ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠳᠥᠷᠪᠡᠳᠦᠭᠡᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/16
     7 ᠰᠠᠷ᠎ᠠ ᠶᠢᠨ 2 ᠤᠨ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠷᠧᠨ ᠶᠠᠨ ᠰᠢᠶᠠᠩ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠳᠥᠷᠪᠡᠳᠦᠭᠡᠷ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠠᠴᠠ《 ᠪᠠᠲᠤ ᠵᠡᠷᠭᠡ ᠨᠥᠬᠦᠳ ᠢ ᠲᠤᠰᠢᠶᠠᠯ ᠠᠴᠠ ᠨᠢ ᠤᠭᠴᠠᠷᠠᠭᠤᠯᠬᠤ ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ︾  ᠂ ︽ᠶᠠᠨ ᠶᠦᠩ ᠨᠥᠬᠦᠷ ᠢ ᠲᠤᠰᠢᠶᠠᠯ ᠠᠴᠠ ᠨᠢ ᠪᠠᠭᠤᠯᠭᠠᠬᠤ ᠲᠤᠬᠠᠶ ᠵᠥᠪᠯᠡᠯᠭᠡ︾ ︽ ᠬᠠᠳᠠ ᠵᠡᠷᠭᠡ ᠨᠥᠬᠦᠳ ᠢ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠳᠡᠪᠰᠢᠭᠦᠯᠬᠦ ᠲᠤᠬᠠᠶ ᠵᠥᠪᠯᠡᠯᠭᠡ︾ ︽ ᠶᠢᠨ ᠴᠦᠨ ᠯᠢᠶᠠᠩ ᠨᠥᠬᠦᠷ ᠤᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠬᠦᠯᠢᠶᠡᠨ ᠠᠪᠤᠭᠤᠯᠬᠤ ᠪᠠᠷ ᠳᠡᠪᠰᠢᠭᠦᠯᠦᠭᠰᠡᠨ ᠰᠠᠨᠠᠯ ᠵᠥᠪᠯᠡᠯᠭᠡ︾ ︽ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠬᠠᠳᠠ ᠨᠥᠬᠦᠷ ᠢ ᠰᠢᠶᠠᠨ ᠤ ᠣᠷᠣᠯᠠᠭᠴᠢ ᠳᠠᠷᠤᠭ᠎ᠠ ᠪᠠᠷ ᠨᠡᠷ᠎ᠡ ᠳᠤᠷᠠᠳᠬᠤ ᠲᠤᠬᠠᠶ ᠵᠥᠪᠯᠡᠯᠭᠡ︾᠂ ︽ᠳ᠋ᠢ ᠭᠦᠸᠧ ᠰᠢᠶᠦᠩ ᠨᠥᠬᠦᠷ ᠤᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠪᠠᠷ ᠳᠡᠪᠰᠢᠭᠦᠯᠦᠭᠰᠡᠨ ᠭᠤᠶᠤᠴᠢᠯᠠᠯ ᠢ ᠬᠦᠯᠢᠶᠡᠨ ᠠᠪᠤᠭᠤᠯᠬᠤ ᠪᠠᠷ ᠳᠡᠪᠰᠢᠭᠦᠯᠦᠭᠰᠡᠨ ᠵᠥᠪᠯᠡᠯᠭᠡ︾᠂ ︽  ᠠᠨ ᠸᠠᠩ ᠨᠥᠬᠦᠷ ᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠭᠰᠠᠨ ᠵᠥᠪᠯᠡᠯᠭᠡ ᠶᠢ ᠬᠦᠯᠢᠶᠡᠨ ᠠᠪᠤᠭᠤᠯᠬᠤ ᠪᠠᠷ ᠳᠡᠪᠰᠢᠭᠦᠯᠦᠭᠰᠡᠨ ᠵᠥᠪᠯᠡᠯᠭᠡ︾ ᠶᠢ ᠬᠢᠨᠠᠨ ᠵᠥᠪᠯᠡᠪᠡ᠃      ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠡᠮᠡᠵᠦ ᠨᠥᠬᠦᠪᠥᠷᠢᠯᠡᠬᠦ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾ ᠶᠢ ᠰᠣᠨᠣᠰᠴᠤ ᠬᠢᠨᠠᠨ ᠶᠠᠷᠢᠯᠴᠠᠪᠠ ︔ ︽ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠥᠰᠦᠪ ᠢ ᠨᠡᠮᠡᠵᠦ ᠥᠭᠬᠦ ᠲᠤᠬᠠᠶ ᠵᠥᠪᠯᠡᠯᠭᠡ︾ ᠶᠢ ᠰᠣᠨᠣᠰᠴᠤ ᠬᠢᠨᠠᠨ ᠵᠥᠪᠯᠡᠪᠡ︔ ︽ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠲᠤᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠷᠭ᠎ᠠ ︵ᠲᠤᠷᠰᠢᠨ ᠬᠡᠷᠡᠭᠵᠢᠭᠦᠯᠬᠦ ᠲᠥᠰᠦᠯ︶︾ ᠶᠢ ᠰᠣᠨᠣᠰᠴᠤ ᠬᠢᠨᠠᠨ ︽ᠡᠯ᠎ᠡ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠭ᠎ᠠ ᠶᠢ ᠲᠠᠬᠢᠨ ᠲᠣᠭᠲᠠᠭᠠᠬᠤ ᠲᠤᠬᠠᠶ ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠦᠯ︶︾ ᠢ ᠰᠣᠨᠣᠰᠴᠤ ᠬᠢᠨᠠᠨ ᠶᠠᠷᠢᠯᠴᠠᠪᠠ᠃ ᠰᠢᠨ᠎ᠡ ᠪᠠᠷ ᠲᠤᠰᠢᠶᠠᠯ ᠳᠤ ᠭᠠᠷᠤᠭᠰᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠬᠠᠳᠠ ᠲᠤᠰ ᠤᠳᠠᠭ᠎ᠠ ᠶᠢᠨ ᠬᠤᠷᠠᠯ ᠳᠤ ᠲᠣᠮᠢᠯᠠᠭᠳᠠᠭᠰᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠢ ᠲᠥᠯᠥᠭᠡᠯᠡᠨ ᠲᠤᠰᠢᠶᠠᠯ ᠬᠠᠷᠢᠭᠤᠴᠠᠬᠤ ᠣᠪᠣᠷ ᠢᠶᠠᠨ ᠢᠯᠡᠳᠬᠡᠬᠦ ᠦᠭᠡ ᠬᠡᠯᠡᠪᠡ᠃      ᠬᠠᠳᠠ ᠢᠯᠡᠷᠬᠡᠶᠢᠯᠡᠬᠦ ᠳᠡᠭᠡᠨ᠂ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ᠂ ᠣᠯᠠᠨ ᠤ ᠢᠲᠡᠭᠡᠯ ᠤᠨ ᠡᠮᠦᠨ᠎ᠡ᠂ ᠬᠤᠶᠢᠰᠢᠳᠠ ᠶᠢᠨ ᠠᠵᠢᠯ ᠤᠨ ᠳᠤᠮᠳᠠ ᠪᠠᠨ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠵᠠᠰᠠᠭ ᠪᠠᠷᠢᠬᠤ ᠮᠣᠷᠠᠯ ᠢᠶᠠᠨ ᠪᠣᠯᠭᠠᠬᠤ ᠶᠢ ᠪᠠᠷᠢᠮᠲᠠᠯᠠᠨ᠎ᠠ︔ ᠤᠯᠠᠨ ᠲᠦᠮᠡᠨ ᠳᠤ ᠦᠢᠯᠡᠴᠢᠯᠡᠬᠦ ᠪᠠᠷ ᠵᠠᠰᠠᠭ ᠪᠠᠷᠢᠬᠤ ᠶᠢᠨ ᠴᠢᠬᠤᠯᠠ ᠵᠦᠢᠯ ᠪᠣᠯᠭᠠᠬᠤ ᠶᠢ ᠢᠮᠠᠭᠲᠠ ᠪᠠᠷᠢᠮᠲᠠᠯᠠᠨ᠎ᠠ︔ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠶᠠᠪᠤᠭᠤᠯᠬᠤ ᠠᠷᠭ᠎ᠠ ᠵᠠᠮ ᠪᠣᠯᠭᠠᠬᠤ ᠶᠢ ᠢᠮᠠᠭᠲᠠ ᠪᠠᠷᠢᠮᠲᠠᠯᠠᠨ᠎ᠠ︔ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠵᠠᠰᠠᠭ ᠶᠠᠪᠤᠭᠤᠯᠬᠤ ᠶᠢᠨ ᠰᠠᠭᠤᠷᠢ ᠪᠣᠯᠭᠠᠬᠤ ᠶᠢ ᠢᠮᠠᠭᠲᠠ ᠪᠠᠷᠢᠮᠲᠠᠯᠠᠨ᠎ᠠ︔ ᠠᠷᠢᠭᠤᠨ ᠴᠢᠬᠡᠴᠢ ᠪᠠᠶᠢᠬᠤ ᠪᠠᠷ ᠵᠠᠰᠠᠭ ᠪᠠᠷᠢᠬᠤ ᠶᠢᠨ ᠦᠨᠳᠦᠰᠦ ᠪᠣᠯᠭᠠᠬᠤ ᠶᠢ ᠢᠮᠠᠭᠲᠠ ᠪᠠᠷᠢᠮᠲᠠᠯᠠᠨ᠎ᠠ᠃ ᠦᠴᠤᠸᠠᠨ ᠤ ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ᠂ ᠪᠢᠳᠡ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠵᠠᠰᠠᠭ ᠤᠨ ᠣᠷᠳᠣᠨ ᠤ ᠪᠦᠬᠦ ᠠᠵᠢᠯᠳᠠᠨ ᠪᠣᠯᠤᠨ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤᠪᠠᠷ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠪᠠᠶᠢᠵᠤ᠂ ᠪᠢᠳᠡᠨ ᠤ ᠬᠠᠮᠲᠤᠪᠠᠷ ᠬᠠᠶᠢᠷᠠᠯᠠᠵᠤ ᠪᠠᠶᠢᠭ᠎ᠠ ᠦᠵᠡᠰᠬᠦᠯᠡᠩᠲᠦ ᠰᠠᠶᠢᠬᠠᠨ ᠴᠢᠬᠤᠯᠠ ᠪᠠᠯᠭᠠᠰᠤ᠂ ᠷᠢᠳᠢ ᠰᠢᠳᠢ ᠲᠠᠢ ᠦᠴᠤᠸᠠᠨ ᠢ ᠨᠡᠩ ᠰᠠᠶᠢᠨ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠡᠷᠡᠰ ᠵᠣᠷᠢᠭ ᠪᠠ ᠢᠲᠡᠭᠡᠯ ᠲᠠᠢ ᠪᠠᠶᠢᠨ᠎ᠠ ᠭᠡᠪᠡ᠃      ᠷᠧᠨ ᠶᠠᠨ ᠰᠢᠶᠠᠩ ᠴᠢᠬᠤᠯᠠᠴᠢᠯᠠᠬᠤ ᠳᠠᠭᠠᠨ᠂ ᠲᠤᠰᠢᠶᠠᠯ ᠳᠤ ᠲᠣᠮᠢᠯᠠᠭᠳᠠᠭᠰᠠᠨ ᠨᠥᠬᠦᠳ ᠰᠤᠷᠤᠯᠴᠠᠯᠭ᠎ᠠ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠠᠯᠢ ᠲᠦᠷᠭᠡᠨ ᠢᠶᠠᠷ ᠳᠦᠷᠢ ᠳᠤ ᠣᠷᠣᠬᠤ ᠬᠡᠷᠡᠭᠲᠡᠶ︔ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ ᠬᠡᠷᠡᠭᠲᠡᠶ︔ ᠡᠭᠦᠷᠭᠡ ᠪᠠᠨ ᠲᠣᠳᠣᠷᠬᠠᠶ ᠪᠣᠯᠭᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠮᠠᠨ ᠤ ᠰᠢᠶᠠᠨ ᠤ ᠡᠯ᠎ᠡ ᠵᠦᠢᠯ ᠤᠨ ᠠᠵᠢᠯ ᠢᠶᠠᠨ ᠠᠬᠢᠭᠤᠯᠬᠤ ᠬᠡᠷᠡᠭᠲᠡᠶ︔ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠤ ᠬᠠᠯᠠᠭᠤᠨ ᠬᠦᠢᠳᠡᠨ ᠢ ᠰᠡᠳᠬᠢᠯ ᠳᠡᠭᠡᠨ ᠪᠤᠳᠤᠬᠤ ᠬᠡᠷᠡᠭᠲᠡᠶ᠃ ᠪᠡᠶ᠎ᠡ ᠪᠠᠨ ᠴᠢᠩᠭ᠎ᠠ ᠱᠠᠭᠠᠷᠳᠠᠵᠤ᠂ ᠠᠵᠢᠯᠴᠢ ᠬᠢᠴᠢᠶᠡᠩᠭᠦᠶ ᠠᠷᠢᠭᠤᠨ ᠴᠢᠬᠡᠴᠢ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号