︽ᠳ᠋ᠧᠯᠲ᠋ᠠ︾ ᠶᠢ ᠲᠠᠨᠢᠵᠤ ᠲᠡᠭᠦᠨ ᠢ ᠡᠷᠲᠡᠬᠡᠨ ᠢᠯᠠᠶ᠎ᠡ︕
ᠨᠡᠶᠢᠲᠡᠯᠡᠭᠰᠡᠨ ᠴᠠᠭ᠄
2021/8/14
    ᠨᠢᠭᠡ᠂ ︽ᠳ᠋ᠧᠯᠲ᠋ᠠ︾ ᠤᠨᠳᠤᠤᠰᠢᠭᠰᠠᠨ ᠸᠢᠷᠦ᠋ᠰ ᠨᠢ ᠶᠠᠮᠠᠷ ᠣᠨᠴᠠᠯᠢᠭ ᠲᠠᠢ ᠪᠣᠶ︖     ᠳ᠋ᠧᠯᠲ᠋ᠠ ︵Delta︶ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠥᠨᠳᠥᠷ᠂ ᠬᠦᠮᠦᠨ ᠤ ᠪᠡᠶ᠎ᠠ ᠳᠠᠬᠢ ᠸᠢᠷᠦ᠋ᠰ ᠠᠴᠢᠶᠠᠯᠠᠬᠤ ᠬᠡᠮᠵᠢᠶ᠎ᠠ ᠨᠢ ᠡᠩ ᠤᠨ ᠸᠢᠷᠦ᠋ᠰ ᠤᠨ 100 ᠳᠠᠬᠢᠨ ᠪᠠᠶᠢᠵᠦ᠂ 0.6 ᠮᠧᠲᠷ ᠤᠨ ᠵᠠᠢ ᠳᠤ ᠬᠠᠯᠳᠠᠪᠤᠷᠢᠯᠠᠬᠤ ᠬᠤᠭᠤᠴᠠᠭ᠎ᠠ ᠨᠢ 5 ᠰᠧᠺᠦ᠋ᠨ᠋ᠳ᠋ ᠯᠡ ᠪᠠᠶᠢᠳᠠᠭ᠃ ᠠᠮᠢᠰᠬᠤᠵᠤ ᠭᠠᠷᠭᠠᠭᠰᠠᠨ ᠬᠡᠶ ᠪᠡᠶᠡᠲᠦ ᠶᠢᠨ ᠬᠤᠤᠷᠳᠦ ᠴᠢᠨᠠᠷ ᠨᠢ ᠶᠡᠭᠡ᠂ ᠬᠠᠯᠳᠠᠪᠤᠷᠢᠯᠠᠬᠤ ᠴᠢᠨᠠᠷ ᠨᠢ ᠮᠠᠰᠢ ᠴᠢᠩᠭ᠎ᠠ᠂ 1 ᠠᠴᠠ 3 ᠡᠳᠦᠷ ᠲᠤ ᠡᠪᠡᠳᠴᠢᠨ ᠡᠬᠦᠰᠭᠡᠳᠡᠭ᠂ ᠡᠮᠨᠡᠨ ᠵᠠᠰᠠᠬᠤ ᠴᠠᠭ ᠨᠢ ᠴᠤ ᠣᠷᠳᠣ ᠪᠠᠶᠢᠵᠦ ᠠᠮᠠᠷᠬᠠᠨ ᠬᠦᠨᠳᠦ ᠡᠪᠡᠳᠴᠢᠨ ᠪᠣᠯᠵᠣ ᠬᠥᠭᠵᠢᠳᠡᠭ᠃     ᠲᠠᠷᠬᠠᠬᠤ ᠲᠠᠯ᠎ᠠ ᠪᠠᠷ᠂ ︽ᠳ᠋ᠧᠯᠲ᠋ᠠ︾ ᠸᠢᠷᠦ᠋ᠰ ᠨᠡᠩ ᠴᠢᠩᠭ᠎ᠠ ᠪᠠᠶᠢᠳᠠᠭ᠃ ᠭᠤᠸᠠᠩᠵᠧᠦ ᠶᠢᠨ ᠬᠢᠵᠢᠭ ᠤᠨ ᠪᠠᠶᠢᠳᠠᠯ ᠤᠨ ᠳᠤᠮᠳᠠ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠤᠳᠤᠯᠤᠭᠴᠢ ᠹᠧᠩ ᠽᠢ ᠵᠢᠶᠠᠨ᠂ ︽ᠳ᠋ᠧᠯᠲ᠋ᠠ︾ ᠤᠨᠳᠤᠤᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠪᠠ ᠬᠠᠯᠳᠠᠪᠤᠷᠢᠯᠠᠬᠤ ᠴᠢᠳᠠᠪᠤᠷᠢ ᠢᠯᠡᠳᠲᠡ ᠴᠢᠩᠭᠠᠷᠠᠵᠤ᠂ ᠢᠯᠠᠩᠭᠤᠶ᠎ᠠ ᠨᠢᠭᠤᠭᠳᠠᠮᠠᠯ ᠬᠤᠭᠤᠴᠠᠭ᠎ᠠ ᠪᠤᠶᠤ ᠦᠶ᠎ᠡ ᠳᠠᠮᠵᠢᠭᠤᠯᠬᠤ ᠵᠠᠶ ᠨᠢ ᠪᠠᠭᠠᠰᠴᠤ᠂ ᠸᠢᠷᠦ᠋ᠰ ᠤᠨ ᠲᠠᠷᠬᠠᠬᠤ ᠬᠤᠷᠳᠤᠴᠠ ᠨᠢ ᠲᠦᠷᠭᠡᠳᠴᠦ ᠪᠠᠶᠢᠨ᠎ᠠ ᠭᠡᠵᠤ ᠢᠯᠡᠳᠭᠡᠪᠡ᠃ ᠬᠠᠯᠳᠠᠪᠤᠷᠢᠯᠠᠭᠰᠠᠳ ᠤᠨ ᠥᠯᠢᠭᠡᠷ ᠬᠡᠪ PCR ᠰᠢᠯᠭᠠᠨ ᠪᠠᠶᠢᠴᠠᠭᠠᠯᠲᠠ ᠶᠢᠨ ᠸᠢᠷᠦ᠋ᠰ ᠤᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠸᠢᠷᠦ᠋ᠰ ᠤᠨ ᠠᠴᠢᠶᠠᠯᠠᠬᠤ ᠬᠡᠮᠵᠢᠶ᠎ᠡ ᠢᠯᠡᠳᠲᠡ ᠨᠡᠮᠡᠭᠳᠡᠭᠰᠡᠨ ᠣᠨᠴᠠᠯᠢᠭ ᠲᠠᠢ᠃ ᠡᠨᠡ ᠬᠦ ᠤᠨᠳᠤᠤᠰᠢᠭᠰᠠᠨ ᠸᠢᠷᠦ᠋ᠰ ᠤᠨ ᠲᠠᠷᠬᠠᠬᠤ ᠴᠢᠳᠠᠪᠤᠷᠢ ᠨᠢ ᠥᠩᠭᠡᠷᠡᠭᠰᠡᠨ ᠤ ᠸᠢᠷᠦ᠋ᠰ ᠤᠨ ᠲᠠᠷᠬᠠᠬᠤ ᠴᠢᠳᠠᠪᠤᠷᠢ ᠠᠴᠠ 1 ᠳᠠᠬᠢᠨ ᠳᠡᠭᠡᠭᠰᠢᠯᠡᠵᠦ᠂ ᠠᠩᠭ᠍ᠯᠢ ᠠᠴᠠ ᠢᠯᠡᠷᠡᠭᠦᠯᠦᠭᠰᠡᠨ ᠸᠢᠷᠦ᠋ᠰ ᠤᠨ ᠲᠠᠷᠬᠠᠬᠤ ᠴᠢᠳᠠᠪᠤᠷᠢ ᠠᠴᠠ 