ᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠺᠣᠮᠫᠠᠨᠢ ᠶᠢᠨ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠡᠬᠢᠯᠡᠵᠦ ᠲᠤᠷᠰᠢᠨ ᠠᠵᠢᠯᠯᠠᠪᠠ
ᠨᠡᠶᠢᠲᠡᠯᠡᠭᠰᠡᠨ ᠴᠠᠭ᠄
2021/7/22
     ︵ᠰᠤᠷᠪᠤᠯᠵᠢᠯᠠᠭᠴᠢ ᠦ᠋ ᠽᠢ ᠰᠢᠤᠸᠠᠨ︶ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠢᠵᠠᠭᠠᠷᠲᠤ ᠺᠣᠮᠫᠠᠨᠢ ᠶᠢᠨ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠨᠢ ᠡᠮᠦᠨᠡᠬᠢ ᠬᠤᠭᠤᠴᠠᠭᠠᠨ ᠤ ᠨᠡᠭᠡᠭᠡᠨ ᠬᠥᠭᠵᠢᠭᠦᠯᠬᠦ᠂ ᠲᠤᠷᠰᠢᠨ ᠲᠣᠬᠢᠷᠠᠭᠤᠯᠬᠤ ᠵᠢᠴᠢ ᠬᠠᠮᠢᠶ᠎ᠠ ᠪᠥᠬᠦᠶ ᠠᠵᠢᠯᠯᠠᠭᠴᠢᠳ ᠲᠤ ᠪᠣᠯᠪᠠᠰᠤᠷᠠᠭᠤᠯᠤᠯ ᠬᠢᠬᠦ ᠪᠠᠷ ᠳᠡᠮᠵᠢᠨ᠂ ᠣᠳᠣᠬᠠᠨ ᠳᠤ ᠨᠢᠭᠡᠨᠲᠡ ᠰᠦᠯᠵᠢᠶᠡᠨ ᠳᠤ ᠭᠠᠷᠴᠤ ᠲᠤᠷᠰᠢᠨ ᠠᠵᠢᠯᠯᠠᠪᠠ᠃      ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠪᠣᠯ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠦᠲᠦᠮᠵᠢᠲᠡᠶ ᠠᠷᠭ᠎ᠠ ᠪᠠᠷᠢᠯ ᠮᠥᠨ᠂ ᠢᠨᠲ᠋ᠧᠷ ᠰᠦᠯᠵᠢᠶᠡᠨ ᠤ ᠴᠠᠭ ᠦᠶ᠎ᠡ ᠶᠢᠨ ᠬᠥᠭᠵᠢᠯᠲᠡ ᠶᠢᠨ ᠬᠠᠨᠳᠤᠰᠢ ᠮᠥᠨ ᠃ ᠡᠨᠡ ᠵᠢᠯ ᠠᠴᠠ ᠨᠠᠰᠢ᠂ ᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠺᠣᠮᠫᠠᠨᠢ ᠬᠡᠷᠡᠭᠯᠡᠭᠴᠢᠳ ᠤᠨ ᠤᠰᠤ ᠬᠡᠷᠡᠭᠯᠡᠬᠦ  ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠤᠯᠠᠮ ᠨᠢᠭᠡ ᠠᠯᠬᠤᠮ ᠳᠥᠭᠦᠮ ᠦᠵᠡᠭᠦᠯᠬᠦ ᠶᠢᠨ ᠲᠥᠯᠥᠭᠡ᠂ ᠤᠤᠯ ᠤᠨ ᠤᠰᠤ ᠬᠡᠷᠡᠭᠯᠡᠬᠦ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠴᠣᠮᠬᠠᠳᠬᠠᠨ ᠰᠢᠯᠢᠳᠡᠭᠵᠢᠭᠦᠯᠦᠭᠰᠡᠨ ᠤ ᠰᠠᠭᠤᠷᠢᠨ ᠳᠡᠭᠡᠷ᠎ᠡ᠂ ︽ᠢᠨᠲ᠋ᠧᠷ ᠰᠦᠯᠵᠢᠶ᠎ᠡ + ᠤᠰᠤ ᠬᠡᠷᠡᠭᠯᠡᠬᠦ ᠦᠢᠯᠡᠴᠢᠯᠡᠭᠡ︾ ᠶᠢᠨ ᠰᠢᠨ᠎ᠡ ᠵᠠᠭᠪᠤᠷ ᠢᠶᠠᠷ ᠲᠦᠰᠢᠭ ᠪᠣᠯᠭᠠᠵᠤ᠂ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠢ ᠨᠡᠭᠡᠭᠡᠨ ᠪᠥᠲᠥᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠡᠵᠡᠩᠨᠡᠯᠲᠡ ᠶᠢᠨ ᠲᠢᠩᠬᠢᠮ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠬᠡᠷᠡᠭᠯᠡᠬᠦ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ︽ᠳᠤᠲᠠᠭᠤ ᠭᠦᠶᠦᠬᠦ︾᠂ ᠴᠢᠨᠠᠭᠰᠢᠯᠠᠪᠠᠯ ᠬᠡᠰᠡᠭ ᠲᠤᠬᠠᠶᠢᠯᠠᠭᠰᠠᠨ ᠠᠵᠢᠯ ᠳᠤ ︽ᠭᠦᠶᠦᠬᠦ ᠬᠡᠷᠡᠭ ᠦᠭᠡᠢ︾ ᠬᠠᠷᠠᠯᠲᠠ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠳᠤ᠂ ᠬᠡᠷᠡᠭᠯᠡᠭᠴᠢ ᠨᠡᠷ᠎ᠡ ᠪᠠᠨ ᠬᠠᠯᠠᠵᠤ ᠳᠠᠩᠰᠠ ᠰᠢᠯᠵᠢᠭᠦᠯᠬᠦ ᠭᠤᠶᠤᠴᠢᠯᠠᠯ ᠭᠠᠷᠭᠠᠬᠤ᠂ ᠬᠤᠪᠢ ᠬᠥᠮᠦᠨ ᠰᠢᠨ᠎ᠡ ᠪᠠᠷ ᠤᠰᠤ ᠤᠷᠤᠭᠤᠯᠬᠤ᠂ ᠨᠢᠭᠡᠴᠡ ᠰᠢᠨ᠎ᠡ ᠪᠠᠷ ᠤᠰᠤ ᠣᠷᠤᠭᠤᠯᠬᠤ᠂ ᠬᠤᠪᠢ ᠬᠥᠮᠦᠨ ᠵᠢᠴᠢ ᠨᠢᠭᠡᠴᠡ ᠶᠢᠨ ᠪᠠᠷᠢᠮᠲᠠ ᠶᠢᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠬᠤ ᠮᠥᠷᠲᠡᠭᠡᠨ ᠪᠠᠰᠠ ᠤᠰᠤ ᠬᠡᠷᠡᠭᠯᠡᠭᠰᠡᠨ ᠢᠶᠠᠨ ᠯᠠᠪᠯᠠᠬᠤ᠂ ᠸᠢᠴᠠᠲ ᠢᠶᠠᠷ ᠤᠰᠤᠨ ᠤ ᠰᠦᠢᠳᠬᠡᠯ ᠲᠤᠰᠢᠶᠠᠬᠤ ᠵᠡᠷᠭᠡ ᠠᠵᠢᠯ ᠢ ᠭᠦᠢᠴᠡᠳᠬᠡᠵᠦ ᠪᠣᠯᠤᠨ᠎ᠠ᠃ ᠬᠡᠷᠡᠭᠯᠡᠭᠴᠢ ᠬᠥᠬᠡᠬᠤᠲᠠ ᠶᠢᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠸᠢᠴᠠᠲ ᠤᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠬᠠᠨᠳᠤᠭᠤᠯᠵᠤ᠂ ︽ᠦᠢᠯᠡᠴᠢᠯᠡᠭᠡᠨ ᠤ ᠲᠢᠩᠬᠢᠮ︾ ᠢ ᠲᠣᠪᠴᠢᠳᠠᠬᠤ ᠪᠤᠶᠤ ᠳᠣᠤᠷ᠎ᠠ ᠲᠠᠯ᠎ᠠ ᠶᠢᠨ ᠸᠢᠴᠠᠲ ᠤᠨ ᠮᠡᠷᠭᠡᠨ ᠴᠣᠬᠤᠷ ᠢ ᠰᠢᠷᠪᠢᠨ ᠰᠢᠭᠤᠳ ᠸᠢᠴᠠᠲ ᠤᠨ ᠰᠦᠯᠵᠢᠶᠡᠨ ᠤ ᠡᠵᠡᠩᠨᠡᠯᠲᠡ ᠶᠢᠨ ᠲᠢᠩᠬᠢᠮ ᠳᠤ ᠣᠷᠣᠵᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃      ᠳᠠᠷᠠᠭᠠᠴᠢ ᠶᠢᠨ ᠠᠯᠬᠤᠮ ᠳᠤ᠂ ᠲᠤᠰ ᠺᠣᠮᠫᠠᠨᠢ ᠠᠴᠠ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠢᠩᠬᠢᠮ ᠤᠨ ᠴᠢᠳᠠᠮᠵᠢ ᠬᠢᠭᠡᠳ ᠭᠠᠳᠠᠷ ᠦᠵᠡᠮᠵᠢ ᠶᠢ ᠥᠷᠬᠦᠯᠵᠢᠯᠡᠨ ᠰᠢᠯᠢᠳᠡᠭᠵᠢᠭᠦᠯᠵᠦ᠂ ᠣᠯᠠᠨ ᠠᠷᠭ᠎ᠠ ᠵᠠᠮ ᠤᠨ ᠂ ᠪᠥᠬᠦ ᠲᠠᠯ᠎ᠠ ᠶᠢᠨ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠡᠷᠡᠭᠯᠡᠭᠴᠢᠳ ᠲᠤ ᠨᠠᠩ ᠥᠨᠳᠥᠷ ᠠᠰᠢᠭᠯᠠᠮᠵᠢ ᠲᠠᠢ᠂ ᠨᠠᠩ ᠳᠥᠭᠦᠮ ᠳᠥᠲᠡ᠂ ᠨᠠᠩ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号