ ᠡᠷᠦᠬᠡ | ᠠᠮᠠ ᠳᠤ ᠡᠷᠦᠭᠡ ᠠᠮᠠ ᠪᠠᠨ ᠤᠷᠤᠭᠤᠯᠵᠤ ᠪᠤᠯᠬᠤ ᠪᠤᠯᠵᠠᠢ᠃ ᠬᠤᠶᠠᠷ ᠲᠤ ᠡᠷᠦᠬᠡ ᠠᠮᠠ ᠤᠷᠤᠭᠤᠯᠬᠤ ᠲᠠᠰ | ᠳᠠᠷᠠᠭᠠᠯᠠᠯ ᠢ ᠰᠢᠯᠢᠳᠡᠭᠵᠢᠭᠦᠯᠵᠦ᠂ ᠨᠢᠭᠡᠴᠡ ᠶᠢᠨ ᠬᠠᠮᠲᠤ ᠶᠢᠨ ᠡᠷᠦᠬᠡ ᠠᠮᠠ ᠪᠠᠶᠢᠭᠤᠯᠬᠤ ᠨᠥᠬᠦᠴᠡᠯ ᠢ | ᠲᠤᠷᠤᠬᠰᠢᠯᠠᠭᠤᠯᠪᠠ᠃ 15 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠪᠠᠶᠢᠭᠤᠯᠵᠤ ᠪᠣᠯᠤᠨ᠎ᠠ ᠬᠡᠵᠦ | ᠪᠠᠶᠢᠬᠰᠠᠨ ᠢ 5 ᠬᠥᠮᠦᠨ ᠠᠴᠠ ᠳᠡᠭᠡᠭᠰᠢ ᠪᠠᠶᠢᠪᠠᠯ ᠬᠠᠮᠲᠤ ᠶᠢᠨ ᠡᠷᠦᠬᠡ ᠠᠮᠠ ᠪᠠᠶᠢᠭᠤᠯᠵᠤ ᠪᠣᠯᠤᠨ᠎ᠠ ᠬᠡᠵᠦ | ᠲᠤᠬᠢᠷᠠᠭᠤᠯᠤᠯᠳᠠ ᠬᠢᠪᠠ︔ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ | ᠬᠠᠮᠲᠤ ᠶᠢᠨ ᠡᠷᠦᠭᠡ ᠠᠮᠠ ᠪᠠᠶᠢᠭᠤᠯᠵᠤ ᠪᠣᠯᠤᠨ᠎ᠠ ᠬᠡᠵᠦ ᠪᠠᠶᠢᠬᠰᠠᠨ ᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠭᠡ ᠪᠠᠰᠠ ᠬᠠᠮᠲᠤ ᠶᠢᠨ ᠡᠷᠦᠭᠡ ᠪᠠᠶᠢᠭᠤᠯᠵᠤ ᠪᠣᠯᠤᠨ᠎ᠠ ᠬᠡᠵᠦ ᠠᠭᠤᠵᠢᠭᠤ ᠲᠠᠯᠪᠢᠪᠡ︔ | ᠬᠠᠮᠲᠤ ᠶᠢᠨ ᠡᠷᠦᠬᠡ ᠠᠮᠠ ᠳᠤ ᠬᠡᠷᠡᠭᠴᠡᠭᠡ ᠪᠤᠶᠤ ᠪᠣᠳᠠᠲᠤ ᠪᠠᠶᠢᠳᠠᠯ ᠢᠶᠠᠨ ᠦᠨᠳᠦᠰᠦᠯᠡᠨ ᠡᠷᠦᠬᠡ ᠰᠠᠯᠭᠠᠬᠤ | ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠬᠦ ᠪᠤᠯᠵᠠᠢ᠃ ᠭᠤᠷᠪᠠ ᠳᠤ ᠴᠣᠩᠬᠤᠪᠴᠢ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ᠂ ᠡᠷᠦᠬᠡ ᠠᠮᠠ ᠶᠢᠨ ᠭᠠᠷᠳᠠᠮ ᠭᠦᠢᠴᠡᠳᠬᠡᠬᠦ ᠠᠮᠠᠯᠠᠯᠲᠠ ᠶᠢᠨ ᠳᠦᠷᠢᠮ ᠢ | ᠬᠡᠷᠡᠭᠵᠢᠬᠦᠯᠪᠡ᠃ ᠡᠷᠦᠬᠡ ᠠᠮᠠ ᠶᠢᠨ ᠭᠠᠷᠳᠠᠮ ᠬᠦᠢᠴᠡᠳᠭᠡᠬᠦ ᠴᠠᠭ ᠤᠨ ᠬᠢᠵᠠᠭᠠᠷ ᠢ ᠬᠢᠵᠠᠭᠠᠷᠯᠠᠨ ᠲᠣᠭᠲᠠᠭᠠᠵᠤ᠂ | ᠭᠠᠷᠳᠠᠮ ᠬᠦᠢᠴᠡᠳᠭᠡᠬᠦ ᠶᠠᠪᠤᠴᠠ ᠶᠢ ᠲᠣᠳᠣᠷᠬᠠᠶ ᠲᠤᠬᠳᠠᠭᠠᠵᠤ᠂ ᠡᠷᠦᠬᠡ ᠠᠮᠠ ᠶᠢᠨ ᠴᠣᠩᠬᠤᠪᠴᠢ ᠶᠢᠨ | ᠠᠵᠢᠯ ᠤᠨ ᠰᠤᠷᠲᠠᠯ ᠢ ᠳᠡᠭᠡᠭᠰᠢᠯᠡᠭᠦᠯᠦᠨ ᠰᠠᠶᠢᠵᠢᠷᠠᠭᠤᠯᠵᠤ᠂ ᠴᠢᠳᠠᠪᠤᠷᠢᠲᠠᠨ ᠲᠥᠪᠯᠡᠷᠡᠭᠰᠡᠨ ᠭᠠᠵᠠᠷ ᠲᠤ ᠡᠷᠦᠬᠡ | ᠠᠮᠠ ᠶᠢᠨ ᠦᠢᠯᠡᠴᠢᠯᠡᠭᠡ ᠶᠢᠨ ᠰᠢᠨ᠎ᠡ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠥᠬᠡᠬᠤᠲᠠ ᠶᠢᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠤᠯᠠᠮ ᠴᠢᠨᠠᠬᠰᠢᠳᠠ ᠰᠢᠯᠢᠳᠡᠭᠵᠢᠬᠦᠯᠵᠡᠢ᠃ |