ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/16
     7 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠵᠢᠷᠭᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃  
     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠶᠡᠷᠦᠩᠬᠡᠶ ᠱᠦᠵᠢ ᠰᠢ ᠶᠢᠨ ᠫᠢᠩ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠢ ᠣᠯᠭᠤᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︔ ᠶᠡᠷᠦᠩᠬᠡᠢ ᠱᠦᠵᠢ ᠰᠢ ᠶᠢᠨ ᠫᠢᠩ ᠤᠨ ︽︿ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ ︾ ᠢ ᠲᠣᠭᠤᠷᠢᠨ ᠦᠵᠡᠬᠦ ᠳᠡᠭᠡᠨ  ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢ‌ᠤᠯᠠᠮᠵᠢᠯᠠᠨ ᠰᠤᠷᠤᠯᠴᠠᠪᠠ᠃ ᠠᠷᠪᠠ ᠶᠢᠰᠦᠳᠦᠭᠡᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ︔ 6 ᠰᠠᠷ᠎ᠠ ᠶᠢᠨ 9 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠷᠢᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠰᠠᠶᠢᠳ ᠯᠢ ᠺᠧ ᠴᠢᠶᠠᠩ ᠤᠨ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠴᠦᠯᠡᠨ ᠪᠤᠶᠢᠵᠢᠭᠤᠯᠬᠤ ᠪᠠ ᠬᠥᠭᠵᠢᠭᠡᠬᠦ ᠲᠧᠯᠸᠢᠰ ᠤᠲᠠᠰᠤᠲᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ ᠢ ᠤᠯᠠᠮᠵᠢᠯᠠᠪᠠ︔ ︽︿ᠨᠢᠭᠡᠳᠦᠭᠡᠷ ᠭᠠᠷ﹀ ᠪᠣᠯᠤᠨ ᠤᠳᠤᠷᠢᠳᠬᠤ ᠪᠠᠭ ᠲᠤ ᠲᠠᠯᠪᠢᠬᠤ ᠬᠢᠨᠠᠯᠲᠠ ᠶᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾ ᠢ ᠰᠤᠷᠤᠯᠴᠠᠪᠠ᠃      ᠬᠠᠳᠠ ᠴᠢᠬᠤᠯᠠᠴᠢᠯᠠᠬᠤ ᠳᠠᠭᠠᠨ᠄ ᠰᠢ ᠶᠢᠨ ᠫᠢᠩ ᠶᠡᠷᠦᠩᠬᠡᠶ ᠱᠦᠵᠢ ᠪᠦᠬᠦ ᠤᠯᠤᠰ ᠤᠨ ︽ᠬᠤᠶᠠᠷ ᠰᠢᠯᠢᠳᠡᠭ ᠨᠢᠭᠡ ᠲᠡᠷᠢᠭᠦᠨ ᠳᠤ ᠣᠷᠣᠬᠤ︾ ᠶᠢ ᠬᠥᠬᠢᠭᠦᠯᠦᠨ ᠰᠠᠶᠢᠰᠢᠶᠠᠬᠤ ᠡᠲᠡᠭᠡᠳ᠂ ᠪᠦᠬᠦ ᠤᠯᠤᠰ ᠤᠨ ᠰᠢᠯᠢᠳᠡᠭ ᠰᠢᠶᠠᠨ ᠤ ᠨᠠᠮ ᠤᠨ ᠬᠤᠷᠢᠶᠠᠨ ᠤ ᠱᠦᠵᠢ ᠨᠡᠷ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ ᠠᠴᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠪᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃      ᠳᠠᠷᠠᠭᠠᠴᠢ ᠶᠢᠨ ᠠᠯᠬᠤᠮ ᠳᠤ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠬᠢᠴᠢᠶᠡᠯ ᠪᠣᠯᠭᠠᠵᠤ᠂ ᠬᠥᠬᠢᠭᠦᠯᠦᠭᠳᠡᠨ ᠰᠠᠶᠢᠰᠢᠶᠠᠭᠳᠠᠭᠰᠠᠨ ᠨᠠᠮ ᠤᠨ ᠭᠡᠰᠢᠭᠦᠨ ᠤ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ ᠢ ᠶᠡᠭᠡ ᠪᠠᠷ ᠤᠬᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠳᠠᠭᠤᠷᠢᠶᠠᠯ ᠪᠣᠯᠭᠠᠵᠤ᠂ ᠪᠠᠲᠤ ᠴᠢᠩᠭ᠎ᠠ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠶᠢ ᠪᠣᠯᠪᠠᠰᠤᠷᠠᠭᠤᠯᠵᠤ᠂ ᠠᠷᠢᠭᠤᠨ ᠴᠢᠬᠡᠴᠢ ᠬᠡᠪ ᠰᠤᠷᠲᠠᠯ ᠢ ᠪᠠᠲᠤᠯᠠᠵᠤ᠂ ᠬᠤᠰᠢᠭᠤᠴᠢ ᠵᠢᠱᠢᠶᠡᠴᠢ ᠶᠢᠨ ᠦᠢᠯᠡᠳᠦᠯ ᠪᠠ ᠲᠠᠶᠢᠴᠢᠨ ᠪᠠᠬᠢᠯᠡᠯᠲᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠨᠠᠮ ᠳᠠᠭᠠᠨ ᠣᠰᠣᠯᠳᠠᠬᠤ ᠦᠭᠡᠢ᠂ ᠠᠷᠠᠳ ᠲᠦᠮᠡᠨ ᠳᠡᠭᠡᠨ ᠣᠰᠣᠯᠳᠠᠬᠤ ᠦᠭᠡᠢ᠂ ᠴᠠᠭ ᠦᠶ᠎ᠡ ᠳᠡᠭᠡᠨ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠪᠡ᠃      ᠬᠠᠳᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠴᠢᠬᠤᠯᠠ ᠥᠭᠦᠯᠡᠯᠲᠡ ᠬᠢᠵᠦ᠂ ᠪᠢᠳᠡᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠵᠠᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠰᠠᠬᠢᠨ ᠬᠠᠮᠠᠭᠠᠯᠠᠵᠤ᠂ ᠬᠦᠴᠦ ᠪᠠᠨ ᠲᠥᠪᠯᠡᠷᠡᠭᠦᠯᠦᠨ ᠤᠰᠤ᠂ ᠠᠭᠠᠷ ᠮᠠᠨᠳᠠᠯ᠂ ᠬᠥᠷᠥᠰᠥ ᠰᠢᠷᠣᠢ ᠵᠡᠷᠭᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠬᠤᠷᠢᠭ᠎ᠠ ᠱᠤᠭᠤᠮ ᠢ ᠦᠨᠡᠨᠬᠦ ᠰᠠᠬᠢᠬᠤ ᠬᠡᠷᠡᠭᠲᠡᠢ︔ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠤᠨ ᠬᠥᠭᠵᠢᠯᠲᠡ ᠶᠢᠨ ᠳᠠᠪᠠᠭᠤᠯᠢᠭ ᠢ ᠪᠠᠲᠤ ᠡᠵᠡᠮᠳᠡᠵᠦ᠂ ︽ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠪᠡ᠃      ᠬᠤᠷᠠᠯ ᠠᠴᠠ ᠳᠡᠭᠡᠷ᠎ᠡ ᠬᠠᠭᠠᠰ ᠵᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠪᠠ ᠳᠣᠤᠷ᠎ᠠ ᠬᠠᠭᠠᠰ ᠵᠢᠯ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂  ᠬᠠᠳᠠ ᠴᠢᠬᠤᠯᠠᠴᠢᠯᠠᠬᠤ ᠳᠠᠭᠠᠨ᠂ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠣ᠂ ᠬᠠᠤᠯᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠠᠭ ᠤᠨ ᠪᠦᠷᠢᠯᠳᠦᠬᠦᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠷᠢᠭᠤᠴᠠᠯᠭᠠᠲᠠᠨ ︽ᠭᠤᠷᠪᠠᠨ ᠲᠣᠭᠲᠠᠭᠠᠯ︾ ᠢ ᠨᠡᠶᠢᠲᠡᠯᠡᠭᠰᠡᠨ ᠠᠬᠤᠶ ᠪᠠᠶᠢᠳᠠᠯ᠂ ᠭᠤᠣᠯ ᠠᠭᠤᠯᠭ᠎ᠠ᠂ ᠲᠥᠷᠥ ᠶᠢᠨ ᠪᠣᠳᠣᠯᠭ᠎ᠠ ᠶᠢᠨ ᠵᠠᠭᠠᠭ ᠬᠢᠵᠠᠭᠠᠷ᠂ ᠴᠢᠬᠤᠯᠠ ᠠᠴᠢ ᠬᠤᠯᠪᠣᠭᠳᠠᠯ ᠵᠡᠷᠭᠡ ᠲᠠᠯ᠎ᠠ ᠠᠴᠠ ︽ᠭᠤᠷᠪᠠᠨ ᠲᠣᠭᠲᠠᠭᠠᠯ︾ ᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠨᠠᠷᠢᠨ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ ︽ᠦᠴᠤᠸᠠᠨ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ︿ᠭᠤᠷᠪᠠᠨ ᠲᠣᠭᠲᠠᠭᠠᠯ﹀ ᠢ ᠴᠢᠩᠭ᠎ᠠ ᠬᠡᠷᠡᠭᠵᠢᠭᠦᠯᠬᠦ ᠢᠯᠡ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠳᠠ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠡᠮᠦᠨ᠎ᠡ ᠠᠴᠠ ᠣᠪᠣᠷ ᠢᠶᠠᠨ ᠢᠯᠡᠳᠬᠡᠨ ᠶᠠᠷᠢᠶ᠎ᠠ ᠲᠠᠯᠪᠢᠵᠤ᠂ ᠨᠡᠶᠢᠭᠡᠮ ᠨᠡᠶᠢᠲᠡ ᠳᠤ ᠢᠯᠡ ᠪᠠᠷ ᠠᠮᠠᠯᠠᠵᠤ᠂ ᠬᠠᠤᠯᠢ ᠪᠠᠷᠢᠬᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠨ ᠲᠥᠪ ᠭᠤᠣᠯᠴᠢ ᠪᠠᠷ ᠬᠡᠷᠡᠭᠵᠢᠭᠦᠯᠬᠦ ᠶᠢ ᠡᠷᠡᠰ ᠲᠡᠮᠵᠢᠵᠤ᠂ ᠬᠠᠤᠯᠢ ᠪᠠᠷᠢᠬᠤ ᠰᠠᠯᠠᠭ᠎ᠠ ᠮᠥᠴᠢᠷ ᠤᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠠᠤᠯᠢ ᠪᠠᠷᠢᠬᠤ ᠡᠷᠬᠡ ᠰᠦᠷ ᠢ ᠬᠠᠮᠠᠭᠠᠯᠠᠨ᠂ ᠲᠥᠪ ᠭᠤᠣᠯᠴᠢ ᠰᠢᠳᠤᠷᠭᠤ ᠶᠣᠰᠣᠨ ᠤ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠤᠢ ᠪᠤᠯᠭᠠᠨ᠎ᠠ ᠭᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠪᠡᠶ᠎ᠡ ᠪᠠᠷ ᠢᠶᠠᠨ ᠬᠡᠪ ᠳᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ ᠂ ︽ᠭᠤᠷᠪᠠᠨ ᠲᠣᠭᠲᠠᠭᠠᠯ︾ ᠢ ᠲᠦᠷᠦᠭᠦᠯᠡᠨ ᠵᠢᠷᠤᠮᠯᠠᠵᠤ᠂ ᠬᠠᠤᠯᠢ ᠪᠠᠷᠢᠬᠤ ᠪᠠᠶᠢᠭᠤᠯᠭ᠎ᠠ ᠶᠢᠨ ᠬᠠᠤᠯᠢ ᠶᠣᠰᠣᠭᠠᠷ ᠪᠡᠶ᠎ᠡ ᠪᠠᠨ ᠳᠠᠭᠠᠭᠠᠬᠤ᠂ ᠲᠥᠪ ᠭᠤᠣᠯᠴᠢ ᠪᠠᠷ ᠬᠡᠷᠡᠭ ᠰᠢᠢᠳᠪᠦᠷᠢᠯᠡᠬᠦ ᠶᠢ ᠳᠡᠮᠵᠢᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠪ ᠭᠤᠣᠯᠴᠢ ᠠᠷᠢᠭᠤᠨ ᠴᠢᠬᠡᠴᠢ ᠪᠠᠷ ᠬᠠᠤᠯᠢ ᠪᠠᠷᠢᠬᠤ ᠶᠢ ᠠᠬᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠬᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ᠪᠠᠰᠠ ᠠᠵᠢᠯᠳᠠᠨ ᠢ ᠲᠣᠮᠢᠯᠠᠵᠤ ᠪᠠᠭᠤᠯᠭᠠᠬᠤ ᠬᠠᠮᠢᠶ᠎ᠠ ᠪᠦᠬᠦᠢ ᠶᠠᠪᠤᠳᠠᠯ ᠢ ᠰᠤᠳᠤᠯᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号