ᠨᠢᠭᠡ᠂ ᠲᠣᠭᠲᠠᠭᠠᠭᠰᠠᠨ ᠵᠣᠷᠢᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠬᠦ | ᠂ ᠬᠠᠤᠯᠢᠵᠢᠭᠤᠯᠬᠤ᠂ ᠤᠶᠤᠨᠴᠢᠯᠠᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︾ ᠭᠡᠵᠦ | ᠲᠣᠳᠣᠷᠬᠠᠢ ᠳᠤᠷᠠᠳᠴᠠᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠠᠵᠢᠯ ᠢ | ᠴᠢᠩᠭᠠᠳᠬᠠᠬᠤ ᠨᠢ᠂ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠨᠠᠩ ᠰᠠᠶᠢᠲᠤᠷ ᠭᠦᠨᠵᠡᠭᠡᠶᠢᠷᠡᠭᠦᠯᠵᠦ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠵᠥᠪ ᠢᠶᠠᠷ ᠭᠦᠢᠴᠡᠳᠬᠡᠬᠦ᠂ ᠵᠠᠰᠠᠭ ᠤᠨ ᠣᠷᠳᠣᠨ ᠤ ᠵᠠᠰᠠᠯᠲᠠ ᠶᠢᠨ | ᠣᠳᠣᠬᠢᠴᠢᠯᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ | ᠶᠤᠮ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶ ᠶᠢ ᠲᠣᠭᠲᠠᠭᠠᠭᠰᠠᠨ ᠶᠠᠪᠤᠳᠠᠯ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠪᠠᠷᠢᠮᠵᠢᠶᠠᠵᠢᠭᠤᠯᠤᠯᠲᠠ ᠶᠢᠨ ᠣᠨᠣᠯᠵᠢᠬᠤᠨ᠂ | ᠵᠠᠷᠴᠢᠮ᠂ ᠠᠷᠭ᠎ᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠣᠷᠤᠭᠤᠯᠬᠤ ᠶᠢ ᠪᠦᠲᠦᠮᠵᠢᠲᠡᠶ | ᠠᠬᠢᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠲᠣᠭᠲᠠᠯᠴᠠᠭ᠎ᠠ ᠶᠢ ᠪᠠᠶᠢᠭᠤᠯᠬᠤ ᠪᠠ | ᠬᠡᠷᠡᠭᠵᠢᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ | ᠴᠢᠨᠠᠷ ᠪᠠ ᠬᠢᠷᠢ ᠲᠥᠪᠰᠢᠨ ᠢ ᠳᠡᠭᠡᠭᠰᠢᠯᠡᠭᠦᠯᠬᠦ ᠪᠣᠯᠣᠨ᠎ᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︽ᠬᠠᠮᠢᠶᠠᠷᠤᠯᠲᠠ ᠶᠢᠨ ᠠᠷᠭ᠎ᠠ︾ ᠭᠤᠣᠯᠳᠠᠭᠤ ︽ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ | ᠰᠢᠯᠢᠳᠡᠭᠵᠢᠭᠦᠯᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 