ᠪᠦᠬᠦ ᠰᠢᠶᠠᠨ ᠢᠶᠠᠷ ᠢᠶᠠᠨ ᠭᠤᠣᠯ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠲᠤᠬᠠᠶ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2021/8/11
                     ᠦᠴᠦᠸᠠᠨ ᠵᠠᠰᠠᠭ ᠵᠠᠷᠯᠠᠯ ᠦᠰᠦᠭ ﹇2020﹈ 12 ᠳ᠋ᠤᠭᠠᠷ ᠲᠣᠭᠠᠲᠤ      ᠭᠤᠤᠯ ᠤᠨ ᠵᠠᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠢᠷᠭᠡᠳ ᠤᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠠᠰᠢᠭ ᠲᠤᠰᠠ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠰᠢᠶᠠᠨ ᠤ ᠬᠢᠯᠢ ᠳᠣᠲᠣᠷᠠᠬᠢ ᠭᠤᠤᠯ ᠪᠣᠯᠬᠤ ᠦᠶᠡᠷ ᠵᠠᠯᠠᠬᠤ ᠭᠤᠤᠯ ᠤᠨ ᠵᠠᠮ ᠪᠠ ᠨᠠᠭᠤᠷ ᠲᠣᠭᠤᠷᠢᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠨ ᠲᠣᠭᠲᠠᠭᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      1. ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠬᠠᠰᠢᠯᠭ᠎ᠠ ᠬᠦᠷᠢᠶᠡᠯᠡᠬᠦ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠠᠭᠠᠵᠠᠯᠠᠨ᠎ᠠ︔ ᠭᠤᠣᠯ ᠬᠠᠰᠢᠵᠤ ᠵᠢᠭᠠᠰᠤ ᠠᠩᠨᠠᠬᠤ ᠪᠠᠭᠠᠵᠢ ᠬᠡᠷᠡᠭᠰᠡᠯ ᠪᠠᠶᠢᠷᠢᠯᠠᠭᠤᠯᠬᠤ᠂ ᠬᠦᠳᠡᠷ ᠤᠨ ᠰᠢᠭᠠᠷᠤ᠂ ᠴᠢᠯᠠᠭᠤᠨ ᠰᠢᠭᠠᠷᠤ᠂ ᠨᠡᠭᠦᠷᠡᠰᠦᠨ ᠤ ᠦᠨᠡᠰᠦ᠂ ᠰᠢᠪᠠᠷ ᠰᠢᠷᠣᠶ᠂ ᠬᠤᠭ ᠨᠣᠪᠰᠢ ᠵᠡᠷᠭᠡ ᠶᠢ ᠬᠠᠶᠠᠬᠤ ᠶᠢ ᠴᠠᠭᠠᠵᠠᠯᠠᠨ᠎ᠠ︔ ᠭᠤᠣᠯᠳᠠᠯᠭ᠎ᠠ ᠲᠠᠢ ᠣᠷᠣᠨ ᠤ ᠳᠣᠲᠣᠷ᠎ᠠ ᠥᠨᠳᠥᠷ ᠡᠰᠢᠲᠦ ᠲᠠᠷᠢᠮᠠᠯ᠂ ᠬᠤᠯᠤᠰᠤ᠂ ᠬᠠᠷᠮᠠᠭ ᠪᠤᠷᠭᠠᠰᠤ᠂ ᠴᠠᠭᠠᠨ ᠲᠦᠯᠡᠭᠡ ᠪᠠ ᠮᠣᠳᠣ ︵ᠬᠠᠰᠢᠯᠭ᠎ᠠ ᠬᠠᠰᠢᠯᠭ᠎ᠠ ᠶᠢᠨ ᠤᠢ ᠪᠠᠭᠲᠠᠬᠤ ᠥᠭᠡᠢ︶ ᠲᠠᠷᠢᠬᠤ ᠶᠢ ᠴᠠᠭᠠᠵᠠᠯᠠᠨ᠎ᠠ᠃      2. ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ᠂ ᠤᠰᠤᠨ ᠴᠣᠭᠴᠠ ᠶᠢ ᠪᠣᠬᠢᠷᠲᠤᠭᠤᠯᠤᠭᠰᠠᠨ ᠪᠣᠳᠠᠰ ᠢ ᠣᠪᠣᠭᠠᠯᠠᠬᠤ᠂ ᠴᠢᠳᠬᠤᠬᠤ᠂ ᠪᠤᠯᠠᠬᠤ᠂ ᠭᠠᠳᠠᠭᠰᠢᠯᠠᠭᠤᠯᠬᠤ ᠶᠢ ᠴᠠᠭᠠᠵᠠᠯᠠᠨ᠎ᠠ᠃ ᠲᠤᠰᠦᠠ ᠤ ᠵᠦᠢᠯ ᠪᠤᠶᠤ ᠬᠤᠣᠷᠲᠠᠢ ᠪᠣᠬᠢᠷᠲᠤᠭᠤᠯᠬᠤ ᠪᠣᠳᠠᠰ ᠢ ᠰᠠᠪᠠᠯᠠᠵᠤ ᠬᠠᠳᠠᠭᠠᠯᠠᠵᠤ ᠥᠩᠭᠡᠷᠡᠭᠰᠡᠨ ᠲᠡᠷᠭᠡ ᠬᠥᠰᠬᠡ᠂ ᠰᠡᠪᠡ ᠬᠡᠷᠡᠭᠰᠡᠯ ᠢ ᠭᠤᠣᠯ ᠤᠨ ᠵᠡᠮ ᠳᠤ ᠤᠬᠢᠶᠠᠵᠤ ᠴᠡᠪᠡᠷᠯᠡᠬᠦ ᠶᠢ ᠴᠠᠭᠠᠵᠠᠯᠠᠨ᠎ᠠ᠃      