ᠲᠠᠷᠢᠶᠠᠴᠢᠳ ᠲᠠᠷᠪᠤᠰ ᠢᠶᠠᠨ ︽ᠭᠠᠶᠢᠬᠠᠭᠤᠯᠵᠤ︾ ᠡᠯᠪᠡᠭ ᠬᠤᠷᠢᠶᠠᠯᠲᠠ ᠪᠠᠨ ᠪᠡᠯᠭᠡᠯᠡᠯ᠎ᠡ
ᠨᠡᠶᠢᠲᠡᠯᠡᠭᠰᠡᠨ ᠴᠠᠭ᠄
2021/8/10
     ᠣᠶᠢᠷ᠎ᠠ ᠳᠤ᠂ ᠲᠣᠭᠲᠠᠬᠤ ᠰᠢᠶᠠᠨ ᠤ ᠶᠡᠭᠡ ᠬᠤᠨᠢ ᠶᠢᠨ ᠬᠤᠷᠢᠶ᠎ᠠ ᠲᠣᠰᠬᠤᠨ ᠠᠩᠬᠠᠳᠤᠭᠠᠷ ᠬᠤᠭᠤᠴᠠᠭᠠᠨ ᠤ ᠲᠠᠷᠪᠤᠰ ᠤᠨ ᠡᠯᠪᠡᠭ ᠬᠤᠷᠢᠶᠠᠯᠲᠠ ᠶᠢᠨ ᠨᠠᠶᠢᠷ ᠡᠷᠭᠢᠯᠡᠪᠡ᠃ ᠡᠯᠪᠡᠭ ᠬᠤᠷᠢᠶᠠᠯᠲᠠ ᠣᠯᠤᠭᠰᠠᠨ ᠲᠣᠰᠬᠤᠨ ᠤ ᠠᠷᠠᠳ ᠤᠳ ᠥᠪᠡᠷ ᠤᠨ ᠲᠠᠷᠢᠶᠠᠨ ᠠᠴᠠ ᠪᠠᠨ ᠰᠠᠶ᠋ᠢᠬᠠᠨ ᠲᠡᠭᠦᠭᠰᠡᠨ ᠲᠠᠷᠪᠤᠰ ᠢᠶᠠᠨ ᠭᠠᠷᠭᠠᠵᠤ᠂ ᠬᠡᠨ ᠤ ᠬᠢᠨᠢ ᠪᠦᠳᠦᠭᠦᠨ᠂ ᠬᠡᠨ ᠤ ᠬᠢᠨᠢ ᠠᠮᠲᠠᠲᠠᠶ᠂ ᠬᠡᠨ ᠤ ᠬᠢᠨᠢ ᠢᠳᠡᠬᠦ ᠳᠤ ᠠᠶᠠᠲᠠᠢ ᠶᠢ ᠠᠳᠠᠯᠢᠳᠬᠠᠵᠤ᠂ ᠲᠤᠬᠠᠶ ᠶᠢᠨ ᠲᠠᠯᠠᠪᠤᠷ ᠲᠤ ᠶᠡᠬᠡᠯᠡ ᠬᠥᠯ ᠬᠥᠭᠵᠢᠶᠡᠨ ᠪᠣᠯᠵᠤ ᠪᠠᠶᠢᠯ᠎ᠠ᠃ 2020 ᠣᠨ ᠤ 3 ᠳ᠋ᠤᠭᠠᠷ ᠰᠠᠷ᠎ᠠ ᠳᠤ᠂ ᠲᠣᠭᠲᠠᠬᠤ ᠰᠢᠶᠠᠨ ᠤ ᠱᠤᠸᠠᠩ ᠾᠧ ᠪᠠᠯᠭᠠᠰᠤᠨ ᠤ ᠶᠡᠭᠡ ᠬᠤᠨᠢ ᠶᠢᠨ ᠬᠤᠷᠢᠶ᠎ᠠ ᠲᠣᠰᠬᠤᠨ ᠳᠤ 6000 ᠮᠦ ᠥᠨᠳᠥᠷ ᠪᠠᠷᠢᠮᠵᠢᠶᠠᠲᠤ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ ᠲᠦᠷᠦᠯ ᠵᠦᠢᠯ ᠤᠨ ᠲᠠᠷᠢᠶ᠎ᠠ ᠶᠢ ᠪᠠᠶᠢᠭᠤᠯᠵᠠᠢ᠃ ᠲᠣᠰᠬᠤᠨ ᠤ ᠠᠷᠠᠳ ᠲᠠᠷᠪᠤᠰ᠂ ᠤᠯᠠᠭᠠᠨ ᠯᠤᠤᠪᠠᠩ᠂ ᠯᠠᠵᠤᠤ᠂ ᠲᠥᠮᠥᠰᠥ᠂ ᠡᠷᠳᠡᠨᠢ ᠰᠢᠰᠢ ᠵᠡᠷᠭᠡ ᠠᠵᠤ ᠠᠬᠤᠢ ᠶᠢᠨ ᠲᠠᠷᠢᠮᠠᠯ ᠢ ᠲᠤᠷᠰᠢᠨ ᠲᠠᠷᠢᠵᠦ᠂ ᠡᠨᠡ ᠵᠢᠯ ᠲᠠᠷᠪᠤᠰ ᠤᠨ ᠲᠠᠷᠢᠶ᠎ᠠ ᠨᠢ 300 ᠮᠦ ᠳᠤ ᠬᠦᠷᠴᠦ᠂ ᠤᠨᠠᠯᠲᠠ ᠨᠢ 20 ᠲᠦᠮᠡᠨ ᠵᠢᠩ ᠳᠤ ᠬᠦᠷᠴᠦ᠂ ᠦᠢᠯᠡᠳᠬᠦᠨ ᠤ ᠦᠷᠳᠡᠭ ᠨᠢ 100 ᠭᠠᠷᠤᠢ ᠲᠦᠮᠡᠨ ᠲᠥᠭᠦᠷᠢᠭ ᠲᠤ ᠬᠦᠷᠴᠦ᠂ ᠲᠠᠷᠢᠶᠠᠴᠢᠳ ᠡᠯᠪᠡᠭ ᠬᠤᠷᠢᠶᠠᠯᠲᠠ ᠣᠯᠵᠠᠢ᠃ ᠶᠡᠭᠡ ᠬᠤᠨᠢ ᠶᠢᠨ ᠬᠤᠷᠢᠶ᠎ᠠ ᠲᠣᠰᠬᠤᠨ ᠤ ᠲᠠᠷᠪᠤᠰ ᠨᠢ ᠪᠦᠳᠦᠭᠦᠨ᠂ ᠬᠠᠯᠢᠰᠤ ᠨᠢ ᠨᠢᠮᠭᠡᠨ᠂ ᠠᠮᠲᠠ ᠰᠠᠶᠢᠲᠠᠢ᠂ ᠵᠠᠬ᠎ᠠ ᠳᠡᠯᠭᠡᠭᠦᠷ ᠲᠤ ᠭᠠᠷᠤᠭᠰᠠᠨ ᠴᠠᠭ ᠨᠢ ᠡᠷᠲᠡ᠂ ᠥᠪᠡᠷᠮᠢᠴᠡ ᠴᠢᠨᠠᠷ ᠴᠢᠨᠰᠠᠭ᠎ᠠ ᠪᠠᠷ ᠢᠶᠠᠨ ᠵᠠᠬ᠎ᠠ ᠳᠡᠯᠭᠡᠭᠦᠷ ᠲᠤ ᠮᠡᠳᠡᠷᠡᠭᠳᠡᠵᠦ᠂ ᠨᠠᠭᠠᠰᠢ ᠴᠠᠭᠠᠰᠢ ᠵᠣᠷᠴᠢᠬᠤ ᠵᠤᠭᠠᠴᠠᠭᠰᠠᠳ ᠤᠨ ᠵᠠᠪᠠᠯ ᠬᠤᠳᠠᠯᠳᠤᠨ ᠠᠪᠬᠤ ᠰᠠᠶᠢᠨ ᠪᠦᠲᠦᠭᠡᠭᠳᠡᠬᠦᠨ ᠪᠣᠯᠤᠭᠰᠠᠨ ᠪᠠᠶᠢᠨ᠎ᠠ᠂ ᠶᠡᠭᠡ ᠬᠤᠨᠢ ᠶᠢᠨ ᠬᠤᠷᠤᠭ᠎ᠠ ᠲᠣᠰᠬᠤᠨ ᠤ ᠠᠷᠠᠳ ᠴᠤ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠨᠢᠭᠡᠨ ᠰᠢᠨ᠎ᠡ ᠵᠠᠮ ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ᠃ ᠰᠤᠷᠪᠤᠯᠵᠢᠯᠠᠭᠴᠢ ᠮᠢᠶᠥᠥ ᠴᠢᠩ ᠴᠢᠮᠡᠭᠡᠯᠡᠭᠴᠢ ᠥᠷᠭᠡᠨ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号