ᠣᠶᠢᠷ᠎ᠠ ᠳᠤ᠂ ᠰᠤᠷᠪᠤᠯᠵᠢᠯᠠᠭᠴᠢ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ | ᠣᠶᠢᠯᠠᠭᠠᠭᠰᠠᠨ ᠢᠶᠠᠷ᠂ ᠲᠤᠰ ᠬᠤᠲᠠ ᠶᠢᠨ ᠬᠢᠨ ᠨᠡᠶᠢᠰᠯᠡᠯ ᠪᠡᠭᠡᠵᠢᠩ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ | ᠣᠷᠣᠭᠤᠯᠤᠨ ᠠᠪᠴᠢᠷᠠᠵᠤ᠂ ᠤᠯᠤᠰ ᠤᠨ ᠭᠤᠣᠯᠳᠠᠯᠭ᠎ᠠ ᠲᠠᠢ ᠡᠮᠴᠢᠯᠡᠭᠡᠨ ᠤ ᠲᠤᠰᠬᠠᠶ ᠮᠡᠷᠭᠡᠵᠢᠯ ᠤᠨ ᠨᠢᠭᠡᠴᠡ — | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ | ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠬᠠᠷᠰᠢᠮᠠᠲᠠᠭᠠᠶ ᠴᠢᠨᠠᠷᠲᠠᠶ ᠡᠪᠡᠳᠴᠢᠨ ᠤ ᠴᠡᠴᠡᠭ ᠤᠨ ᠲᠣᠭᠤᠰᠣ ᠶᠢ | ᠬᠢᠨᠠᠨ ᠬᠡᠮᠵᠢᠬᠦ᠂ ᠤᠷᠭᠤᠮᠠᠯ ᠤᠨ ᠬᠤᠴᠢᠯᠭ᠎ᠠ ᠶᠢ ᠪᠠᠶᠢᠴᠠᠭᠠᠨ ᠰᠤᠳᠤᠯᠬᠤ᠂ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠲᠠ ᠬᠢᠬᠦ᠂ ᠡᠮᠴᠢ ᠶᠢᠨ ᠵᠢᠷᠤᠮᠵᠢᠭᠤᠯᠤᠭᠰᠠᠨ ᠪᠣᠯᠪᠠᠰᠤᠷᠠᠭᠤᠯᠤᠯ ᠪᠠ ᠡᠪᠡᠳᠴᠢᠲᠡᠨ ᠤ ᠡᠷᠡᠭᠦᠯ ᠮᠡᠨᠳᠦ ᠶᠢᠨ | ᠬᠥᠮᠦᠵᠢᠯ ᠤᠨ ︽ᠲᠠᠪᠤ ᠶᠢ ᠨᠢᠭᠡ ᠴᠤᠭᠴᠠᠵᠢᠭᠤᠯᠤᠭᠰᠠᠨ︾ ᠬᠠᠷᠰᠢᠮᠠᠲᠠᠭᠠᠶ ᠴᠢᠨᠠᠷᠲᠠᠶ ᠡᠪᠡᠳᠴᠢᠨ ᠢ ᠨᠠᠷᠢᠯᠢᠭ | ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ | ᠂ ᠲᠣᠰ ᠬᠤᠲᠠ ᠶᠢᠨ ᠬᠠᠷᠰᠢᠮᠠᠲᠠᠭᠠᠶ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠵᠠᠭᠤᠨ ᠲᠦᠮᠡ ᠰᠢᠬᠠᠮ ᠣᠯᠠᠨ | ᠲᠦᠮᠡᠨ ᠤ ᠵᠣᠪᠠᠭᠤᠷᠢ ᠵᠦᠳᠡᠭᠦᠷᠢ ᠶᠢ ᠬᠦᠩᠭᠡᠷᠡᠭᠦᠯᠬᠦ ᠪᠠᠷ ᠴᠢᠷᠮᠠᠶᠢᠵᠤ ᠪᠠᠶᠢᠨ᠎ᠠ᠃ | ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶ ᠣᠷᠪᠠᠯ ᠤᠨ ᠲᠥᠪ | ᠪᠠᠶᠢᠭᠤᠯᠵᠤ᠂ 9 ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶ | ᠤᠷᠪᠠᠯ ᠤᠨ ᠰᠠᠯᠠᠭ᠎ᠠ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ | ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠠᠵᠢᠮᠠᠯ ︵ᠬᠠᠷᠰᠢᠮᠠᠲᠠᠭᠠᠶ︶ ᠤᠷᠪᠠᠯ ᠤᠨ ᠡᠭᠦᠳᠡᠨ | ᠡᠮᠨᠡᠯᠭᠡ ᠪᠠᠶᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠨ᠂ ᠰᠡᠷᠭᠡᠶᠢᠯᠡᠨ ᠵᠠᠰᠠᠬᠤ ᠶᠢ | ᠤᠶᠠᠯᠳᠤᠭᠤᠯᠵᠤ᠂ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶ 3 | ᠱᠠᠲᠤᠨ ᠤ ᠣᠨᠣᠰᠢᠯᠠᠨ ᠡᠮᠨᠡᠬᠦ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠪᠠ᠃ ᠪᠥᠬᠦ ᠬᠤᠲᠠ ᠶᠢᠨ 120 | ᠡᠮᠴᠢᠯᠡᠭᠡᠨ ᠤ ᠪᠠᠶᠢᠭᠤᠯᠤᠮᠵᠢ ᠳᠤ ᠵᠠᠯᠭᠠᠭ᠎ᠠ ᠪᠠᠷ ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠪᠠᠭᠠᠵᠢ ᠤᠭᠰᠠᠷᠠᠵᠤ᠂ | ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠨᠤᠭᠤᠳ ᠭᠠᠵᠢᠮᠠᠯ ︵ᠬᠠᠷᠰᠢᠮᠠᠳᠠᠭᠠᠢ︶ ᠤᠷᠪᠠᠯ ᠤᠨ ᠠᠵᠢᠯ ᠤᠨ ᠲᠤᠰᠬᠠᠶ | ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠪᠠ᠃ | ᠬᠤᠰᠢᠭᠤ ᠰᠢᠶᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ ᠳᠤ 9 ᠭᠠᠵᠢᠮᠠᠯ ᠤᠷᠪᠠᠯ ᠤᠨ ᠰᠠᠯᠠᠭ᠎ᠠ | ᠪᠠᠶᠢᠭᠤᠯᠵᠤ᠂ 110 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠭᠠᠵᠢᠮᠠᠯ ᠤᠷᠪᠠᠯ ᠤᠨ ᠡᠭᠦᠳᠡᠨ | ᠡᠮᠨᠡᠯᠭᠡ ᠪᠠᠶᠢᠭᠤᠯᠵᠤ᠂ ᠨᠡᠶᠢᠲᠡ 478 ᠡᠮᠨᠡᠯᠭᠡ ᠶᠢᠨ ᠠᠵᠢᠯᠲᠠᠨ ᠲᠣᠬᠢᠷᠠᠭᠤᠯᠵᠤ᠂ ᠨᠡᠶᠢᠲᠡ 531 ᠬᠥᠮᠦᠨ | ᠲᠣᠬᠢᠷᠠᠭᠤᠯᠪᠠ᠃ | ᠡᠭᠦᠨ ᠠᠴᠠ ᠭᠠᠳᠠᠨ᠎ᠠ᠂ ᠲᠣᠰ ᠬᠤᠲᠠ ᠶᠢᠨ ᠬᠢᠨ ᠪᠠᠰᠠ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠢ | ᠴᠢᠩᠭᠠᠳᠬᠠᠵᠤ ᠪᠠᠶᠢᠨ᠎ᠠ᠃ ᠣᠳᠣᠬᠠᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠨᠡᠶᠢᠲᠡ 30 | ᠪᠦᠯᠦᠭ 6865 ᠬᠥᠮᠦᠨ ᠤᠳᠠᠭ᠎ᠠ ᠶᠢ ᠪᠣᠯᠪᠠᠰᠤᠷᠠᠭᠤᠯᠵᠤ᠂ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠪᠦᠯᠬᠦᠮ ᠴᠦ | ᠲᠣᠭᠲᠠᠬᠤ ᠰᠢᠶᠠᠨ᠂ ᠬᠤᠷᠢᠨᠭᠡᠷ ᠰᠢᠶᠠᠨ᠂ ᠴᠢᠩ ᠱᠦᠶ ᠾᠧ ᠰᠢᠶᠠᠨ᠂ ᠦᠴᠤᠸᠠᠨ ᠰᠢᠶᠠᠨ ᠳᠤ ᠬᠦᠷᠴᠦ᠂ | ᠴᠡᠴᠡᠭ ᠤᠨ ᠲᠣᠭᠤᠰᠣ ᠶᠢ ᠬᠢᠨᠠᠨ ᠬᠡᠮᠵᠢᠬᠦ ᠴᠡᠭ ᠤᠨ ᠡᠮᠨᠡᠯᠭᠡ ᠶᠢᠨ ᠠᠵᠢᠯᠲᠠᠳ ᠲᠤ ᠴᠡᠴᠡᠭ ᠤᠨ ᠲᠣᠭᠤᠰᠣ ᠶᠢ | ᠬᠢᠨᠠᠨ ᠬᠡᠮᠵᠢᠬᠦ ᠬᠡᠮᠵᠢᠭᠦᠷᠯᠢᠭ ᠢ ᠤᠭᠰᠠᠷᠠᠵᠤ ᠬᠡᠷᠡᠭᠯᠡᠬᠦ ᠶᠢ ᠵᠢᠭᠠᠨ ᠵᠢᠯᠤᠭᠤᠳᠬᠤ ᠪᠠᠷ ᠪᠣᠢ᠃ | ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ︵Allergic Rhinitis᠂ AR︶ ᠪᠣᠯ ᠴᠢᠬᠢ | ᠬᠠᠮᠠᠷ ᠬᠤᠭᠤᠯᠠᠶ ᠶᠢᠨ ᠰᠠᠯᠠᠭᠠᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠮᠥᠨ᠂ ᠬᠥᠮᠦᠨ ᠤ ᠪᠡᠶ᠎ᠡ | ᠬᠠᠷᠰᠢᠮᠠᠲᠠᠭᠠᠶ ᠡᠭᠦᠰᠭᠡᠭᠴᠢ ᠲᠠᠢ ᠬᠦᠷᠦᠯᠴᠡᠭᠰᠡᠨ ᠤ ᠳᠠᠷᠠᠭ᠎ᠠ ᠬᠠᠮᠠᠷ ᠤᠨ ᠰᠠᠯᠢᠰᠤᠲᠤ ᠪᠦᠷᠬᠦᠪᠴᠢ ᠳᠤ | ᠦᠷᠪᠢᠰᠦᠯ ᠤᠨ ᠪᠤᠰᠤ ᠦᠷᠪᠢᠰᠦᠯ ᠡᠭᠦᠰᠭᠡᠬᠦ ᠡᠪᠡᠳᠴᠢᠨ ᠮᠥᠨ᠃ ᠣᠳᠣᠬᠠᠨ ᠤ ᠰᠤᠳᠤᠯᠭᠠᠨ ᠳᠤ | ᠢᠯᠡᠷᠡᠭᠦᠯᠦᠭᠰᠡᠨ ᠢᠶᠠᠷ᠂ ᠡᠪᠡᠳᠴᠢᠨ ᠡᠭᠦᠰᠬᠦ ᠲᠣᠭᠲᠠᠴᠠ ᠳᠤ ᠤᠳᠤᠮᠯᠠᠯ ᠵᠡᠷᠭᠡ ᠲᠣᠰ ᠪᠡᠶ᠎ᠡ ᠶᠢᠨ ᠡᠯᠧᠮᠧᠨ᠋ᠲ ᠠᠴᠠ | ᠭᠠᠳᠠᠨ᠎ᠠ᠂ ᠠᠭᠠᠷ ᠳᠣᠲᠣᠷ᠎ᠠ ᠲᠠᠷᠬᠠᠵᠤ ᠪᠠᠶᠢᠭ᠎ᠠ ᠠᠮᠢᠰᠬᠤᠵᠤ ᠣᠷᠣᠭᠤᠯᠬᠤ ᠴᠢᠨᠠᠷᠲᠠᠶ ᠬᠠᠷᠰᠢᠮᠠᠲᠠᠭᠠᠶ | ᠡᠭᠦᠰᠭᠡᠭᠴᠢ ᠨᠢ ᠮᠥᠨ ᠴᠦ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠢ ᠡᠭᠦᠰᠭᠡᠬᠦ ᠴᠢᠬᠤᠯᠠ ᠡᠯᠧᠮᠧᠨ᠋ᠲ | ᠮᠥᠨ᠂ ᠡᠭᠦᠨ ᠳᠤ ᠴᠡᠴᠡᠭ ᠤᠨ ᠲᠣᠭᠤᠰᠣᠨ ᠤ ᠬᠠᠷᠰᠢᠯ ᠪᠣᠯ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ | ᠬᠠᠮᠠᠷ ᠤᠨ ᠦᠷᠪᠢᠰᠦᠯ ᠪᠠ ᠬᠢᠷᠬᠢᠷ᠎ᠡ ᠶᠢ ᠡᠭᠦᠰᠭᠡᠬᠦ ᠭᠤᠤᠯ ᠰᠢᠯᠲᠠᠭᠠᠨ ᠪᠣᠯᠤᠨ᠎ᠠ᠂ ᠡᠭᠦᠨ ᠳᠤ ᠴᠡᠴᠡᠭ ᠤᠨ | ᠲᠣᠭᠤᠰᠣᠨ ᠤ ᠬᠠᠷᠰᠢᠯ ᠪᠣᠯ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠪᠠ | ᠬᠢᠷᠬᠢᠷ᠎ᠡ ᠶᠢ ᠡᠭᠦᠰᠭᠡᠬᠦ ᠭᠤᠤᠯ ᠰᠢᠯᠲᠠᠭᠠᠨ ᠪᠣᠯᠤᠨ᠎ᠠ᠃ | |