3. ᠬᠠᠰᠢᠯᠭ᠎ᠠ ᠳᠠᠯᠠᠩ ᠪᠠ ᠬᠠᠰᠢᠯᠭ᠎ᠠ ᠬᠠᠮᠠᠭᠠᠯᠠᠬᠤ ᠭᠠᠵᠠᠷ ᠲᠤ ᠭᠡᠷ ᠪᠠᠷᠢᠬᠤ᠂ ᠮᠠᠯ ᠬᠠᠷᠢᠭᠤᠯᠬᠤ᠂ ᠰᠤᠪᠠᠭ ᠮᠠᠯᠲᠠᠬᠤ᠂ ᠬᠤᠳᠳᠤᠭ ᠮᠠᠯᠲᠠᠬᠤ᠂ ᠵᠣᠭᠤᠷᠢ ᠮᠠᠯᠲᠠᠬᠤ᠂ ᠪᠤᠯᠠᠰᠢ ᠪᠤᠯᠠᠰᠢᠯᠠᠬᠤ᠂ ᠠᠮᠤ ᠪᠤᠳᠠᠭ᠎ᠠ ᠡᠭᠡᠭᠡᠬᠦ᠂ ᠡᠳ᠋ ᠮᠠᠲ᠋ᠧᠷᠢᠶᠠᠯ ᠬᠠᠳᠠᠭᠠᠯᠠᠬᠤ᠂ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠵᠢᠴᠢ ᠴᠤᠭᠯᠠᠭ᠎ᠠ ᠮᠠᠶᠢᠮᠠᠶ ᠶᠢᠨ ᠠᠵᠢᠯᠯᠠᠭ᠎ᠠ ᠥᠷᠨᠢᠭᠦᠯᠬᠦ ᠶᠢ ᠴᠠᠭᠠᠵᠠᠯᠠᠨ᠎ᠠ︔ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠬᠠᠰᠢᠯᠭ᠎ᠠ ᠲᠡᠯᠡᠩ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠶᠢ ᠴᠠᠭᠠᠵᠠᠯᠠᠨ᠎ᠠ᠃      4. ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠵᠥᠪᠰᠢᠶᠡᠷᠡᠯ ᠥᠬᠡᠶ ᠪᠠᠷ ᠡᠯᠡᠰᠦ ᠮᠠᠯᠲᠠᠬᠤ᠂ ᠰᠢᠷᠣᠶ ᠠᠪᠬᠤ᠂ ᠠᠯᠲᠠ ᠲᠤᠩᠭᠠᠬᠤ᠂ ᠬᠠᠶᠢᠷ ᠴᠢᠯᠠᠭᠤ ᠪᠤᠶᠤ ᠯᠠᠭ ᠰᠢᠪᠠᠷ ᠬᠠᠶᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠦᠭᠡᠢ ᠪᠠᠷ ᠭᠤᠣᠯ ᠤᠨ ᠵᠠᠮ ᠲᠠᠩ ᠭᠠᠵᠠᠷ ᠲᠤ ᠭᠠᠵᠠᠷ ᠳᠣᠣᠷᠠᠬᠢ ᠡᠬᠢ ᠪᠠᠶᠠᠯᠢᠭ ᠢ ᠨᠡᠭᠡᠭᠡᠨ ᠮᠠᠯᠲᠠᠬᠤ ᠪᠠ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠯ ᠦᠭᠡᠢ ᠪᠠᠷ ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠨ᠎ᠠ᠃       5. ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠳᠡᠭᠡᠷ᠎ᠡ ᠳᠤᠷᠠᠳᠤᠭᠰᠠᠨ ᠲᠣᠭᠲᠠᠭᠠᠯ ᠢ ᠵᠥᠷᠢᠴᠡᠭᠰᠡᠨ ᠪᠠᠶᠢᠪᠠᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠬᠠᠤᠯᠢ ᠲᠣᠭᠲᠠᠭᠠᠯ ᠢ ᠦᠨᠳᠦᠰᠦᠯᠡᠨ᠂ ᠲᠤᠬᠠᠶ ᠶᠢᠨ ᠬᠥᠮᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠠᠭᠠᠯᠳᠤᠭᠤᠯᠤᠯ᠄ ᠦᠴᠤᠸᠠᠨ ᠰᠢᠶᠠᠨ ᠤ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠤᠨ ᠬᠦᠰᠦᠨᠦᠭᠲᠦ                       ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                         2021 ᠣᠨ ᠤ 8 ᠰᠠᠷ᠎ᠠ ᠶᠢᠨ 4 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号