6 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ | ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 218 ᠳ᠋ᠤᠭᠠᠷ ᠤᠳᠠᠭᠠᠨ ᠤ ᠬᠤᠷᠠᠯ ᠵᠢᠴᠢ ᠰᠢᠶᠠᠨ ᠤ | ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠭᠤᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠳᠠᠶᠢᠴᠢᠨ ᠪᠠᠬᠢᠯᠡᠯᠲᠡ ᠶᠢ ᠪᠠᠲᠤᠳᠬᠠᠨ ᠪᠠᠬᠢᠵᠢᠭᠦᠯᠵᠦ ︿ᠲᠣᠰᠬᠤᠨ ᠤ ᠡᠵᠡᠷᠬᠡᠭᠴᠢ﹀ ᠶᠢ ᠰᠡᠷᠭᠡᠶᠢᠯᠡᠨ ᠵᠠᠰᠠᠬᠤ | ᠠᠰᠠᠭᠤᠳᠠᠯ ᠤᠨ ᠲᠤᠬᠠᠶ ᠰᠠᠨᠠᠯ︾ ᠢ ᠤᠯᠠᠮᠵᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠤᠯ | ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ | ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ︔ 6 ᠰᠠᠷ᠎ᠠ ᠶᠢᠨ 29 ᠤ ᠡᠳᠦᠷ ᠸᠠᠩ ᠯᠢ | ᠰᠢᠶᠠ ᠱᠦᠵᠢ ᠶᠢᠨ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠲᠡᠦᠬᠡ ᠶᠢᠨ ᠲᠤᠰᠬᠠᠢ | ᠰᠡᠳᠦᠪᠲᠦ ᠨᠠᠮ ᠤᠨ ᠬᠢᠴᠢᠶᠡᠯ ᠵᠢᠭᠠᠬᠤ ᠵᠣᠷᠢᠭ ᠰᠠᠨᠠᠭ᠎ᠠ ᠶᠢ ᠤᠯᠠᠮᠵᠢᠯᠠᠪᠠ︔ ᠬᠤᠷᠠᠯ ᠠᠴᠠ ᠦᠴᠤᠸᠠᠨ ᠰᠢᠶᠠᠨ ᠤ | ︽ᠨᠤᠲᠤᠭ ᠤᠰᠤ ᠪᠠᠨ ᠪᠦᠳᠦᠭᠡᠨ ᠪᠠᠶᠢᠭᠤᠯᠵᠤ᠂ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ︾ | ᠰᠤᠳᠤᠯᠤᠨ ᠶᠠᠷᠢᠯᠴᠠᠵᠤ ᠰᠣᠯᠢᠯᠴᠠᠬᠤ ᠵᠢᠴᠢ ᠲᠦᠷᠦᠯ ᠵᠦᠢᠯ ᠢ ᠲᠠᠨᠢᠯᠴᠠᠭᠤᠯᠬᠤ ᠬᠤᠷᠠᠯ ᠢ ᠪᠡᠯᠡᠳᠬᠡᠭᠰᠡᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠮᠠᠨ ᠤ | ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠱᠠᠯᠠᠪᠳᠠᠭᠤᠯᠤᠨ ᠵᠢᠯᠣᠭᠤᠳᠤᠭᠰᠠᠨ | ᠪᠠᠶᠢᠳᠠᠯ ᠢ ᠤᠯᠠᠮᠵᠢᠯᠠᠪᠠ᠃ | ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠳᠣᠮᠳᠠᠳᠤ ᠤᠯᠣᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠣᠰ ᠲᠥᠷᠦ ᠶᠢᠨ ᠲᠣᠪᠴᠢᠶ᠎ᠠ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ | ᠠᠰᠢᠭᠯᠠᠨ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠬᠦ ᠲᠤᠬᠠᠶ ᠭᠤᠴᠢᠨ ᠨᠢᠭᠡᠳᠦᠭᠡᠷ ᠤᠳᠠᠭᠠᠨ ᠤ | ᠬᠠᠮᠲᠤ ᠶᠢᠨ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠶᠢ ᠢᠮᠠᠭᠲᠠ ᠪᠠᠷᠢᠮᠲᠠᠯᠠᠬᠤ᠂ ᠬᠦᠰᠡᠯᠡᠩ ᠢᠲᠡᠭᠡᠯ | ᠪᠢᠰᠢᠷᠡᠯ ᠢ ᠢᠮᠠᠭᠲᠠ ᠪᠠᠷᠢᠮᠲᠠᠯᠠᠬᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠷᠢᠮᠲᠠᠯᠠᠬᠤ᠂ ᠢᠷᠠᠭᠤ | ᠠᠯᠳᠠᠷᠲᠤ ᠬᠤᠪᠢᠰᠬᠠᠯᠲᠤ ᠤᠯᠠᠮᠵᠢᠯᠠᠯ ᠢ ᠢᠮᠠᠭᠲᠠ ᠪᠠᠷᠢᠮᠲᠠᠯᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠠᠬᠢᠭᠤᠯᠬᠤ ︽ᠲᠠᠪᠤ ᠶᠢ ᠢᠮᠠᠭᠲᠠ ᠪᠠᠷᠢᠮᠲᠠᠯᠠᠬᠤ︾ ᠶᠢ ᠢᠮᠠᠭᠲᠠ ᠪᠠᠷᠢᠮᠲᠠᠯᠠᠬᠤ ᠴᠢᠬᠤᠯᠠ ᠱᠠᠭᠠᠷᠳᠠᠯᠭ᠎ᠠ ᠶᠢ | ᠳᠤᠷᠠᠳᠴᠠᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠦᠨᠡᠨᠬᠦ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ | ᠬᠤᠯᠪᠣᠭᠳᠠᠯ ᠪᠦᠬᠦᠢ ᠠᠵᠢᠯ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠮᠠᠨ ᠤ ᠰᠢᠶᠠᠨ ᠤ | ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠢᠯᠡᠷᠡᠭᠦᠯᠬᠦ ᠶᠢᠨ ᠬᠠᠮᠲᠤ ᠠᠭᠤᠳᠠᠯᠵᠤ᠂ ᠦᠨᠡᠨ ᠠᠴᠠ ᠵᠥᠪ ᠢ ᠡᠷᠢᠵᠦ | ᠬᠤᠪᠢᠰᠬᠠᠯ ᠤᠨ ᠭᠧᠨ ᠢ ᠰᠠᠶᠢᠲᠤᠷ ᠤᠯᠠᠮᠵᠢᠯᠠᠵᠤ᠂ ᠤᠳᠤ ᠶᠢᠨ ᠪᠠᠶᠢᠭ᠎ᠠ ᠬᠤᠪᠢᠰᠬᠠᠯ ᠤᠨ ᠡᠬᠢ ᠪᠠᠶᠠᠯᠢᠭ ᠤᠨ ᠡᠷᠬᠢᠨ | ᠲᠣᠭᠤᠷᠢᠨ ᠤ ᠣᠷᠴᠢᠨ ᠲᠣᠭᠤᠷᠢᠨ ᠢ ᠪᠤᠢ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠬᠤᠪᠢᠰᠬᠠᠯ ᠤᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠵᠤᠭᠠᠴᠠᠭᠰᠠᠳ ᠲᠤ ᠰᠠᠶᠢᠨ ᠰᠠᠶᠢᠬᠠᠨ | ᠵᠤᠭᠠᠴᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠡ᠃ | ᠶᠠᠩ ᠰᠢᠩ ᠱᠧᠩ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠦᠵᠡᠯ ᠰᠠᠨᠠᠭ᠎ᠠ ᠲᠠᠨᠢᠯᠲᠠ ᠪᠠ | ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠲᠡᠦᠬᠡ ᠠᠴᠠ | ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ᠡᠭᠦᠨ ᠤ ᠤᠯᠠᠮ ᠠᠴᠠ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠲᠣᠭᠲᠠᠭᠰᠠᠨ ᠠᠵᠢᠯᠯᠠᠭ᠎ᠠ ᠶᠢ ᠴᠢᠨᠠᠷ ᠰᠠᠶᠢᠲᠠᠢ᠂ | ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢᠨ ᠬᠠᠮᠲᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠡᠷᠴᠢᠮ ᠢᠶᠠᠨ ᠴᠢᠩᠭᠠᠷᠠᠭᠤᠯᠵᠤ᠂ ᠬᠡᠯᠪᠡᠷᠢ ᠶᠢ ᠪᠠᠷᠢᠮᠲᠠᠯᠠᠬᠤ ᠦᠭᠡᠢ᠂ ᠶᠣᠰᠣ ᠶᠢᠨ ᠲᠡᠳᠦᠢ ᠥᠩᠭᠡᠷᠡᠭᠦᠯᠬᠦ ᠦᠭᠡᠢ | ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠶᠢ ᠬᠦᠴᠦᠲᠡᠢ ᠪᠥᠭᠡᠳ | ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠪᠡ᠃ | |