40% ᠳᠡᠭᠡᠭᠰᠢᠯᠡᠵᠡᠶ᠃     ︽ᠳ᠋ᠧᠯᠲ᠋ᠠ︾ ᠳᠤ ᠬᠠᠯᠳᠠᠪᠤᠷᠢᠯᠠᠭᠳᠠᠭᠰᠠᠨ ᠤ ᠳᠠᠷᠠᠭ᠎ᠠ᠂ ᠡᠪᠡᠳᠴᠢᠲᠡᠨ ᠤ ᠪᠡᠶ᠎ᠡ ᠳᠠᠬᠢ ᠸᠢᠷᠦ᠋ᠰ ᠤᠨ ᠠᠴᠢᠶᠠᠯᠠᠬᠤ ᠬᠡᠮᠵᠢᠶ᠎ᠡ ᠨᠡᠯᠢᠶᠡᠳ ᠥᠨᠳᠥᠷ ᠪᠣᠯᠤᠨ᠎ᠠ᠃ ᠡᠭᠦᠨ ᠠᠴᠠ ᠡᠮᠦᠨᠡᠬᠢ ᠭᠤᠸᠠᠩᠵᠧᠦ ᠶᠢᠨ ᠬᠢᠵᠢᠭ ᠤᠨ ᠪᠠᠶᠢᠳᠠᠯ ᠳᠤ᠂ ᠡᠪᠡᠳᠴᠢᠲᠡᠨ ᠡᠪᠡᠳᠴᠢᠯᠡᠭᠰᠡᠨ ᠤ ᠳᠠᠷᠠᠭ᠎ᠠ ᠬᠦᠨᠳᠦ ᠡᠪᠡᠳᠴᠢᠲᠡᠨ ᠪᠣᠯᠵᠣ᠂ ᠬᠦᠨᠳᠦ ᠲᠦᠭᠰᠢᠭᠦᠷᠢᠲᠡᠶ ᠡᠪᠡᠳᠴᠢᠲᠡᠨ ᠪᠤᠯᠤᠭᠰᠡᠨ ᠬᠠᠷᠢᠴᠠᠯ ᠨᠢ ᠥᠩᠭᠡᠷᠡᠭᠰᠡᠨ ᠤ ᠬᠢ ᠠᠴᠠ ᠥᠨᠳᠥᠷ ᠪᠣᠯᠤᠭᠰᠠᠨ ᠪᠥᠭᠡᠳ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠶ ᠡᠪᠡᠳᠴᠢᠲᠡᠨ ᠪᠣᠯᠵᠣ ᠬᠤᠪᠢᠷᠬᠠᠰᠠᠨ ᠴᠠᠭ ᠨᠢ ᠤᠷᠢᠳᠴᠢᠯᠠᠭᠰᠠᠨ ᠪᠠᠶᠢᠨ᠎ᠠ᠃ ᠡᠪᠡᠳᠴᠢᠲᠡᠨ ᠤ CT ᠬᠡᠮᠵᠢᠭᠳᠡᠯ ᠨᠢ ᠮᠠᠰᠢ ᠳᠤᠤᠷ᠎ᠠ᠂ CT ᠬᠡᠮᠵᠢᠭᠳᠡᠯ ᠨᠢ ᠬᠡᠳᠦᠶ ᠳᠤᠤᠷ᠎ᠠ ᠪᠣᠯ ᠪᠡᠶ᠎ᠡ ᠶᠢᠨ ᠳᠣᠲᠣᠷᠠᠬᠢ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠲᠡᠳᠦᠶ ᠥᠨᠳᠥᠷ᠂ ᠡᠪᠡᠳᠴᠢᠲᠡᠨ ᠤ ᠪᠥᠭᠡᠮ ᠬᠦᠴᠢᠯ ᠨᠢ ᠪᠠᠶᠢᠴᠠᠭᠠᠯᠳᠠ ᠶᠢᠨ ᠳ᠋ᠦᠩ ᠨᠢ ᠪᠢᠯᠢᠭ ᠪᠣᠯᠬᠤ ᠳᠤ ᠬᠡᠷᠡᠭᠰᠡᠬᠦ ᠴᠠᠭ ᠨᠢ ᠤᠷᠳᠤᠰᠤᠨ᠎ᠠ᠃     ︽ᠳ᠋ᠧᠯᠲ᠋ᠠ︾ ᠸᠢᠷᠦ᠋ᠰ ᠨᠢ ᠦᠯᠦ ᠬᠠᠯᠳᠠᠭᠠᠯᠲᠠ ᠠᠴᠠ ᠵᠠᠶᠢᠯᠠᠵᠤ ᠮᠡᠳᠡᠬᠦ ᠪᠣᠯᠪᠠᠴᠤ ᠸᠠᠺᠼᠢᠨ ᠮᠥᠨᠴᠤ ᠬᠠᠮᠠᠭᠠᠯᠠᠬᠤ ᠦᠢᠯᠡᠳᠦᠯ ᠲᠠᠢ᠃ ᠡᠭᠦᠨ ᠤ ᠲᠤᠬᠠᠶ ᠹᠧᠩ ᠽᠢ ᠵᠢᠶᠠᠨ᠂ ᠣᠨᠣᠰᠢᠯᠠᠭᠳᠠᠭᠰᠠᠨ ᠡᠪᠡᠳᠴᠢᠲᠡᠨ ᠤ ᠳᠣᠲᠣᠷ᠎ᠠ ᠸᠠᠺᠼᠢᠨ ᠳᠠᠷᠢᠭᠤᠯᠤᠭᠰᠠᠨ ᠥᠬᠡᠶ ᠬᠥᠮᠦᠰ ᠤᠨ ᠬᠦᠨᠳᠦ ᠡᠪᠡᠳᠴᠢᠲᠡᠨ ᠪᠣᠯᠤᠭᠰᠠᠨ ᠬᠠᠷᠢᠴᠠᠯ ᠨᠢ ᠸᠠᠺᠼᠢᠨ ᠳᠠᠷᠢᠭᠤᠯᠤᠭᠰᠠᠨ ᠬᠥᠮᠦᠨ ᠠᠴᠠ ᠢᠯᠡᠳᠲᠡ ᠥᠨᠳᠥᠷ ᠪᠠᠶᠢᠵᠤ᠂ ᠸᠠᠺᠼᠢᠨ ᠰᠢᠨ᠎ᠡ ᠸᠢᠷᠦ᠋ᠰ ᠲᠤ ᠮᠥᠨ ᠯᠡ ᠬᠠᠮᠠᠭᠠᠯᠠᠬᠤ ᠦᠢᠯᠡᠳᠦᠯ ᠲᠠᠢ ᠶᠤᠮ ᠭᠡᠵᠡᠶ᠃ ᠡᠭᠦᠨ ᠠᠴᠠ ᠡᠮᠦᠨᠡᠬᠢ ᠰᠤᠳᠤᠯᠭᠠᠨ ᠳᠤ ᠬᠠᠷᠠᠭᠤᠯᠤᠬᠰᠡᠨ ᠢᠶᠠᠷ᠂ ᠸᠠᠺᠼᠢᠨ ᠤ ᠲᠠᠷᠢᠯᠭ᠎ᠠ ᠬᠢᠭᠰᠡᠨ ᠥᠬᠡᠶ ᠡᠪᠡᠳᠴᠢᠨ ᠤ ᠵᠢᠱᠢᠶ᠎ᠡ ᠲᠠᠢ ᠬᠠᠷᠢᠴᠠᠭᠤᠯᠪᠠᠯ᠂ ᠸᠠᠺᠼᠢᠨ ᠤ ᠲᠠᠷᠢᠯᠭ᠎ᠠ ᠬᠢᠭᠰᠡᠨ ᠡᠪᠡᠳᠴᠢᠨ ᠤ ᠵᠢᠱᠢᠶ᠎ᠡ ᠶᠢᠨ ᠣᠨᠣᠰᠢᠯᠠᠭᠰᠠᠨ ᠠᠴᠠ ᠠᠨᠲ᠋ᠢᠪᠤᠳᠢ ᠨᠢ ᠠᠷᠭ᠎ᠠ ᠴᠢᠨᠠᠷᠲᠠᠶ ᠪᠣᠯᠤᠭᠰᠠᠨ ᠴᠠᠭ ᠨᠢ ᠣᠬᠤᠷ᠂ CT ᠬᠡᠮᠵᠢᠭᠳᠡᠯ ᠨᠢ ᠥᠨᠳᠥᠷ᠂ ᠡᠮᠨᠡᠯᠭᠡ ᠳᠤ ᠰᠠᠭᠤᠭᠰᠠᠨ ᠴᠠᠭ ᠨᠢ ᠣᠬᠤᠷ ᠪᠠᠶᠢᠳᠠᠭ᠃     ᠬᠤᠶᠠᠷ᠂ ᠶᠠᠭᠤ ᠶᠢ ᠨᠢᠭᠲᠠ ᠦᠢᠷᠠᠳᠤᠬᠰᠡᠳ ᠭᠡᠬᠦ ᠪᠤᠢ︖     ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠤᠯᠤᠰ ᠤᠨ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ ᠵᠥᠩ ᠨᠠᠨ ᠱᠠᠨ᠂ ᠣᠲᠣ ᠶᠢᠨ ᠨᠢᠭᠲᠠ ᠣᠶᠢᠷᠠᠲᠤᠭᠰᠠᠳ ᠤᠨ ᠤᠬᠠᠭᠳᠠᠬᠤᠨ ᠪᠣᠯ ︽ᠢᠵᠢᠯᠢ ᠨᠢᠭᠡᠨ ᠣᠷᠣᠨ ᠵᠠᠶ᠂ ᠢᠵᠢᠯᠢ ᠨᠢᠭᠡᠨ ᠪᠠᠶᠢᠭᠤᠯᠭ᠎ᠠ ᠨᠢᠭᠡᠴᠢ᠂ ᠢᠵᠢᠯᠢ ᠨᠢᠭᠡᠨ ᠪᠠᠷᠢᠯᠭ᠎ᠠ᠂ ᠡᠪᠡᠳᠴᠢᠨ ᠡᠭᠦᠰᠬᠦ ᠠᠴᠠ ᠡᠮᠦᠨ᠎ᠡ ᠳᠥᠷᠪᠡᠨ ᠡᠳᠦᠷ᠂ ᠡᠪᠡᠳᠴᠢᠲᠡᠨ ᠲᠠᠢ ᠬᠠᠮᠳᠤ ᠪᠠᠶᠢᠪᠡᠯ︾ ᠴᠦᠮ ᠨᠢᠭᠲᠠ ᠣᠶᠢᠷᠠᠲᠤᠭᠰᠠᠳ ᠪᠣᠯᠤᠨ᠎ᠠ ᠬᠡᠵᠡᠢ᠃     ᠭᠤᠷᠪᠠ᠂ ︽ᠳ᠋ᠧᠯᠲ᠋ᠠ︾ ᠶᠢᠨ ᠤᠨᠳᠤᠤᠰᠢᠭᠰᠠᠨ ᠸᠢᠷᠦ᠋ᠰ ᠠᠴᠠ ᠬᠡᠷᠬᠢᠨ ᠰᠡᠷᠭᠡᠶᠢᠯᠡᠬᠦ ᠪᠣᠶ︖     · ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ     · ᠴᠢᠬᠤᠯᠡ ᠦᠭᠡᠢ ᠪᠤᠯ ᠡᠮᠨᠡᠯᠭᠡ ᠶᠢᠨ ᠬᠤᠷᠢᠶᠠᠨ ᠳᠤ ᠣᠴᠢᠬᠤ ᠦᠭᠡᠢ     · ᠡᠷᠲᠡᠬᠡᠨ ᠸᠠᠺᠼᠢᠨ ᠲᠠᠷᠢᠬᠤ     · ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ     · ᠭᠠᠳᠠᠭᠰᠢ ᠭᠠᠷᠬᠤ ᠪᠠᠨ ᠪᠠᠭᠠᠰᠬᠠᠵᠤ᠂ ᠨᠢᠭᠡ ᠮᠧᠲᠷ ᠤᠨ ᠱᠤᠭᠤᠮ ᠤᠨ ᠵᠠᠶ ᠶᠢ ᠪᠠᠲᠤᠯᠠᠨ᠎ᠠ     · ᠴᠤᠭᠯᠠᠷᠠᠬᠤ ᠦᠭᠡᠢ᠂ ᠬᠠᠮᠲᠤ ᠬᠤᠭᠤᠯᠠᠯᠠᠬᠤ ᠦᠭᠡᠢ     · ᠭᠠᠷ ᠢᠶᠠᠨ ᠦᠷᠭᠦᠯᠵᠢ ᠤᠬᠢᠶᠠᠵᠤ᠂ ᠰᠠᠯᠬᠢ ᠨᠡᠪᠲᠡᠷᠡᠭᠦᠯᠦᠨ᠎ᠡ     · ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢᠶᠠᠨ ᠪᠠᠲᠤᠯᠠᠨ᠎ᠠ᠄ ᠡᠷᠲᠡ ᠤᠨᠲᠠᠵᠤ ᠡᠷᠲᠡ ᠪᠣᠰᠬᠤ᠂ ᠵᠣᠬᠢᠰᠲᠠᠶ ᠬᠥᠳᠡᠯᠭᠡᠭᠡᠨ ᠬᠢᠬᠦ᠂ ᠰᠡᠳᠬᠢᠯ ᠰᠠᠨᠠᠭ᠎ᠠ ᠪᠠᠨ ᠲᠠᠶᠢᠪᠤᠩ ᠪᠠᠶᠢᠯᠭᠠᠬᠤ     · ᠲᠣᠰ ᠪᠡᠶ᠎ᠡ ᠶᠢᠨ ᠵᠢᠴᠢ ᠬᠡᠷ ᠤᠨ ᠬᠥᠮᠦᠰ ᠤᠨ ᠬᠢᠨᠢ ᠪᠡᠶ᠎ᠡ ᠮᠠᠬᠠᠪᠣᠳ ᠤᠨ ᠪᠠᠶᠢᠳᠠᠯ ᠢ ᠨᠢᠭᠲᠠ ᠠᠩᠬᠠᠷᠬᠤ ᠬᠡᠷᠡᠭᠲᠡᠶ᠂ ᠵᠢᠱᠢᠶᠡᠯᠡᠪᠡᠯ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ᠂ ᠠᠮᠠᠪᠴᠢ ᠵᠡᠭᠦᠵᠦ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠡᠮᠨᠡᠭᠦᠯᠬᠦ ᠬᠡᠷᠡᠭᠲᠡᠶ᠂ ᠥᠪᠡᠷ ᠢᠶᠠᠨ ᠡᠮ ᠬᠡᠷᠡᠭᠯᠡᠵᠦ ᠪᠣᠯᠬᠤ ᠥᠬᠡᠶ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号