7 ᠳ᠋ᠤᠭᠠᠷ ᠰᠠᠷ᠎ᠠ ᠶᠢᠨ 2 ᠤᠨ ᠡᠳᠦᠷ᠂ ᠪᠠᠭ᠎ᠠ ᠲᠦᠷᠭᠡᠨ ᠭᠤᠣᠯ ᠪᠠᠯᠭᠠᠰᠤ ᠢᠦᠢ ᠴᠢᠦᠸᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠬᠠᠮᠲᠤᠷᠠᠨ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠦᠯᠬᠦᠮ ᠤᠨ ᠲᠤᠰᠬᠠᠢ ᠮᠡᠷᠭᠡᠵᠢᠯᠲᠡᠨ ᠢ ᠤᠷᠢᠨ᠂ ᠮᠣᠯᠣᠭᠲᠠᠢ ᠲᠣᠰᠬᠤᠨ ᠳᠤ ᠲᠠᠷᠢᠶᠠᠯᠠᠩ ᠤᠨ ᠲᠤᠰᠬᠠᠢ | ᠮᠡᠷᠭᠡᠵᠢᠯᠲᠡᠨ ᠦᠨᠳᠦᠰᠦᠨ ᠱᠠᠲᠤᠨ ᠳᠤ ᠪᠠᠭᠤᠬᠤ ᠪᠣᠯᠪᠠᠰᠤᠷᠠᠭᠤᠯᠤᠯ ᠡᠷᠬᠢᠯᠡᠵᠦ᠂ ᠡᠯ᠎ᠡ ᠲᠣᠰᠬᠤᠨ ᠤ ᠲᠠᠷᠢᠶᠠᠯᠠᠩ | ᠠᠵᠤ ᠠᠬᠤᠢ ᠶᠢᠨ ᠠᠵᠤ ᠠᠬᠤᠶᠢᠯᠠᠯ ᠤᠨ ᠲᠥᠯᠥᠭᠡᠯᠡᠭᠴᠢ᠂ ᠬᠤᠷᠰᠢᠶ᠎ᠠ ᠶᠢᠨ ᠳᠠᠭᠠᠭᠤᠯᠤᠭᠴᠢ᠂ ᠲᠡᠵᠢᠭᠡᠪᠦᠷᠢ ᠶᠢᠨ | ᠡᠷᠦᠬᠡ ᠨᠦᠭᠦᠳ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠵᠤ᠂ ᠪᠣᠯᠪᠠᠰᠤᠷᠠᠭᠤᠯᠤᠯ ᠤᠨ ᠳᠠᠷᠠᠭ᠎ᠠ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠢᠨᠵᠢᠯᠡᠭᠡ ᠮᠡᠷᠭᠡᠵᠢᠯ ᠤᠨ ᠣᠨᠴᠠ | ᠲᠣᠮᠢᠯᠠᠭᠳᠠᠭᠰᠠᠳ ᠲᠣᠰᠬᠤᠨ ᠳᠤ ᠢᠷᠡᠵᠦ ᠲᠠᠷᠢᠶᠠᠴᠢᠳ ᠲᠤ ᠡᠯ᠎ᠡ ᠵᠦᠢᠯ ᠤᠨ ᠲᠠᠷᠢᠶᠠᠯᠠᠩ ᠠᠵᠤ ᠠᠬᠤᠢ ᠶᠢᠨ | ᠮᠡᠳᠡᠯᠭᠡ ᠶᠢ ᠲᠦᠭᠡᠮᠡᠯᠵᠢᠭᠦᠯᠵᠦ᠂ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠪᠡ᠃ |