ᠬᠤᠲᠠ ᠪᠠᠯᠭᠠᠰᠤᠨ ᠤ ᠳᠤᠮᠳᠠ ᠳᠤᠤᠷ᠎ᠠ ᠣᠷᠣᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ | ᠬᠦᠴᠢᠷᠳᠡᠯ ᠤᠨᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ 2021 ᠣᠨ ᠤ ᠬᠥᠬᠡᠬᠤᠲᠠ ᠶᠢᠨ | ᠣᠯᠠᠨ ᠨᠡᠶᠢᠲᠡ ᠵᠢᠨᠲ᠋ᠦ᠋ᠷᠢᠶᠡᠰᠦᠨ ᠣᠷᠣᠨ ᠰᠠᠭᠤᠴᠠ ᠶᠢ ᠢᠯᠡ ᠪᠠᠷ ᠲᠦᠷᠢᠶᠠᠰᠦᠯᠡᠬᠦ ᠠᠵᠢᠯᠯᠠᠭ᠎ᠠ 7 ᠰᠠᠷ᠎ᠠ ᠶᠢᠨ | 25 ᠤ ᠡᠳᠦᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠳᠤ ᠶᠠᠪᠤᠭᠳᠠᠪᠠ᠃ | ᠡᠨᠡ ᠤᠳᠠᠭᠠᠨ ᠤ ᠢᠯᠡ ᠪᠠᠷ ᠰᠢᠪᠠᠭ᠎ᠠ ᠰᠤᠭᠤᠯᠬᠤ ᠠᠵᠢᠯᠯᠠᠭ᠎ᠠ ᠨᠢ ᠡᠷᠬᠡ ᠲᠡᠭᠰᠢ᠂ ᠲᠥᠪ ᠭᠤᠤᠯᠴᠢ᠂ | ᠢᠯᠡ ᠪᠠᠶᠢᠬᠤ ᠵᠠᠷᠴᠢᠮ ᠢ ᠵᠢᠷᠤᠮᠯᠠᠨ᠂ ᠬᠥᠬᠡᠬᠤᠲᠠ ᠶᠢᠨ ᠳᠤᠮᠳᠠ ᠳᠤᠤᠷ᠎ᠠ ᠣᠷᠣᠯᠭ᠎ᠠ ᠲᠠᠢ ᠬᠥᠮᠦᠰ ᠲᠤ | ᠬᠠᠨᠳᠤᠭᠤᠯᠤᠨ ᠶᠠᠪᠤᠭᠳᠠᠭᠤᠯᠵᠦ ᠪᠤᠢ᠃ ᠡᠨᠡ ᠤᠳᠠᠭᠠᠨ ᠤ ᠢᠯᠡ ᠪᠠᠷ ᠳᠣᠭᠢᠷᠠᠭᠤᠯᠤᠨ ᠲᠦᠷᠢᠶᠡᠰᠦᠯᠡᠬᠦ ᠳᠤ | ᠣᠷᠣᠯᠴᠠᠭᠰᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ 46 ᠪᠠᠶᠢᠵᠤ᠂ ᠨᠡᠶᠢᠲᠡ | 5145 ᠢᠵᠢ ᠬᠡᠷ ᠪᠠᠶᠢᠰᠢᠩ ᠬᠠᠩᠭᠠᠪᠠ᠂ ᠡᠭᠦᠨ ᠳᠤ 4642 ᠢᠵᠢ ᠬᠡᠷ ᠪᠠᠢᠰᠢᠩ ᠢ ᠰᠢᠪᠠᠭ᠎ᠠ ᠰᠤᠭᠤᠯᠵᠤ | ᠳᠣᠭᠢᠷᠠᠭᠤᠯᠤᠨ ᠲᠦᠷᠢᠶᠡᠰᠦᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠨᠡᠶᠢᠲᠡ ᠶᠢᠨ | ᠮᠠᠰᠢᠨ ᠲᠡᠷᠭᠡᠨ ᠤ ᠵᠢᠯᠣᠭᠤᠴᠢ ᠵᠡᠷᠭᠡ ᠭᠤᠤᠯᠳᠠᠯᠭ᠎ᠠ ᠲᠠᠢ ᠪᠠᠲᠤᠯᠠᠭ᠎ᠠ ᠶᠢᠨ ᠬᠦᠮᠦᠰ ᠲᠤ ᠬᠠᠨᠳᠤᠯᠭ᠎ᠠ ᠲᠠᠢ ᠪᠠᠷ | ᠳᠣᠭᠢᠷᠠᠭᠤᠯᠤᠨ ᠲᠦᠷᠢᠶᠡᠰᠦᠯᠡᠬᠦᠯᠬᠦ ᠬᠡᠷ ᠪᠠᠶᠢᠰᠢᠩ 503 ᠢᠵᠢ ᠪᠤᠢ᠃ | ᠣᠷᠴᠢᠮ ᠤᠨ ᠵᠢᠯ ᠤᠳ ᠲᠤ᠂ ᠮᠠᠨ ᠤ ᠬᠤᠲᠠ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠥᠭᠵᠢᠭᠦᠯᠬᠦ ᠲᠤᠬᠠᠶ ᠤᠯᠤᠰ ᠦᠪᠡᠷᠳᠡᠭᠡᠨ ᠵᠠᠰᠠᠬᠤ | ᠤᠷᠤᠨ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰ ᠬᠤᠲᠠ ᠶᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠳᠤᠮᠳᠠ ᠳᠤᠤᠷ᠎ᠠ ᠣᠷᠣᠯᠭ᠎ᠠ ᠲᠠᠢ ᠭᠡᠷ ᠪᠦᠯᠢ᠂ ᠰᠢᠨ᠎ᠡ ᠪᠠᠷ | ᠠᠵᠢᠯ ᠣᠯᠤᠭᠰᠠᠨ ᠣᠷᠣᠨ ᠰᠠᠭᠤᠴᠠ ᠦᠭᠡᠶ ᠠᠵᠢᠯᠲᠠᠨ ᠠᠵᠢᠯᠴᠢᠨ ᠪᠣᠯᠤᠨ ᠲᠤᠰ ᠬᠤᠲᠠ ᠳᠤ ᠲᠣᠭᠲᠠᠪᠤᠷᠢᠲᠠᠶ | ᠠᠵᠢᠯ ᠣᠯᠤᠭᠰᠠᠨ ᠭᠠᠳᠠᠷ ᠣᠷᠣᠨ ᠠᠴᠠ ᠢᠷᠡᠭᠰᠡᠨ ᠬᠦᠯᠦᠰᠦᠨ ᠠᠵᠢᠯ ᠬᠢᠵᠦ ᠪᠠᠶᠢᠭ᠎ᠠ ᠬᠦᠮᠦᠰ ᠤᠨ ᠱᠠᠲᠤ | ᠦᠶ᠎ᠡ ᠶᠢᠨ ᠴᠢᠨᠠᠷᠲᠠᠶ ᠣᠷᠣᠨ ᠰᠠᠭᠤᠴᠠ ᠶᠢᠨ ᠬᠦᠴᠢᠷᠳᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠣᠯ ᠪᠣᠯᠭᠠᠭᠰᠠᠨ ᠣᠯᠠᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ᠂ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠪᠠ ᠬᠠᠮᠲᠤ ᠪᠠᠷ ᠥᠮᠴᠢᠯᠡᠬᠦ ᠡᠷᠬᠡ ᠶᠢ | ᠤᠶᠠᠯᠳᠤᠭᠤᠯᠤᠭᠰᠠᠨ ᠪᠠᠲᠤᠯᠠᠭ᠎ᠠ ᠬᠠᠩᠭᠠᠬᠤ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢ ᠨᠡᠶᠢᠲᠡ 26 ᠲᠦᠮᠡᠨ ᠢᠵᠢ ᠪᠠᠶᠢᠭᠤᠯᠵᠤ᠂ ᠪᠠᠷᠤᠭ 50 ᠲᠦᠮᠡᠨ ᠬᠥᠮᠦᠨ ᠤ | ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠵᠡᠢ᠃ | ᠡᠭᠦᠨ ᠠᠴᠠ ᠭᠠᠳᠠᠨ᠎ᠠ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢᠨ | ᠲᠤᠷᠰᠢᠯᠲᠠ ᠶᠢᠨ ᠬᠤᠲᠠ ᠪᠣᠯᠤᠭᠰᠠᠨ ᠤ ᠬᠤᠪᠢ ᠳᠤ᠂ 2015 ᠣᠨ ᠳᠤ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢᠨ ᠲᠦᠷᠢᠶᠡᠰᠦᠨ ᠨᠥᠬᠦᠪᠥᠷᠢ ᠮᠥᠩᠭᠦ ᠶᠢᠨ ᠠᠵᠢᠯ ᠢ ᠥᠷᠨᠢᠭᠦᠯᠵᠦ᠂ ᠣᠲᠣ ᠪᠣᠯᠲᠠᠯ᠎ᠠ᠂ | ᠲᠦᠷᠢᠶᠡᠰᠦᠨ ᠨᠥᠬᠦᠪᠥᠷᠢ ᠪᠠᠷ ᠲᠠᠮᠵᠢᠭᠤᠯᠤᠨ ᠨᠡᠶᠢᠲᠡ 8.9 ᠲᠦᠮᠡᠨ ᠡᠷᠦᠬᠡ ᠶᠢᠨ ᠤᠷᠤᠨ ᠰᠠᠭᠤᠴᠠ ᠶᠢ | ᠪᠠᠳᠤᠯᠠᠵᠤ᠂ ᠨᠡᠶᠢᠲᠡ 1.88 ᠳ᠋ᠦᠩᠰᠢᠭᠤᠷ ᠲᠥᠭᠦᠷᠢᠭ ᠤᠨ ᠲᠦᠷᠢᠶᠡᠰᠦᠨ ᠨᠥᠬᠦᠪᠥᠷᠢ ᠮᠥᠩᠭᠦ ᠲᠠᠷᠬᠠᠭᠠᠨ | ᠦᠭᠴᠦ᠂ ᠳᠤᠮᠳᠠ ᠳᠤᠤᠷ᠎ᠠ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠦᠮᠦᠰ ᠤᠨ ᠲᠦᠷᠢᠶᠡᠰᠦᠨ | ᠣᠷᠣᠨ ᠰᠠᠭᠤᠴᠠ ᠶᠢᠨ ᠨᠥᠬᠦᠪᠥᠷᠢ ᠮᠥᠩᠭᠦ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠰᠠᠨ ᠪᠠᠶᠢᠨ᠎ᠠ᠃ ︵ | ᠰᠤᠷᠪᠤᠯᠵᠢᠯᠠᠭᠴᠢ ᠸᠠᠩ ᠶᠠ ᠵᠢᠩ︶ |