ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠪᠠᠢ | ᠰᠡᠴᠡᠨ︶ ᠲᠦᠷᠦᠭᠦᠭᠡᠨ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠬᠥᠬᠡᠬᠤᠲᠠ ᠶᠢᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠠᠢ ᠬᠠᠮᠲᠤᠷᠠᠨ ᠪᠥᠬᠦ | ᠬᠤᠲᠠ ᠶᠢᠨ ︽ᠰᠤᠷᠲᠠᠯ ᠢᠶᠠᠨ ᠬᠤᠪᠢᠷᠠᠭᠤᠯᠵᠤ᠂ ᠣᠷᠴᠢᠨ ᠨᠦᠬᠦᠴᠡᠯ ᠢᠶᠠᠨ ᠰᠢᠯᠢᠳᠡᠭᠵᠢᠭᠦᠯᠵᠦ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠬᠦ︾ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢᠨ ᠤᠷᠤᠯᠳᠤᠭᠠᠨ ᠥᠷᠨᠢᠭᠦᠯᠪᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠮᠡᠳᠡᠯᠭᠡ ᠶᠢᠨ ᠤᠷᠤᠯᠳᠤᠭᠠᠨ ᠳᠤ ᠨᠡᠶᠢᠲᠡ 37 ᠳᠤᠭᠤᠶᠢᠯᠠᠩ 130 ᠭᠠᠷᠤᠶ ᠬᠥᠮᠦᠰ ᠣᠷᠣᠯᠴᠠᠵᠠᠶ᠃ | ᠤᠷᠤᠯᠳᠤᠭᠠᠨ ᠨᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠢᠶᠠᠷ ᠳᠡᠮᠵᠢᠨ᠂ ᠬᠥᠬᠡᠬᠤᠲᠠ ᠶᠢᠨ | ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠭᠤᠷᠪᠠᠳᠤᠭᠠᠷ ᠠᠵᠢᠯ ᠮᠡᠷᠭᠡᠵᠢᠯ ᠤᠨ ᠳᠤᠮᠳᠠ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠭᠠᠭᠤᠯᠢ ᠵᠡᠷᠭᠡ 2 ᠨᠢᠭᠡᠴᠢ ᠶᠢ ᠲᠦᠯᠦᠬᠡᠯᠡᠨ ᠣᠷᠣᠯᠴᠠᠭᠰᠠᠨ ᠠᠩᠭᠢ ᠨᠢᠭᠡᠳᠦᠭᠡᠷ | ᠳᠡᠰ ᠤᠨ ᠱᠠᠩᠨᠠᠯ ᠭᠥᠷᠳᠡᠪᠡ᠃ | ᠲᠣᠰ ᠤᠳᠠᠭᠠᠨ ᠤ ᠤᠷᠤᠯᠳᠤᠭᠠᠨ ᠨᠢ ᠪᠥᠬᠦ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠢ ᠶᠢᠨ ᠠᠵᠢᠯᠲᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠮᠡᠳᠡᠯᠭᠡ ᠶᠢ | ᠰᠤᠷᠤᠯᠴᠠᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠲᠠᠯ᠎ᠠ ᠪᠠᠷ ᠬᠢ ᠠᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠥᠬᠡᠶ | ᠪᠠᠰᠠ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠢ ᠮᠡᠳᠡᠯᠭᠡ ᠶᠢᠨ ᠨᠥᠭᠡᠴᠡ ᠶᠢ ᠤᠯᠠᠮ ᠨᠢᠭᠡ ᠠᠯᠬᠤᠮ | ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠴᠢᠩᠭᠠᠳᠬᠠᠨ᠂ ᠥᠷᠭᠡᠨ | ᠣᠯᠠᠨ ᠺᠠᠳ᠋ᠷ ᠠᠵᠢᠯᠲᠠᠨ ᠠᠵᠢᠯᠴᠢᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | |