ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠠᠷᠢᠶᠠᠴᠢᠳ ᠲᠤ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/7/14
     7 ᠳ᠋ᠤᠭᠠᠷ ᠰᠠᠷ᠎ᠠ ᠶᠢᠨ 2 ᠤᠨ ᠡᠳᠦᠷ᠂ ᠪᠠᠭ᠎ᠠ ᠲᠦᠷᠭᠡᠨ ᠭᠤᠣᠯ ᠪᠠᠯᠭᠠᠰᠤ  ᠢᠦᠢ ᠴᠢᠦᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ  ᠬᠠᠮᠲᠤᠷᠠᠨ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠬᠦᠮ ᠤᠨ ᠲᠤᠰᠬᠠᠢ ᠮᠡᠷᠭᠡᠵᠢᠯᠲᠡᠨ ᠢ ᠤᠷᠢᠨ᠂ ᠮᠣᠯᠣᠭᠲᠠᠢ ᠲᠣᠰᠬᠤᠨ ᠳᠤ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠬᠤ ᠪᠣᠯᠪᠠᠰᠤᠷᠠᠭᠤᠯᠤᠯ ᠡᠷᠬᠢᠯᠡᠵᠦ᠂ ᠡᠯ᠎ᠡ ᠲᠣᠰᠬᠤᠨ ᠤ ᠲᠠᠷᠢᠶᠠᠯᠠᠩ ᠠᠵᠤ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠳᠠᠭᠠᠭᠤᠯᠤᠭᠴᠢ᠂ ᠲᠡᠵᠢᠭᠡᠪᠦᠷᠢ  ᠶᠢᠨ ᠡᠷᠦᠬᠡ ᠨᠦᠭᠦᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠤ᠂ ᠪᠣᠯᠪᠠᠰᠤᠷᠠᠭᠤᠯᠤᠯ ᠤᠨ ᠳᠠᠷᠠᠭ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠣᠰᠬᠤᠨ ᠳᠤ ᠢᠷᠡᠵᠦ ᠲᠠᠷᠢᠶᠠᠴᠢᠳ ᠲᠤ ᠡᠯ᠎ᠡ ᠵᠦᠢᠯ ᠤᠨ ᠲᠠᠷᠢᠶᠠᠯᠠᠩ ᠠᠵᠤ ᠠᠬᠤᠢ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠪᠡ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号