ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠤᠷᠤᠢ ᠶᠢᠨ ᠰᠤᠷᠭᠠᠭᠤᠯᠢ ᠶᠢᠨ ᠨᠣᠮ ᠤᠩᠰᠢᠬᠤ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠣᠷᠣᠶ ᠶᠢᠨ ᠰᠤᠷᠭᠠᠭᠤᠯᠢ ᠶᠢᠨ ᠨᠣᠮ ᠤᠩᠰᠢᠬᠤ ᠠᠩᠭᠢ ᠶᠢ ᠡᠷᠭᠢᠯᠡᠨ ᠬᠤᠷᠠᠯᠳᠤᠭᠤᠯᠪᠠ᠃ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃          ᠬᠤᠷᠠᠯ ᠳᠡᠭᠡᠷ᠎ᠡ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠪᠤᠰᠤᠳ ᠬᠤᠯᠪᠣᠭᠳᠠᠯ ᠪᠦᠬᠦᠢ ᠰᠤᠷᠤᠯᠴᠠᠬᠤ ᠠᠭᠤᠯᠭ᠎ᠠ ᠶᠢ ᠭᠦᠨᠵᠡᠭᠡᠢ ᠰᠤᠷᠤᠯᠴᠠᠬᠤ ᠶᠢᠨ ᠲᠣᠭᠤᠷᠢᠨ ᠳᠤ᠂ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠡᠳᠬᠢᠨ ᠪᠣᠳᠣᠯᠬᠢᠯᠠᠬᠤ ᠶᠢᠨ ᠬᠠᠮᠲᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠠᠳᠠ ᠵᠢᠭᠠᠵᠤ ᠭᠠᠷᠭᠠᠭᠰᠠᠨ ᠨᠢ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠥᠬᠡᠶ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠢᠮᠠᠭᠲᠠ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠰᠢ ᠶᠢᠨ ᠫᠢᠩ ᠶᠡᠷᠦᠩᠬᠡᠶ ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠥᠬᠡᠶ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠨᠠᠮ ᠤᠨ ᠰᠢᠨ᠎ᠡ ᠶᠢ ᠡᠭᠦᠳᠬᠦ ᠤᠨᠤᠯ ᠢ ᠬᠡᠷᠡᠭᠯᠡᠬᠦ ᠶᠢ ᠪᠠᠷᠢᠮᠲᠠᠯᠠᠵᠤ᠂ ᠲᠡᠭᠦᠨ ᠤ ᠳᠣᠲᠣᠷᠠᠬᠢ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠬᠤ ᠬᠡᠷᠡᠭᠲᠡᠶ ᠭᠡᠪᠡ᠃      ᠬᠠᠳᠠ ᠴᠢᠬᠤᠯᠠᠴᠢᠯᠠᠭᠰᠠᠨ ᠨᠢ᠂ ᠮᠠᠨ ᠤ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠣᠯ ︽ᠠᠮᠢ ᠠᠬᠤᠢ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠪᠣᠯᠤᠨ᠎ᠠ᠂ ᠠᠵᠤ ᠦᠢᠯᠡᠰ ᠤᠨ ᠲᠦᠷᠦᠯ ᠵᠦᠢᠯ ᠢ ᠣᠷᠣᠭᠤᠯᠤᠨ ᠠᠪᠴᠢᠷᠠᠬᠤ ᠳᠤ ᠠᠮᠢ ᠠᠬᠤᠢ ᠶᠢᠨ ᠣᠷᠴᠢᠨ ᠲᠣᠭᠤᠷᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠵᠤ ᠶᠠᠭᠠᠬᠢᠭᠰᠠᠨ ᠴᠤ ᠪᠣᠯᠬᠤ ᠦᠭᠡᠢ︔ ᠲᠠᠷᠢᠶᠠᠯᠠᠩ ᠤᠨ ᠠᠵᠤ ᠦᠢᠯᠡᠰ ᠤᠨ ᠲᠠᠯ᠎ᠠ ᠪᠠᠷ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠣᠳᠣᠬᠢᠴᠢᠯᠠᠬᠤ᠂ ᠲᠦᠷᠦᠯ ᠳᠡᠮᠳᠡᠭᠵᠢᠬᠦᠯᠬᠦ᠂ ᠲᠤᠰᠬᠠᠶᠢᠵᠢᠭᠤᠯᠬᠤ ᠶᠢ ᠪᠡᠶᠡᠯᠡᠭᠦᠯᠬᠦ ᠬᠡᠷᠡᠭᠲᠡᠶ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠤᠯᠠᠨ ᠲᠦᠮᠡᠨ ᠤ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠪᠠᠷ ᠠᠵᠢᠯ ᠤᠨ ᠢᠶᠠᠨ ᠡᠭᠦᠰᠦᠯᠲᠡ ᠪᠣᠯᠭᠠᠬᠤ ᠬᠡᠷᠡᠭᠲᠡᠢ︔ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ᠂ ᠲᠤᠰ ᠪᠡᠶ᠎ᠡ ᠶᠢᠨ ᠪᠠᠶᠢᠭᠤᠯᠤᠯᠲᠠ ᠪᠠ ᠰᠤᠷᠤᠯᠴᠠᠯᠭ᠎ᠠ ᠪᠠᠨ ᠴᠢᠩᠭᠠᠳᠬᠠᠵᠤ᠂ ᠢᠯᠠᠩᠭᠤᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠬᠤ ᠳᠤ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠵᠣᠭᠰᠣᠯᠲᠠ ᠪᠠᠨ ᠪᠠᠲᠤ ᠴᠢᠩᠭ᠎ᠠ ᠪᠠᠶᠢᠯᠭᠠᠵᠤ᠂ ᠲᠤᠤᠷᠠᠳᠤ ᠵᠡᠷᠭᠡ ᠶᠢᠨ ᠠᠯᠳᠠᠭ᠎ᠠ ᠭᠠᠷᠭᠠᠬᠤ ᠦᠭᠡᠢ ᠪᠠᠶᠢᠬᠤ ᠬᠡᠷᠡᠭᠲᠡᠶ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠭ ᠤᠨ ᠪᠦᠷᠢᠯᠳᠦᠬᠦᠨ ᠨᠡᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠴᠤᠸᠠᠨ ᠰᠢᠶᠠᠨ ᠤ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号