ᠲᠣᠭᠲᠠᠭᠠᠭᠰᠠᠨ ᠠᠬᠤᠢ ᠪᠠᠶᠢᠳᠠᠯ ᠦᠨᠳᠦᠰᠦ ᠪᠠᠷᠢᠮᠲᠠ᠄ 2014 ᠣᠨ ᠤ 9 ᠳ᠋ᠦ᠋ᠭᠡᠷ ᠰᠠᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠠᠩᠬᠠᠳᠠᠭᠴᠢ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠮᠤᠵᠢ ᠣᠷᠣᠨ ᠢᠶᠠᠷ ᠲᠣᠭᠲᠠᠭᠠᠪᠠ᠃ | ᠵᠢᠷᠭᠤᠭᠠᠨ ᠵᠢᠯ ᠤᠨ ᠲᠤᠷᠰᠢ᠂ ᠮᠠᠨ ᠤ ᠬᠤᠲᠠ ᠡᠭᠦᠨ ᠢᠶᠠᠷ ᠠᠵᠠ ᠲᠣᠬᠢᠶᠠᠯ ᠪᠣᠯᠭᠠᠨ᠂ ᠲᠠᠯᠠᠪᠤᠷ ᠭᠠᠵᠠᠷ ᠢ | ᠪᠦᠲᠦᠭᠡᠨ ᠪᠠᠶᠢᠭᠤᠯᠬᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ | ᠰᠤᠷᠭᠠᠭᠴᠢ ᠬᠢᠨᠠᠭᠴᠢ ᠶᠢ ᠪᠣᠯᠪᠠᠰᠤᠷᠠᠭᠤᠯᠬᠤ ᠪᠠ ᠤᠷᠤᠯᠳᠤᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠵᠡᠷᠭᠡ | ᠲᠠᠯ᠎ᠠ ᠪᠠᠷ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ | ᠠᠵᠢᠯ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠶᠠᠪᠤᠪᠠ᠃ 2017 ᠣᠨ ᠤ 7 ᠳ᠋ᠤᠭᠠᠷ ᠰᠠᠷ᠎ᠠ ᠳᠤ᠂ | ᠮᠠᠨ ᠤ ᠬᠤᠲᠠ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠬᠤᠭᠤᠴᠠᠭ᠎ᠠ ᠵᠢᠴᠢ ᠳᠤᠮᠳᠠ ᠣᠷᠳᠣ | ᠬᠤᠭᠤᠴᠠᠭᠠᠨ ᠤ ᠬᠥᠯ ᠪᠥᠮᠪᠦᠭᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠶᠢ ᠨᠡᠶᠢᠲᠡᠯᠡᠪᠡ᠃ ᠨᠢᠳᠤᠨᠤᠨ ᠠᠴᠠ | ᠨᠠᠭᠠᠰᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤᠷᠢᠳ | ᠬᠤᠵᠢᠳ ︽ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠪᠠ ︽ᠰᠢᠨ᠎ᠡ ᠴᠠᠭ ᠦᠶ᠎ᠡ ᠶᠢᠨ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ | ᠢ ᠳᠠᠷᠤᠮᠠᠯᠯᠠᠨ ᠲᠠᠷᠬᠠᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ | ᠬᠥᠯ ᠪᠥᠮᠪᠦᠭᠡ ᠶᠢᠨ ᠬᠥᠳᠡᠯᠭᠡᠭᠡᠨ ᠤ ᠥᠭᠡᠷᠡᠴᠢᠯᠡᠯᠲᠡ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠮᠠᠰᠢ ᠣᠯᠠᠨ | ᠵᠢᠯᠣᠭᠤᠳᠬᠤ ᠴᠢᠨᠠᠷᠲᠠᠶ ᠰᠠᠨᠠᠯ ᠳᠤᠷᠠᠳᠴᠠᠢ᠃ 2020 ᠣᠨ ᠤ ᠵᠢᠯ ᠤᠨ ᠡᠴᠦᠰ ᠲᠤ᠂ ︽ᠥᠪᠥᠷ ᠮᠣᠩᠭᠤᠯ ᠤᠨ | ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠠᠬᠢᠭᠤᠯᠬᠤ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020 ﹈ 55 ᠳ᠋ᠤᠭᠠᠷ | ᠲᠣᠭᠠᠲᠤ︶ ᠢ ᠵᠢᠩᠬᠢᠨᠢ ᠪᠠᠷ ᠨᠡᠶᠢᠲᠡᠯᠡᠪᠡ᠃ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ | ᠪᠠᠶᠢᠳᠠᠯ ᠢ ᠦᠨᠳᠦᠰᠦᠯᠡᠨ᠂ ᠮᠠᠨ ᠤ ᠬᠤᠲᠠ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ | ᠭᠦᠨᠵᠡᠭᠡᠶᠢᠷᠡᠭᠦᠯᠬᠦ᠂ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠷᠭ᠎ᠠ | ᠬᠡᠮᠵᠢᠶ᠎ᠡ ᠠᠪᠤᠪᠠ᠃ ᠮᠠᠨ ᠤ ᠬᠤᠲᠠ ᠶᠢᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠲᠦᠷᠦᠭᠦᠯᠡᠨ ︽ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ | ᠬᠡᠷᠡᠭᠵᠢᠭᠦᠯᠬᠦ ᠲᠥᠰᠥᠯ︾ ︵ᠳᠡᠪᠰᠢᠭᠦᠯᠦᠨ ᠬᠢᠨᠠᠭᠤᠯᠬᠤ ᠨᠣᠤᠷᠠᠭ︶ ᠢ ᠲᠤᠭᠤᠷᠪᠢᠪᠠ᠃ | ᠡᠭᠦᠷᠭᠡ ᠬᠠᠷᠠᠯᠲᠠ: ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ ᠠᠭᠤᠰᠤᠯᠴᠠᠯ ᠢ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ | ᠦᠷᠭᠦᠯᠵᠢᠯᠡᠨ ᠲᠦᠯᠬᠢᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠤ | ᠦᠰᠦᠨ ᠪᠣᠶᠢᠵᠢᠬᠤ ᠵᠠᠮ ᠢ ᠰᠢᠯᠤᠭᠤᠳᠬᠠᠵᠤ᠂ ᠬᠥᠯ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ᠂ ᠵᠣᠬᠢᠶᠠᠨ | ᠪᠠᠶᠢᠭᠤᠯᠤᠨ ᠬᠠᠮᠢᠶᠠᠷᠬᠤ᠂ ᠥᠷᠢᠰᠦᠯᠳᠦᠭᠡᠨ ᠤ ᠰᠢᠰᠲ᠋ᠧᠮᠵᠢ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠮᠥᠨ ᠠᠮᠠ ᠶᠢ | ᠦᠷᠭᠦᠯᠵᠢᠯᠡᠨ ᠥᠷᠭᠡᠳᠬᠡᠵᠦ᠂ ᠥᠷᠢᠰᠦᠯᠳᠦᠭᠡᠨ ᠤ ᠬᠢᠷᠢ ᠲᠦᠪᠰᠢᠨ ᠢ ᠦᠷᠭᠦᠯᠵᠢᠯᠡᠨ ᠥᠪᠡᠷᠲᠡᠭᠡᠨ ᠵᠠᠰᠠᠬᠤ | ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠤᠨ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠨᠡᠶᠢᠴᠡᠭᠰᠡᠨ ᠬᠥᠯ | ᠪᠥᠮᠪᠦᠭᠡ ᠶᠢᠨ ᠵᠠᠯᠠᠭᠤᠴᠤᠳ ᠤᠨ ᠪᠣᠯᠪᠠᠰᠤᠷᠠᠯ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ | ᠭᠤᠣᠯ ᠠᠭᠤᠯᠭ᠎ᠠ᠄ ᠨᠢᠭᠡ ᠳᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠴᠢᠳᠠᠪᠤᠷᠢᠲᠠᠨ ᠢ | ᠬᠥᠮᠥᠵᠢᠭᠦᠯᠬᠦ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠠᠵᠢᠯ ᠢ ᠦᠷᠭᠦᠯᠵᠢᠯᠡᠨ ᠰᠠᠶᠢᠨ ᠠᠳᠬᠤᠵᠤ᠂ ᠬᠥᠯ ᠪᠥᠮᠪᠦᠭᠡ ᠶᠢᠨ ᠵᠠᠯᠠᠭᠤᠴᠤᠳ ᠪᠠᠭᠠᠴᠤᠳ ᠤᠨ | ᠪᠣᠯᠪᠠᠰᠤᠷᠠᠯ ᠤᠨ ᠰᠢᠰᠲ᠋ᠧᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠡᠶ᠎ᠡ ᠶᠢᠨ ᠲᠠᠮᠢᠷ ᠰᠤᠷᠭᠠᠨ ᠬᠥᠮᠥᠵᠢᠯ ᠤᠨ | ᠠᠭᠤᠰᠤᠯᠴᠠᠯ ᠢ ᠬᠠᠮᠲᠤ ᠪᠠᠷ ᠬᠠᠮᠢᠶᠠᠷᠬᠤ ᠲᠣᠭᠲᠠᠴᠠ ᠶᠢ ᠭᠦᠨᠵᠡᠭᠡᠶᠢᠷᠡᠭᠦᠯᠵᠦ᠂ ᠡᠮᠡᠭᠲᠡᠢ ᠶᠢᠨ ᠬᠥᠯ ᠪᠥᠮᠪᠦᠭᠡ ᠶᠢᠨ | ᠬᠥᠭᠵᠢᠯᠲᠡ ᠶᠢ ᠶᠡᠬᠡᠪᠡᠷ ᠳᠡᠮᠵᠢᠨ᠂ ᠬᠥᠯ ᠪᠥᠮᠪᠦᠭᠡ ᠲᠤ ᠠᠪᠢᠶᠠᠰ ᠲᠠᠢ ᠰᠤᠷᠤᠭᠴᠢ ᠶᠢᠨ ᠦᠰᠦᠨ ᠪᠣᠶᠢᠵᠢᠬᠤ | ᠵᠠᠮ ᠢ ᠰᠢᠯᠤᠭᠤᠳᠬᠠᠵᠤ᠂ ᠦᠨᠳᠦᠰᠦᠨ ᠱᠠᠲᠤᠨ ᠤ ᠰᠤᠷᠭᠠᠭᠴᠢ ᠬᠢᠨᠠᠭᠴᠢ ᠶᠢᠨ ᠬᠥᠯᠥᠰᠦ ᠬᠠᠷᠠᠮᠵᠢ ᠶᠢ | ᠳᠡᠭᠡᠭᠰᠢᠯᠡᠭᠦᠯᠦᠨ ᠰᠠᠶᠢᠵᠢᠷᠠᠭᠤᠯᠤᠨ᠎ᠠ᠃ | ᠬᠤᠶᠠᠷ ᠲᠤ ᠨᠡᠶᠢᠭᠡᠮ ᠤᠨ ᠬᠥᠯ ᠪᠥᠮᠪᠦᠭᠡ ᠶᠢᠨ ᠥᠷᠨᠢᠯ ᠬᠥᠭᠵᠢᠯ ᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ ᠢ ᠪᠦᠬᠦ ᠲᠠᠯ᠎ᠠ ᠪᠠᠷ ᠨᠡᠭᠡᠭᠡᠵᠦ᠂ ᠨᠡᠶᠢᠭᠡᠮ ᠤᠨ ᠬᠥᠯ ᠪᠥᠮᠪᠦᠭᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠯ ᠪᠥᠮᠪᠦᠭᠡ ᠶᠢᠨ ᠬᠥᠳᠡᠯᠭᠡᠭᠡᠨ ᠢ ᠥᠷᠭᠡᠨ ᠢᠶᠠᠷ | ᠥᠷᠨᠢᠭᠦᠯᠵᠦ᠂ ᠲᠥᠷᠥᠯ ᠲᠡᠮᠳᠡᠭᠲᠦ ᠤᠷᠤᠯᠳᠤᠭᠠᠨ ᠢ ᠡᠭᠦᠳᠦᠨ᠎ᠡ᠃ | ᠭᠤᠷᠪᠠ ᠳᠤ ᠠᠵᠢᠯ ᠲᠥᠷᠥᠯ ᠤᠨ ᠬᠥᠯ ᠪᠥᠮᠪᠦᠭᠡ ᠶᠢᠨ ᠬᠥᠭᠵᠢᠯᠲᠡ ᠶᠢ ᠠᠬᠢᠭᠤᠯᠤᠨ᠎ᠠ᠃ | ᠳᠥᠷᠪᠡ ᠳᠤ ᠬᠥᠯ ᠪᠥᠮᠪᠦᠭᠡ ᠶᠢᠨ ᠲᠤᠬᠠᠶᠢᠯᠠᠭᠰᠠᠨ ᠠᠵᠢᠯ ᠡᠷᠬᠢᠯᠡᠬᠦ ᠬᠥᠮᠥᠨ ᠤ ᠡᠩᠨᠡᠭᠡ ᠶᠢ ᠴᠢᠩᠭᠠᠳᠬᠠᠨ᠎ᠠ | ᠃ | ᠲᠠᠪᠤ ᠳᠤ ᠬᠥᠯ ᠪᠥᠮᠪᠦᠭᠡ ᠶᠢᠨ ᠰᠣᠶᠣᠯ ᠢ ᠬᠥᠮᠥᠵᠢᠭᠦᠯᠵᠦ᠂ ᠬᠥᠯ ᠪᠥᠮᠪᠦᠭᠡ ᠶᠢᠨ ᠠᠵᠤ ᠦᠢᠯᠡᠰ ᠢ | ᠬᠦᠴᠦᠷᠬᠡᠭᠵᠢᠭᠦᠯᠦᠨ᠎ᠡ᠃ | ᠵᠢᠷᠭᠤᠭ᠎ᠠ ᠳᠤ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠪᠡᠯᠡ ᠮᠥᠩᠭᠦ ᠶᠢᠨ | ᠣᠷᠣᠭᠤᠯᠤᠯᠲᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠵᠤ | ᠦᠨᠡᠯᠡᠨ ᠰᠢᠯᠭᠠᠬᠤ ᠪᠠᠨ ᠴᠢᠩᠭᠠᠳᠬᠠᠨ᠎ᠠ᠃ | |