ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 11ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/26
     7 ᠰᠠᠷ᠎ᠠ ᠶᠢᠨ 16 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 11 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
     ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠬᠦᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠪᠢᠳᠡ ᠦᠷᠭᠦᠯᠵᠢᠯᠡᠨ ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠭᠤᠣᠯ ᠴᠢᠬᠤᠯᠠ ᠠᠭᠤᠯᠭ᠎ᠠ ᠶᠢ ᠡᠵᠡᠮᠰᠢᠵᠦ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠲᠡᠦᠬᠡᠲᠦ ᠴᠢᠨᠠᠷᠲᠠᠶ ᠠᠮᠵᠢᠯᠲᠠ ᠶᠢ ᠭᠦᠨᠵᠡᠭᠡᠶ ᠣᠶᠢᠯᠠᠭᠠᠵᠤ᠂ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠣᠶᠢᠯᠠᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭᠠᠨ ᠤ ᠭᠦᠨᠵᠡᠭᠡᠢ ᠠᠭᠤᠯᠤᠭᠳᠠᠬᠤᠨ ᠪᠣᠯᠤᠨ ᠴᠠᠭ ᠦᠶ᠎ᠡ ᠶᠢᠨ ᠦᠨ᠎ᠡ ᠦᠷᠳᠡᠭ ᠢ ᠭᠦᠨᠵᠡᠭᠡᠢ ᠣᠶᠢᠯᠠᠭᠠᠵᠤ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠡᠮᠦᠨ᠎ᠡ ᠠᠴᠠ ᠭᠠᠷᠭᠠᠭᠰᠠᠨ ᠠᠭᠤᠤ ᠶᠡᠭᠡ ᠤᠷᠢᠶᠠᠯᠠᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠪᠠᠶᠢᠳᠠᠯ᠂ ᠰᠢᠨ᠎ᠡ ᠳᠦᠷᠰᠦ ᠪᠠᠶᠢᠳᠠᠯ ᠢᠶᠠᠷ ᠦᠴᠤᠸᠠᠨ ᠤ ᠰᠢᠨ᠎ᠡ ᠠᠶᠠᠨ ᠳᠤ ᠮᠣᠷᠳᠠᠵᠤ᠂ ᠦᠴᠤᠸᠠᠨ ᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ ᠪᠣᠯᠭᠠᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠤᠭ ᠤᠨ ᠰᠠᠶᠢᠨ ᠰᠢᠮ᠎ᠡ ᠲᠡᠵᠢᠭᠡᠯ ᠤᠨ ᠡᠮ ᠪᠣᠯᠭᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠷᠤᠭᠰᠢᠯᠠᠯᠲᠠ ᠶᠢᠨ ᠲᠤᠰᠤ ᠨᠡᠮᠡᠬᠦ ᠦᠷᠲᠡᠭᠡ ᠪᠣᠯᠭᠠᠵᠤ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ ᠭᠡᠪᠡ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠮᠠᠨ ᠤ ᠨᠠᠮ ᠤᠨ ᠵᠠᠭᠤᠨ ᠵᠢᠯ ᠤᠨ ᠲᠤᠷᠰᠢ ᠶᠠᠪᠤᠵᠤ ᠢᠷᠡᠭᠰᠡᠨ ᠮᠢᠩᠭᠠᠨ ᠠᠭᠤᠯᠠ ᠲᠦᠮᠡᠨ ᠤᠰᠤ ᠶᠢ ᠡᠷᠭᠢᠴᠡᠭᠦᠯᠬᠦᠶ᠎ᠡ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠠᠭᠤᠯᠠ ᠤᠰᠤ ᠶᠢ ᠳᠠᠪᠠᠵᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠵᠣᠷᠢᠭ ᠰᠠᠨᠠᠭ᠎ᠠ ᠪᠠᠨ ᠨᠡᠩ ᠬᠥᠭᠵᠢᠭᠡᠵᠦ᠂ ᠨᠡᠩ ᠢᠯᠡᠭᠦᠦ ᠴᠢᠷᠮᠠᠶᠢᠨ ᠲᠡᠮᠡᠴᠡᠵᠦ ᠂ ᠦᠴᠤᠸᠠᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃      ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号