ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/7/7
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ      ᠬᠠᠨ ᠵᠧᠩ ᠬᠤᠷᠠᠯ ᠳᠤ ᠣᠷᠣᠯᠴᠠᠪᠠ          7 ᠳ᠋ᠤᠭᠠᠷ ᠰᠠᠷ᠎ᠠ ᠶᠢᠨ 2 ᠤᠨ ᠡᠳᠦᠷ᠂ ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠲᠤᠬᠠᠢ ᠰᠣᠳᠣᠯᠣᠨ ᠶᠠᠷᠢᠯᠴᠠᠪᠠ᠃      ᠬᠤᠷᠠᠯ ᠠᠴᠠ ᠵᠢᠭᠠᠬᠤ ᠳᠤ ᠪᠠᠨ᠂ ᠳᠤᠮᠳᠠᠳᠤ ᠤᠯᠤᠰ ᠤᠨ ᠡᠪ ᠬᠠᠮᠲᠤ ᠨᠠᠮ ᠦᠷᠭᠦᠯᠵᠢᠯᠡᠨ ᠲᠡᠮᠡᠴᠡᠬᠦ ᠶᠠᠪᠤᠴᠠ ᠳᠤ ᠵᠠᠭᠤᠨ ᠵᠢᠯ ᠤᠨ ᠣᠶ ᠪᠠᠨ ᠤᠭᠲᠤᠵᠤ᠂ ᠶᠡᠷᠦᠩᠬᠡᠶ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠵᠠᠭᠤᠨ ᠵᠢᠯ ᠤᠨ ᠲᠤᠷᠰᠢᠬᠢ ᠮᠠᠨ ᠤ ᠨᠠᠮ ᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠨᠡᠭᠡᠭᠡᠭᠰᠡᠨ ᠠᠭᠤᠤ ᠶᠡᠭᠡ ᠵᠠᠮ᠂ ᠡᠭᠦᠳᠦᠨ ᠪᠦᠲᠦᠭᠡᠭᠰᠡᠨ ᠠᠭᠤᠤ ᠶᠡᠭᠡ ᠦᠢᠯᠡᠰ᠂ ᠣᠯᠤᠭᠰᠠᠨ ᠠᠭᠤᠤ ᠶᠡᠭᠡ ᠠᠮᠵᠢᠯᠲᠠ ᠢ ᠪᠦᠬᠦ ᠲᠠᠯ᠎ᠠ ᠪᠠᠷ ᠡᠷᠭᠢᠴᠡᠭᠦᠯᠦᠨ᠂ ᠮᠠᠨ ᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠦᠭᠰᠡᠨ ᠢ ᠲᠥᠪ ᠴᠢᠩᠭ᠎ᠠ ᠪᠠᠷ ᠲᠤᠩᠬᠠᠭᠯᠠᠵᠤ᠂ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠭᠦᠨᠵᠡᠭᠡᠢ ᠳ᠋ᠦᠩᠨᠡᠵᠦ᠂ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ︽ᠶᠢᠰᠦᠨ ᠲᠠᠯ᠎ᠠ ᠶᠢᠨ ᠡᠷᠬᠡᠪᠰᠢ ᠪᠡᠶᠡᠯᠡᠭᠦᠯᠬᠦ ᠡᠭᠦᠷᠭᠡ︾ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠡᠢ᠃ ᠲᠡᠷᠡ ᠨᠢ ᠨᠢᠭᠡᠨ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠪᠠᠶᠢᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠬᠢᠨ ᠭᠦᠨᠵᠡᠭᠡᠢ ᠰᠤᠷᠤᠯᠴᠠᠨ ᠣᠶᠢᠯᠠᠭᠠᠵᠤ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠳᠤ ᠪᠠᠨ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ ᠭᠡᠵᠡᠢ᠃      ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠲᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠮᠠᠷᠺᠰ ᠤᠨ ᠦᠵᠡᠯ ᠤᠨ ᠤᠭ ᠶᠣᠰᠣ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠲᠠᠯᠠᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃      ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠠᠴᠠ ᠡᠭᠦᠰᠴᠦ᠂ ᠥᠪᠡᠷ ᠤᠨ ᠶᠠᠪᠤᠳᠠᠯ ᠢᠶᠠᠨ ᠬᠦᠴᠦᠯᠡᠨ ᠰᠠᠶᠢᠲᠤᠷ ᠬᠢᠬᠦ ᠬᠡᠷᠡᠭᠲᠡᠶ᠃ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠦᠯᠵᠦ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠠᠯᠢᠪᠠ ᠠᠰᠢᠭᠲᠠᠢ ᠦᠷ᠎ᠡ ᠪᠦᠲᠦᠭᠡᠯ ᠢ ᠰᠤᠷᠤᠯᠴᠠᠨ ᠲᠣᠯᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠲᠡᠶᠢᠰᠢ ᠤᠷᠤᠭᠰᠢᠯᠠᠵᠤ᠂ ᠠᠷᠠᠳ ᠲᠦᠮᠡᠨ ᠢ ᠴᠢᠨᠡᠭᠡᠯᠢᠭᠵᠢᠭᠦᠯᠬᠦ᠂ ᠤᠯᠤᠰ ᠣᠷᠣᠨ ᠢᠶᠠᠨ ᠬᠦᠴᠦᠷᠬᠡᠭᠵᠢᠭᠦᠯᠬᠦ᠂ ᠳᠤᠮᠳᠠᠳᠤ ᠤᠯᠤᠰ ᠢᠶᠠᠨ ᠦᠵᠡᠰᠬᠦᠯᠡᠩᠲᠦ ᠰᠠᠶᠢᠬᠠᠨ ᠪᠣᠯᠭᠠᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃      ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠯᠠᠨ ᠲᠦᠮᠡᠨ ᠳᠤ ᠪᠣᠳᠠᠲᠤ ᠶᠠᠪᠤᠳᠠᠯ ᠪᠠ ᠰᠠᠶᠢᠨ ᠶᠠᠪᠤᠳᠠᠯ ᠬᠢᠵᠦ ᠥᠭᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠪᠡᠷᠬᠡ ᠵᠣᠪᠠᠨ ᠡᠷᠡᠮᠡᠯᠵᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠪᠠ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠨᠡᠯᠢᠶᠡᠳ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠴᠢᠷᠮᠠᠶᠢᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠵᠡᠷᠭᠡ ᠨᠡᠶᠢᠭᠡᠮ ᠤᠨ ᠦᠢᠯᠡᠴᠢᠯᠡᠭᠡ ᠶᠢ ᠬᠥᠭᠵᠢᠭᠦᠯᠵᠦ᠂ ᠬᠥᠭᠵᠢᠯᠲᠡ ᠶᠢᠨ ᠳᠤᠮᠳᠠ ᠠᠷᠠᠳ ᠤᠯᠠᠨ ᠤ ᠣᠷᠣᠯᠭ᠎ᠠ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠶ ᠪᠣᠳᠠᠲᠤ ᠠᠬᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃      ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢ ᠪᠠᠷᠢᠮᠲᠠᠯᠠᠬᠤ ᠬᠡᠷᠡᠭᠲᠡᠶ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠬᠡᠷᠡᠭᠲᠡᠢ᠃ ᠬᠠᠤᠯᠢ ᠰᠠᠬᠢᠯᠭ᠎ᠠ ᠶᠢ ᠵᠢᠷᠤᠮᠯᠠᠨ ᠰᠠᠬᠢᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠬᠡᠷᠡᠭᠲᠡᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠬᠦ ᠬᠡᠷᠡᠭᠲᠡᠢ᠃ ᠡᠭᠦᠷᠭᠡᠲᠦ ᠰᠡᠳᠬᠢᠯᠭᠡ᠂ ᠪᠠᠴᠢᠮ ᠲᠤᠯᠭᠠᠮᠳᠠᠭᠤ ᠰᠡᠳᠬᠢᠯᠭᠡ ᠪᠠᠨ ᠨᠡᠮᠡᠭᠳᠡᠭᠦᠯᠵᠦ᠂ ᠠᠵᠢᠯ ᠬᠢᠵᠦ ᠦᠢᠯᠡᠰ ᠪᠤᠰᠬᠠᠬᠤ ᠣᠮᠤᠭ ᠵᠣᠷᠢᠭ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠯ᠎ᠡ ᠵᠦᠢᠯ ᠤᠨ ᠲᠦᠭᠰᠢᠭᠦᠷᠢ ᠪᠠ ᠥᠷᠢᠰᠥᠯᠳᠦᠭᠡᠨ ᠢ ᠢᠳᠡᠪᠬᠢᠲᠡᠢ ᠠᠷᠭᠠᠴᠠᠭᠠᠵᠤ᠂ ᠰᠢᠷᠭᠠᠭᠤ ᠬᠠᠲᠠᠭᠤᠵᠢᠯᠲᠠᠢ ᠪᠥᠭᠡᠳ ᠦᠨᠡᠨ ᠪᠣᠳᠠᠲᠠᠢ ᠪᠠᠷ ᠠᠵᠢᠯᠯᠠᠨ᠂ ᠬᠤᠰᠢᠭᠤᠴᠢᠯᠠᠨ ᠴᠢᠷᠮᠠᠶᠢᠵᠤ ᠰᠢᠨ᠎ᠡ ᠶᠢ ᠡᠭᠦᠳᠴᠦ᠂ ᠨᠠᠮ ᠳᠤ ᠪᠠᠨ ᠣᠰᠣᠯᠳᠠᠬᠤ ᠦᠭᠡᠢ᠂ ᠠᠷᠠᠳ ᠲᠦᠮᠡᠨ ᠳᠤ ᠪᠠᠨ ᠣᠰᠣᠯᠳᠠᠬᠤ ᠦᠭᠡᠢ᠂ ᠴᠠᠭ ᠦᠶ᠎ᠡ ᠳᠤ ᠪᠠᠨ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃      ᠬᠤᠷᠠᠯ ᠠᠴᠠ ᠱᠠᠭᠠᠷᠳᠠᠬᠤ ᠳᠤ ᠪᠠᠨ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠡᠷᠡᠰ ᠴᠤᠤᠷᠢᠶᠠᠲᠤᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠬᠤ ᠬᠡᠷᠡᠭᠲᠡᠢ ᠭᠡᠵᠡᠢ᠃      ᠬᠠᠨ ᠵᠧᠩ᠂ ᠰᠦᠨ ᠴᠦᠨ ᠯᠠᠨ᠂ ᠬᠤ᠋ ᠴᠦᠨ ᠬᠤᠸᠠ᠂ ᠯᠢᠦ ᠾᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号