722 ᠳ᠋ᠤᠭᠠᠷ ᠲᠣᠭᠠᠲᠤ︶᠂ ︽ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠳ ︵ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 716 ᠳ᠋ᠤᠭᠠᠷ ᠲᠣᠭᠠᠲᠤ︶᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠨᠡᠶᠢᠲᠡᠯᠡᠬᠦ ᠳᠥᠷᠢᠮ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ | ᠬᠤᠷᠢᠶᠠᠨ ᠤ ᠵᠠᠷᠯᠢᠭ 711 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠠ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ︽ᠬᠢᠨᠠᠨ ᠵᠥᠪᠰᠢᠶᠡᠷᠡᠯ ᠤᠨ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠶᠢ | ᠭᠦᠨᠵᠡᠭᠡᠶ ᠠᠬᠢᠭᠤᠯᠬᠤ ᠲᠤᠬᠠᠶ ᠵᠢᠯᠣᠭᠤᠳᠬᠤ ᠰᠠᠨᠠᠯ︾ ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ﹀ ᠶᠢᠨ ᠮᠡᠷᠭᠡᠵᠢᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠲᠠᠷᠬᠠᠭᠠᠬᠤ | ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2016﹈ 108 ᠳ᠋ᠤᠭᠠᠷ ᠲᠣᠭᠠᠲᠤ︶᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ | ᠰᠠᠶᠢᠨ ᠮᠠᠭᠤ ᠶᠢ ᠦᠨᠡᠯᠡᠬᠦ﹀ ᠲᠦᠷᠢᠮ ᠢ ᠪᠠᠶᠢᠭᠤᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠥᠪᠰᠢᠨ | ᠢ ᠳᠡᠭᠡᠭᠰᠢᠯᠡᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ﹇2019﹈ 51 ᠳ᠋ᠦ᠋ᠭᠡᠷ ᠲᠣᠭᠠᠲᠤ︶᠂ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2020﹈ 53 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ | ᠦᠨᠳᠦᠰᠦᠯᠡᠪᠡ᠃ ᠡᠭᠦᠨ ᠤ ᠬᠠᠮᠲᠤ ︽ᠬᠠᠮᠢᠶᠠᠷᠤᠯᠲᠠ ᠶᠢᠨ ᠠᠷᠭ᠎ᠠ︾ ᠨᠢ ᠪᠠᠰᠠ ᠪᠡᠭᠡᠵᠢᠩ᠂ ᠰᠧᠴᠤᠸᠠᠨ ᠵᠡᠷᠭᠡ | ᠲᠡᠷᠢᠭᠦᠨ ᠤ ᠮᠤᠵᠢ ᠬᠤᠳᠠ ᠶᠢᠨ ᠲᠤᠷᠰᠢᠯᠭ᠎ᠠ ᠪᠠ ᠠᠷᠭ᠎ᠠ ᠬᠢᠳᠡᠯ ᠢᠶᠠᠷ ᠯᠠᠪᠯᠠᠯᠲᠠ ᠪᠣᠯᠭᠠᠵᠠᠢ᠃ | ᠭᠤᠷᠪᠠ᠂ ᠭᠤᠣᠯ ᠠᠭᠤᠯᠭ᠎ᠠ | ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠵᠢᠷᠭᠤᠭᠠᠨ ᠪᠦᠯᠦᠭ ᠭᠤᠴᠢᠨ ᠨᠠᠢᠮᠠᠨ ᠵᠦᠢᠯ ᠪᠠᠶᠢᠵᠤ᠂ | ᠭᠤᠤᠯᠳᠠᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ᠂ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠢᠨᠠᠯᠲᠠ | ᠲᠠᠯᠪᠢᠵᠤ ᠦᠨᠡᠯᠡᠬᠦ ᠵᠡᠷᠭᠡ ᠪᠠᠷᠢᠮᠵᠢᠶᠠᠵᠢᠭᠤᠯᠤᠭᠰᠠᠨ ᠠᠭᠤᠯᠭ᠎ᠠ ᠶᠢ ᠵᠢᠷᠤᠮᠵᠢᠭᠤᠯᠪᠠ᠃ | ︵ᠨᠢᠭᠡ︶ ᠶᠡᠷᠦᠩᠬᠡᠶ ᠲᠦᠷᠢᠮ ᠤᠨ ᠲᠤᠬᠠᠶ | ︽ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠲᠣᠭᠲᠠᠭᠠᠭᠰᠠᠨ ᠵᠣᠷᠢᠯᠭ᠎ᠠ ᠶᠢᠨ ᠦᠨᠳᠦᠰᠦᠯᠡᠯ᠂ ᠬᠡᠷᠡᠭᠯᠡᠬᠦ | ᠬᠡᠪᠴᠢᠶ᠎ᠡ᠂ ᠤᠬᠠᠭᠳᠠᠬᠤᠨ ᠤ ᠲᠣᠮᠢᠶᠠᠯᠠᠯ᠂ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠵᠡᠷᠭᠡ ᠶᠢ | ᠵᠢᠷᠤᠮᠵᠢᠭᠤᠯᠪᠠ᠃ ᠢᠯᠠᠩᠭᠤᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠣᠳᠣᠷᠬᠠᠶ ᠤᠬᠠᠭᠳᠠᠬᠤᠨ ᠣᠯᠭᠤᠵᠠᠢ᠃ | ᠲᠤᠬᠠᠶᠢᠯᠠᠪᠠᠯ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠭᠡᠳᠡᠭ ᠨᠢ ᠲᠣᠰ | ᠱᠠᠲᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠵᠢᠯ ᠢ ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠢᠭᠠᠵᠤ | ᠪᠠᠶᠢᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠢᠶᠠᠯ ᠬᠠᠷᠢᠭᠤᠴᠠᠯᠭ᠎ᠠ ᠪᠦᠬᠦᠢ ᠪᠤᠰᠤᠳ ᠪᠠᠶᠢᠭᠤᠯᠤᠮᠵᠢ ᠶᠢ | ᠵᠢᠭᠠᠵᠤ ᠪᠠᠶᠢᠨ᠎ᠠ᠃ | ︵ᠬᠤᠶᠠᠷ︶ ᠵᠦᠢᠯᠡᠰ ᠤᠨ ᠭᠠᠷᠴᠠᠭ ᠪᠠ ᠠᠵᠢᠯ ᠶᠠᠪᠤᠳᠠᠯ ᠭᠦᠢᠴᠡᠳᠬᠡᠬᠦ ᠵᠥᠭᠯᠡᠭᠦᠷ ᠢ ᠪᠠᠷᠢᠮᠵᠢᠶᠠᠵᠢᠭᠤᠯᠬᠤ | ᠲᠤᠬᠠᠶ | ︽ᠬᠠᠮᠢᠶᠠᠷᠤᠯᠲᠠ ᠶᠢᠨ ᠠᠷᠭ᠎ᠠ︾ ᠳᠤ᠄ ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠲᠤ ᠭᠠᠷᠴᠠᠭ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ︔ ᠬᠤᠶᠠᠷ ᠲᠤ᠂ | ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠦᠨᠳᠦᠰᠦᠨ ᠳ᠋ᠤᠭᠠᠷᠯᠠᠯ᠂ | ᠵᠦᠢᠯᠡᠰ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ | ᠦᠢᠯᠡᠴᠢᠯᠡᠬᠦ ᠡᠲᠡᠭᠡᠳ᠂ ᠭᠦᠢᠴᠡᠳᠬᠡᠬᠦ ᠴᠣᠪᠣᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ | ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ᠂ ᠰᠦᠢᠳᠬᠡᠯ ᠬᠤᠷᠢᠶᠠᠬᠤ ᠦᠨᠳᠦᠰᠦᠯᠡᠯ᠂ ᠰᠢᠢᠳᠪᠦᠷᠢᠯᠡᠭᠰᠡᠨ | ᠦᠷ᠎ᠡ ᠳ᠋ᠦᠩ ᠵᠡᠷᠭᠡ ᠶᠢ ᠨᠢᠭᠡᠳᠦᠯᠲᠡᠶ ᠪᠠᠶᠢᠯᠭᠠᠬᠤ ᠬᠡᠷᠡᠭᠲᠡᠶ︔ ᠭᠤᠷᠪᠠ ᠳᠤ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠳᠤ ᠬᠤᠯᠪᠣᠭᠳᠠᠭᠰᠠᠨ ᠵᠠᠭᠤᠴᠢ ᠦᠢᠯᠡᠴᠢᠯᠡᠭᠡᠨ ᠤ ᠵᠦᠢᠯᠡᠰ ᠪᠠ ᠭᠡᠷᠡᠴᠢᠯᠡᠬᠦ ᠵᠦᠢᠯᠡᠰ ᠨᠢ ᠬᠠᠤᠯᠢ | ᠴᠠᠭᠠᠵᠠ᠂ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦ | ᠪᠠᠷᠢᠮᠲᠠ ᠲᠠᠢ ᠪᠠᠶᠢᠬᠤ ᠬᠡᠷᠡᠭᠲᠡᠶ︔ ᠲᠦᠷᠪᠡ ᠳᠤ᠂ ᠭᠤᠶᠤᠴᠢᠯᠠᠬᠤ ᠮᠠᠲ᠋ᠧᠷᠢᠶᠠᠯ ᠢ ᠮᠡᠳᠡᠭᠡ ᠵᠠᠩᠭᠢ ᠪᠠ ᠡᠯᠧᠺᠲᠷᠣᠨ | ᠬᠡᠷᠡᠴᠢ ᠦᠨᠡᠮᠯᠡᠯ ᠢ ᠬᠠᠮᠲᠤ ᠪᠠᠷ ᠬᠦᠷᠲᠡᠬᠦ ᠪᠠᠷ ᠳᠠᠮᠵᠢᠭᠤᠯᠤᠨ ᠣᠯᠵᠤ ᠪᠣᠯᠤᠨ᠎ᠠ ᠭᠡᠵᠦ ᠲᠣᠳᠣᠷᠬᠠᠶᠢᠯᠠᠪᠠ᠃ | ︵ᠭᠤᠷᠪᠠ︶ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠪᠠᠷᠢᠮᠵᠢᠶᠠᠵᠢᠭᠤᠯᠬᠤ ᠲᠤᠬᠠᠶ | ᠪᠥᠬᠦ ᠣᠷᠣᠨ ᠳᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠲᠠᠯ᠎ᠠ ᠪᠠᠷ᠂ ︽ᠬᠠᠮᠢᠶᠠᠷᠤᠯᠲᠠ ᠶᠢᠨ ᠠᠷᠭ᠎ᠠ︾ ᠳᠤ᠄ ᠨᠢᠭᠡ ᠳᠤ᠂ ᠪᠥᠬᠦ | ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠰᠲ᠋ᠧᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠳᠡ | ᠡᠷᠦᠬᠡ᠂ ᠬᠢᠷᠬᠢᠮ ᠤᠨ ᠭᠡᠷᠡᠴᠢᠯᠡᠯ ᠤᠨ ᠰᠢᠰᠲ᠋ᠧᠮ᠂ ᠡᠯᠧᠺᠲᠷᠣᠨ ᠦᠨᠡᠮᠯᠡᠯ ᠤᠨ ᠰᠢᠰᠲ᠋ᠧᠮ᠂ ᠡᠯᠧᠺᠲᠷᠣᠨ | ᠲᠠᠮᠠᠭ᠎ᠠ ᠶᠢᠨ ᠰᠢᠰᠲ᠋ᠧᠮ ᠪᠠ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠢ ᠨᠢᠭᠡᠳᠦᠯᠲᠡᠶ ᠠᠰᠢᠭᠯᠠᠬᠤ ᠬᠡᠷᠡᠭᠲᠡᠢ᠂ | ᠬᠠᠮᠢᠶ᠎ᠠ ᠪᠥᠬᠦᠶ ᠰᠢᠰᠲ᠋ᠧᠮ ᠢ ᠳᠠᠪᠬᠤᠷᠳᠠᠭᠤᠯᠤᠨ ᠪᠠᠶᠢᠭᠤᠯᠵᠤ ᠪᠣᠯᠬᠤ ᠥᠬᠡᠶ᠃ ᠬᠤᠶᠠᠷ ᠲᠤ᠂ ᠨᠠᠩ ᠣᠯᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠬᠠᠷᠢᠯᠴᠠᠨ ᠨᠡᠪᠲᠡᠷᠡᠯᠴᠡᠬᠦ᠂ ᠲᠤᠭ᠎ᠠ | ᠪᠠᠷᠢᠮᠲᠠ ᠶᠢ ᠬᠠᠮᠲᠤ ᠪᠠᠷ ᠬᠦᠷᠲᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠱᠠᠭᠠᠷᠳᠠᠵᠤ᠂ ︽ | ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠡᠯᠧᠺᠲᠷᠣᠨ | ᠲᠠᠮᠠᠭ᠎ᠠ ᠨᠢ ᠪᠣᠳᠠᠲᠤ ᠲᠠᠮᠠᠭ᠎ᠠ ᠲᠠᠢ ᠠᠳᠠᠯᠢᠬᠠᠨ ᠬᠠᠤᠯᠢ ᠴᠠᠭᠠᠵᠠ ᠶᠢᠨ ᠬᠦᠴᠦᠨ ᠲᠠᠢ᠂ ᠡᠯᠧᠺᠲᠷᠣᠨ ᠲᠠᠮᠠᠭ᠎ᠠ | ᠳᠠᠷᠤᠭᠰᠠᠨ ᠡᠯᠧᠺᠲᠷᠣᠨ ᠮᠠᠲ᠋ᠧᠷᠢᠶᠠᠯ ᠨᠢ ᠬᠠᠤᠯᠢ ᠶᠣᠰᠣᠨ ᠤ ᠬᠦᠴᠦᠨ ᠲᠠᠢ ᠪᠦᠭᠡᠳ ᠢᠯᠡᠷᠡᠭᠦᠯᠬᠦ ᠪᠤᠶᠤ | ᠳᠠᠷᠤᠮᠠᠯᠯᠠᠨ ᠬᠡᠷᠡᠭᠯᠡᠵᠦ ᠪᠣᠯᠣᠨ᠎ᠠ ᠭᠡᠵᠦ ᠲᠣᠳᠣᠷᠬᠠᠶᠢᠯᠠᠪᠠ᠃ | ︵ᠳᠥᠷᠪᠡ︶ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ | ᠲᠤᠬᠠᠶ | ᠤᠯᠠᠨ ᠲᠦᠮᠡᠨ ᠤ ᠬᠡᠷᠡᠭ ᠡᠷᠬᠢᠯᠡᠬᠦ ᠭᠠᠵᠠᠷ ᠢ ᠠᠮᠠᠷᠬᠠᠨ ᠢᠯᠭᠠᠨ ᠲᠠᠨᠢᠵᠤ ᠡᠷᠢᠵᠦ ᠤᠯᠬᠤ ᠳᠤ ᠳᠥᠭᠦᠮ | ᠦᠵᠡᠭᠦᠯᠬᠦ ᠶᠢᠨ ᠲᠤᠰᠠᠳᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠢᠳᠠᠮᠵᠢ ᠶᠢᠨ ᠪᠠᠶᠢᠷᠢ | ᠲᠣᠭᠲᠠᠭᠠᠯᠲᠠ᠂ ᠨᠡᠷᠡᠶᠢᠳᠦᠯ ᠤᠨ ᠢᠯᠡᠳᠬᠡᠮᠵᠢ ᠲᠡᠮᠳᠡᠭ᠂ ᠰᠠᠭᠤᠷᠢ ᠪᠡᠯᠡᠳᠬᠡᠮᠵᠢ᠂ ᠠᠵᠢᠯᠯᠠᠭᠠᠨ ᠤ ᠵᠠᠭᠪᠤᠷ᠂ | ᠬᠦᠯᠢᠶᠡᠨ ᠠᠪᠴᠤ ᠰᠢᠢᠳᠪᠦᠷᠢᠯᠡᠬᠦ ᠵᠠᠭᠪᠤᠷ ᠢ ᠪᠠᠷᠢᠮᠵᠢᠶᠠᠵᠢᠭᠤᠯᠤᠨ ᠨᠢᠭᠡᠳᠬᠡᠬᠦ ᠬᠡᠷᠡᠭᠲᠡᠢ︔ ᠡᠭᠦᠨ ᠤ ᠬᠠᠮᠲᠤ ᠪᠠᠰᠠ | ᠠᠵᠤ ᠠᠬᠤᠶᠢᠯᠠᠯ ᠪᠠ ᠣᠯᠠᠨ ᠲᠦᠮᠡᠨ ᠳᠤ ︽ᠰᠠᠭᠠᠳ ᠥᠬᠡᠶ ᠨᠡᠪᠲᠡᠷᠡᠬᠦ ᠵᠠᠮ︾᠂ ︽ᠪᠣᠯᠵᠣᠬᠤ ᠦᠢᠯᠡᠴᠢᠯᠡᠭᠡ︾᠂ | ︽ᠬᠡᠷ ᠲᠤ ᠨᠢ ᠣᠴᠢᠵᠤ ᠦᠢᠯᠡᠴᠢᠯᠡᠬᠦ︾ ᠵᠡᠷᠭᠡ ᠣᠨᠴᠠᠭᠠᠶ ᠦᠢᠯᠡᠴᠢᠯᠡᠭᠡ ᠬᠠᠩᠭᠠᠵᠤ᠂ ︽ᠥᠷᠯᠥᠭᠡ | ᠦᠳᠡᠰᠢ ᠪᠠᠷ ᠬᠠᠷᠢᠮᠠᠬᠠᠢ ᠭᠦᠢᠴᠡᠳᠬᠡᠬᠦ︾᠂ ︽ᠦᠳᠡ ᠳᠤ ᠲᠠᠰᠤᠯᠳᠠᠭᠤᠯᠬᠤ ᠥᠬᠡᠶ ᠪᠠᠶᠢᠬᠤ︾᠂ ︽ᠭᠠᠷᠠᠭ ᠤᠨ | ᠡᠴᠦᠰ ᠲᠤ ᠠᠮᠠᠷᠠᠬᠤ ᠥᠬᠡᠶ ᠪᠠᠶᠢᠬᠤ︾ ᠵᠡᠷᠭᠡ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ | ᠲᠣᠳᠣᠷᠬᠠᠶᠢᠯᠠᠪᠠ᠃ | ︵ᠲᠠᠪᠤ︶ ᠬᠢᠨᠠᠯᠲᠠ ᠲᠠᠯᠪᠢᠬᠤ ᠦᠨᠡᠯᠡᠬᠦ ᠶᠢ ᠪᠠᠷᠢᠮᠵᠢᠶᠠᠵᠢᠭᠤᠯᠬᠤ ᠲᠤᠬᠠᠶ | ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠶᠢ ᠴᠢᠩᠭᠠᠳᠬᠠᠵᠤ᠂ ᠬᠠᠮᠢᠶ᠎ᠠ ᠪᠥᠬᠦᠶ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠠᠷᠭ᠎ᠠ ᠵᠠᠮ ᠰᠢᠯᠤᠭᠤᠨ ᠪᠤᠰᠤ᠂ ᠦᠨᠡᠯᠡᠭᠰᠡᠨ ᠴᠦ ᠲᠤᠰᠠ | ᠥᠬᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ︽ᠬᠠᠮᠢᠶᠠᠷᠤᠯᠲᠠ ᠶᠢᠨ ᠠᠷᠭ᠎ᠠ︾ ᠳᠤ ᠠᠷᠠᠳ ᠢᠷᠭᠡᠳ ᠪᠥᠬᠦ | ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ 12345 | ᠬᠠᠯᠠᠮᠰᠢᠯ ᠤᠲᠠᠰᠤ᠂ ᠬᠤᠶᠠᠷ ᠬᠡᠮᠵᠢᠯᠳᠦ ᠺᠣᠳ᠋᠂ ᠣᠬᠤᠷ ᠮᠡᠳᠡᠭᠡ᠂ ᠠᠦ᠋ᠲ᠋ᠣ᠋ ᠦᠢᠯᠡᠴᠢᠯᠡᠬᠦ ᠦᠵᠦᠭᠦᠷᠯᠢᠭ᠂ | APP ᠵᠡᠷᠭᠡ ᠣᠯᠠᠨ ᠵᠦᠢᠯ ᠤᠨ ᠦᠨᠡᠯᠡᠬᠦ ᠠᠷᠭ᠎ᠠ ᠮᠠᠶ᠋ᠢᠭ ᠢᠶᠠᠷ ᠳᠠᠮᠵᠢᠨ ᠦᠢᠯᠡᠴᠢᠯᠡᠭᠡᠨ ᠤ ᠣᠪᠣᠷ ᠪᠠ ᠠᠵᠢᠯ ᠤᠨ | ᠦᠷ᠎ᠡ ᠪᠦᠲᠦᠮᠵᠢ ᠶᠢ ᠦᠨᠡᠯᠡᠵᠦ ᠪᠣᠯᠤᠨ᠎ᠠ︔ ᠦᠷ᠎ᠡ ᠳ᠋ᠦᠩ ᠨᠢ ︽ᠮᠠᠭᠤ ᠦᠨᠡᠯᠡᠯᠲᠡ︾ ᠣᠯᠣᠭᠰᠠᠨ ᠪᠣᠯ᠂ 48 | ᠴᠠᠭ ᠤᠨ ᠳᠣᠲᠣᠷ᠎ᠠ ᠬᠠᠷᠢᠭᠤ ᠰᠤᠷᠪᠤᠯᠵᠢᠯᠠᠨ ᠬᠢᠨᠠᠨ ᠬᠠᠷᠭᠤᠭᠤᠯᠵᠤ᠂ 15 ᠡᠩ ᠤᠨ ᠡᠳᠦᠷ ᠤᠨ ᠳᠣᠲᠣᠷ᠎ᠠ | ᠬᠠᠷᠢᠭᠤᠯᠲᠠ ᠥᠭᠬᠦ ᠬᠡᠷᠡᠭᠲᠡᠢ ᠭᠡᠵᠦ ᠲᠣᠳᠣᠷᠬᠠᠶᠢᠯᠠᠪᠠ᠃ |