ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/14
ᠥᠷᠭᠡᠨ ᠣᠯᠠᠨ ᠬᠤᠲᠠ ᠶᠢᠨ ᠠᠷᠠᠳ ᠲᠤ᠄     ᠣᠳᠣᠬᠠᠨ ᠳᠤ ᠪᠦᠬᠦ ᠳᠡᠯᠡᠬᠡᠢ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠵᠦ᠂ ᠪᠦᠬᠦ ᠤᠯᠤᠰ ᠤᠨ ᠤᠯᠠᠨ ᠭᠠᠵᠠᠷ ᠲᠤ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠭᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠸᠠᠺᠼᠢᠨ ᠤ ᠲᠠᠷᠢᠯᠭ᠎ᠠ ᠪᠣᠯ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠪᠠᠶᠢᠭᠤᠯᠵᠤ᠂ ᠬᠢᠵᠢᠭ ᠤᠨ ᠦᠷᠪᠢᠰᠤᠨ ᠳᠡᠯᠭᠡᠷᠡᠬᠦ ᠶᠢ ᠬᠤᠷᠢᠭᠯᠠᠬᠤ ᠬᠠᠮᠤᠭ ᠤᠨ ᠬᠢᠮᠳᠠ᠂ ᠬᠠᠮᠤᠭ ᠤᠨ ᠲᠦᠷᠭᠡᠨ ᠪᠥᠭᠡᠳ ᠬᠠᠮᠤᠭ ᠤᠨ ᠪᠦᠳᠦᠮᠵᠢᠳᠡᠢ ᠠᠷᠭ᠎ᠠ ᠬᠡᠮᠵᠢᠶ᠎ᠡ ᠪᠤᠯᠤᠨ᠎ᠡ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠦᠨᠡᠨᠬᠦ ᠴᠢᠩᠭᠠᠳᠬᠠᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠳᠤᠳᠬᠠᠬᠤ ᠶᠢᠨ ᠲᠥᠯᠥᠭᠡ᠂ ᠣᠲᠣ ᠥᠷᠭᠡᠨ ᠣᠯᠠᠨ ᠬᠤᠲᠠ ᠶᠢᠨ ᠠᠷᠠᠳ ᠲᠤ ᠳᠤᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄     ᠨᠢᠭᠡ᠂ ᠭᠦᠭᠡᠬᠤᠳᠡ ᠳᠤ ᠠᠵᠢᠯᠯᠠᠵᠤ ᠠᠮᠢᠳᠤᠷᠠᠵᠤ ᠪᠠᠶᠢᠭ᠎ᠠ᠂ ᠪᠦᠬᠦᠯᠢ 12 ᠨᠠᠰᠤ ︵ᠡᠷᠦᠬᠡ ᠠᠮᠠ ᠶᠢᠨ ᠬᠢᠵᠠᠭᠠᠷ ᠥᠬᠡᠶ︶ ᠭᠦᠷᠦᠭᠰᠡᠨ ᠪᠥᠭᠡᠳ ᠸᠠᠺᠼᠢᠨ ᠤ ᠲᠠᠷᠢᠯᠭ᠎ᠠ ᠶᠢᠨ ᠴᠡᠬᠡᠷ ᠲᠠᠢ ᠡᠪᠡᠳᠴᠢᠨ ᠥᠬᠡᠶ ᠬᠥᠮᠦᠨ ᠪᠦᠬᠦᠨ ᠠᠯᠢ ᠲᠦᠷᠭᠡᠨ ᠢᠶᠠᠷ ᠲᠠᠷᠢᠯᠭ᠎ᠠ ᠬᠢᠨ᠎ᠡ᠃     ᠬᠤᠶᠠᠷ᠂ ᠪᠥᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠲᠦᠷᠦᠭᠦᠯᠡᠨ ᠳᠠᠷᠢᠵᠤ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠬᠡᠷ ᠤᠨ ᠬᠥᠮᠦᠰ ᠨᠠᠶᠢᠵᠠ ᠨᠥᠬᠦᠳ᠂ ᠨᠡᠶᠢᠭᠡᠮ ᠲᠣᠭᠤᠷᠢᠭ ᠤᠨ ᠣᠯᠠᠨ ᠲᠦᠮᠡᠨ ᠢ ᠳᠠᠶᠢᠴᠢᠯᠠᠨ ᠰᠠᠨᠠᠭᠠᠴᠢᠯᠠᠭ᠎ᠠ ᠠᠴᠠ ᠪᠠᠨ ᠳᠠᠷᠢᠭᠤᠯᠬᠤ ᠬᠡᠷᠡᠭᠲᠡᠶ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠪᠠᠷᠢᠯᠭ᠎ᠠ ᠶᠢᠨ ᠭᠠᠵᠠᠷ᠂ ᠬᠤᠪᠢ ᠶᠢᠨ ᠡᠵᠡᠩᠨᠡᠯᠳᠡ ᠶᠢᠨ ᠠᠵᠢᠯᠳᠡᠳ ᠲᠠᠷᠢᠯᠭ᠎ᠠ ᠬᠢᠭᠰᠡᠨ ᠲᠤᠬᠠᠢ ᠶᠢᠨ ᠡᠳᠤᠷ ᠢᠶᠠᠨ ᠨᠢᠭᠡ ᠡᠳᠦᠷ ᠠᠮᠠᠷᠠᠵᠤ ᠪᠣᠯᠤᠨ᠎ᠠ᠃     ᠭᠤᠷᠪᠠ᠂ ᠲᠠᠷᠢᠯᠭ᠎ᠠ ᠶᠢᠨ ᠬᠠᠮᠢᠶ᠎ᠠ ᠪᠦᠬᠦᠢ ᠲᠦᠷᠢᠮ ᠲᠤᠭᠳᠠᠭᠠᠯ ᠢ ᠴᠢᠩᠭ᠎ᠠ ᠵᠢᠷᠤᠮᠯᠠᠵᠤ᠂ ᠨᠢᠭᠡᠳᠦᠭᠡᠷ ᠵᠡᠭᠦᠦ ᠪᠠᠨ ᠲᠠᠷᠢᠬᠰᠡᠨ ᠤ ᠳᠠᠷᠠᠭ᠎ᠠ ᠴᠠᠭ ᠬᠤᠭᠤᠴᠠᠭᠠᠨ ᠤ ᠱᠠᠭᠠᠷᠳᠠᠯᠭ᠎ᠠ ᠶᠣᠰᠣᠭᠠᠷ ᠪᠦᠬᠦ ᠶᠠᠪᠤᠴᠠ ᠶᠢᠨ ᠲᠠᠷᠢᠯᠭ᠎ᠠ ᠶᠢ ᠪᠡᠶᠡᠯᠡᠭᠦᠯᠤᠨ᠎ᠡ᠃ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠡᠮᠵᠢᠭᠤᠯᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠳᠤᠷ ᠬᠢᠨ᠎ᠡ᠃     ᠳᠥᠷᠪᠡ᠂ ᠣᠶᠢᠷ᠎ᠠ ᠳᠤ ᠦᠷᠪᠢᠰᠤᠨ ᠳᠡᠯᠭᠡᠷᠡᠵᠦ ᠪᠠᠶᠢᠭ᠎ᠠ ᠳ᠋ᠧᠯᠲ᠋ᠠ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠥᠨᠳᠥᠷ᠂ ᠬᠠᠯᠳᠠᠪᠤᠷᠢᠯᠠᠬᠤ ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠨᠣᠷᠮ᠎ᠠ ᠨᠢ ᠥᠨᠳᠥᠷ ᠪᠤᠯᠬᠤᠷ ᠬᠦᠢᠲᠡᠨ ᠬᠡᠯᠬᠢᠶ᠎ᠡ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ᠂ ᠬᠡᠦᠬᠡᠳ ᠤᠨ ᠴᠡᠴᠡᠷᠯᠢᠭ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠰᠤ ᠴᠠᠬᠢᠯᠭᠠᠨ ᠰᠢᠳᠠᠮᠠᠬᠠᠢ ᠭᠡᠢ᠂ ᠵᠣᠴᠢᠳ ᠤᠨ ᠪᠠᠭᠤᠳᠠᠯ᠂ ᠰᠦᠯᠵᠢᠶᠡᠨ ᠪᠠᠭᠠᠷ᠂ KTV᠂ ᠺᠢᠨᠣ᠋ ᠶᠢᠨ ᠤᠷᠳᠤᠨ ᠵᠡᠷᠭᠡ ᠠᠵᠢᠯ ᠲᠥᠷᠥᠯ ᠤᠨ ᠠᠵᠢᠯᠳᠡᠳ ᠲᠠᠷᠢᠯᠭ᠎ᠠ ᠬᠢᠯᠭᠡᠭᠰᠡᠨ ᠤ ᠲᠠᠷᠠᠭ᠎ᠠ ᠠᠵᠢᠯ ᠤᠨ ᠪᠠᠶᠢᠷᠢ ᠳᠤ ᠭᠠᠷᠬᠤ ᠭᠡᠷᠡᠭᠳᠡᠢ᠃     ᠲᠠᠪᠤ᠂ ᠰᠢᠨ᠎ᠡ ᠲᠢᠲᠢᠮᠯᠢᠭ ᠸᠢᠷᠦ᠋ᠰ ᠢᠯᠠᠩᠭᠤᠶ᠎ᠠ ᠳ᠋ᠧᠯᠲ᠋ᠠ ᠸᠢᠷᠦ᠋ᠰ ᠤᠨ ᠲᠠᠮᠵᠢᠭᠤᠯᠭ᠎ᠠ ᠶᠢ ᠬᠤᠷᠢᠭᠯᠠᠵᠤ ᠰᠡᠷᠭᠡᠶᠢᠯᠡᠭᠦ ᠶᠢᠨ ᠲᠦᠯᠦᠭᠡ᠂ ᠸᠠᠺᠼᠢᠨ ᠳᠠᠷᠢᠭᠤᠯᠤᠭᠰᠠᠨ ᠥᠬᠡᠶ ᠬᠥᠮᠦᠰ ᠭᠠᠵᠠᠷ ᠳᠤᠤᠷᠠᠬᠢ ᠲᠡᠮᠦᠷ ᠵᠠᠮ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ ᠵᠡᠷᠭᠡ ᠳᠤ ᠰᠠᠭᠤᠬᠤ ᠦᠭᠡᠢ᠂ ᠴᠢᠬᠤᠯᠠ ᠱᠠᠭᠠᠷᠳᠠᠯᠭ᠎ᠠ ᠦᠭᠡᠢ ᠪᠤᠯ ᠦᠵᠡᠮᠵᠢ ᠶᠢᠨ ᠣᠷᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠦᠬᠡᠳ ᠤᠨ ᠴᠡᠴᠡᠷᠯᠢᠭ᠂ ᠰᠤᠷᠭᠠᠭᠤᠯᠢ ︵ᠬᠡᠦᠬᠡᠳ ᠤᠨ ᠴᠡᠴᠡᠷᠯᠢᠭ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠪᠠᠭᠲᠠᠨ᠎ᠠ︶᠂ ᠰᠣᠶᠣᠯ ᠵᠤᠭ᠎ᠠ ᠴᠡᠩᠭᠡᠯ ᠤᠨ ᠲᠠᠯᠠᠪᠤᠷ ︵ᠰᠣᠶᠣᠯ ᠤᠨ ᠣᠷᠳᠣᠨ᠂ ᠮᠦᠽᠧᠶ᠂ ᠨᠣᠮ ᠤᠨ ᠰᠠᠩ᠂ ᠤᠷᠠᠯᠢᠭ ᠤᠨ ᠣᠷᠳᠣᠨ᠂ ᠺᠢᠨᠣ᠋ ᠶᠢᠨ ᠣᠷᠳᠣᠨ᠂ ᠠᠷᠢᠬᠢᠨ ᠮᠤᠬᠤᠯᠠᠭ᠂ ᠰᠦᠯᠵᠢᠶᠡᠨ ᠤ ᠪᠠᠭᠠᠷ ᠪᠠᠭᠲᠠᠨ᠎ᠠ︶ ᠢᠶᠠᠷ ᠣᠷᠣᠵᠤ ᠭᠠᠷᠬᠤ ᠥᠬᠡᠶ ᠪᠠᠶᠢᠬᠤ ᠶᠢ ᠰᠠᠨᠠᠭᠠᠴᠢᠯᠠᠪᠠ᠃     ᠵᠢᠷᠭᠤᠭ᠎ᠠ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠴᠤ ᠥᠷᠭᠡᠨ ᠣᠯᠠᠨ ᠬᠤᠲᠠ ᠶᠢᠨ ᠠᠷᠠᠳ ︽ᠠᠮᠠᠪᠴᠢ ᠵᠡᠭᠦᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠤ᠂ ᠴᠤᠭᠯᠠᠷᠠᠬᠤ ᠦᠭᠡᠢ︾ ᠱᠠᠭᠠᠷᠳᠠᠯᠭ᠎ᠠ ᠶᠤᠰᠤᠭᠠᠷ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠵᠤ᠂ ᠬᠤᠪᠢ ᠬᠦᠮᠤᠨ ᠪᠣᠯᠤᠨ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠪᠡᠯ ᠵᠤᠬᠢᠨ᠎ᠡ᠃                   ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠤᠯ ᠤᠨ                   ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠤᠨ ᠵᠢᠯᠣᠭᠤᠳᠬᠤ ᠲᠦᠪ                           2021 ᠤᠨ ᠤ 8 ᠰᠠᠷ᠎ᠡ ᠶᠢᠨ 10 ᠤ ᠡᠳᠤᠷ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号